ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠣᠯᠠᠨ ᠤᠯᠤᠰ ᠤᠨ ᠪᠠᠯᠠ ᠣᠷᠣᠭᠤᠯᠤᠯᠲᠠ ᠶᠢ ᠠᠬᠢᠭᠤᠯᠬᠤ ᠬᠤᠷᠠᠯ ᠡᠮ ᠡᠮᠨᠡᠯᠭᠡ ᠶᠢᠨ ᠬᠠᠪᠰᠤᠷᠤᠨ ᠲᠡᠳᠬᠦᠬᠦ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ  ᠪᠦ᠋ ᠰᠢᠶᠤᠤ ᠯᠢᠨ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ
ᠨᠡᠶᠢᠲᠡᠯᠡᠭᠰᠡᠨ ᠴᠠᠭ᠄
2021/7/30

      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠣᠯᠠᠨ ᠤᠯᠤᠰ ᠤᠨ ᠪᠠᠯᠠ ᠣᠷᠣᠭᠤᠯᠤᠯᠲᠠ ᠶᠢ ᠠᠬᠢᠭᠤᠯᠬᠤ ᠬᠤᠷᠠᠯ ᠪᠡᠭᠡᠵᠢᠩ ᠳᠤ ᠡᠮ ᠡᠮᠨᠡᠯᠭᠡ ᠶᠢᠨ ᠬᠠᠪᠰᠤᠷᠤᠨ ᠲᠡᠳᠬᠦᠬᠦ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃


自治区政府与中国国际投资促进会签署医疗帮扶项目合作协议.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠳᠡᠳ᠋ ᠲᠡᠷᠢᠭᠦᠯᠡᠭᠴᠢ ᠭᠦᠩ ᠵᠢᠶᠠᠨ ᠮᠢᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ᠂ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠡᠷᠢᠭᠦᠨ ᠰᠤᠳᠤᠯᠤᠭᠴᠢ ᠯᠢᠨ ᠬᠤᠩ ᠱᠧᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ᠂ ᠳᠤᠮᠳᠠᠳᠤ ᠤᠯᠤᠰ ᠤᠨ ᠣᠯᠠᠨ ᠤᠯᠤᠰ ᠤᠨ ᠪᠠᠯᠠ ᠣᠷᠣᠭᠤᠯᠤᠯᠲᠠ ᠶᠢ ᠠᠬᠢᠭᠤᠯᠬᠤ ᠬᠤᠷᠠᠯ ᠤᠨ ᠳᠠᠷᠤᠭ᠎ᠠ ᠳ᠋ᠢ ᠰᠧᠨ ᠬᠤᠶᠠᠷ ᠲᠠᠯ᠎ᠠ ᠶᠢ ᠲᠥᠯᠥᠭᠡᠯᠡᠨ ᠭᠠᠷ ᠤᠨ ᠥᠰᠥᠭ ᠵᠢᠷᠤᠪᠠ᠃
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ ᠤᠨ ᠣᠯᠠᠨ ᠤᠯᠤᠰ ᠤᠨ ᠪᠠᠯᠠ ᠣᠷᠣᠭᠤᠯᠤᠯᠲᠠ ᠶᠢ ᠠᠬᠢᠭᠤᠯᠬᠤ ᠬᠤᠷᠠᠯ ᠯᠤᠭ᠎ᠠ ᠡᠮ ᠡᠮᠨᠡᠯᠭᠡ ᠶᠢᠨ ᠬᠠᠪᠰᠤᠷᠤᠨ ᠲᠡᠳᠬᠦᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠨᠢ ᠴᠢᠨᠠᠷ ᠰᠠᠶᠢᠲᠠᠶ ᠡᠮ ᠡᠮᠨᠡᠯᠭᠡ ᠶᠢᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠷᠡᠭᠦᠯ ᠡᠩᠬᠡ ᠥᠪᠥᠷ ᠮᠣᠩᠭᠤᠯ ᠢ ᠲᠦᠷᠭᠡᠳᠬᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
      ᠵᠥᠪᠯᠡᠯᠴᠡᠭᠡᠷ ᠢ ᠦᠨᠳᠦᠰᠦᠯᠡᠪᠡᠯ᠂ ᠳᠤᠮᠳᠠᠳᠤ ᠤᠯᠤᠰ ᠤᠨ ᠣᠯᠠᠨ ᠤᠯᠤᠰ ᠤᠨ ᠪᠠᠯᠠ ᠣᠷᠣᠭᠤᠯᠤᠯᠲᠠ ᠶᠢ ᠠᠬᠢᠭᠤᠯᠬᠤ ᠬᠤᠷᠠᠯ ᠨᠢ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠬᠯᠠᠨ᠂ ᠲᠤᠷᠰᠢᠯᠲᠠ ᠶᠢᠨ ᠴᠡᠭ ᠤᠨ ᠬᠠᠪᠰᠤᠷᠤᠨ ᠲᠡᠳᠬᠦᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠳᠤ ︽ᠬᠦᠨᠳᠦ ᠡᠪᠡᠳᠴᠢᠨ ᠢ ᠰᠢᠶᠠᠨ ᠠᠴᠠ ᠭᠠᠷᠭᠠᠬᠤ ᠥᠬᠡᠶ — ᠨᠡᠬᠦᠳᠡᠯ ᠡᠮᠨᠡᠯᠭᠡ ᠶᠢᠨ ᠬᠤᠷᠢᠶ᠎ᠠ︾ ᠶᠢᠨ ᠡᠮ ᠡᠮᠨᠡᠯᠭᠡ ᠡᠷᠡᠭᠦᠯ ᠬᠠᠮᠠᠭᠠᠯᠠᠯ ᠢᠶᠠᠷ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠥᠪᠥᠷ ᠮᠣᠩᠭᠤᠯ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠤᠯᠤᠨ᠎ᠠ᠃ ᠣᠳᠣᠬᠠᠨ ᠳᠤ᠂ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠪᠣᠯᠤᠨ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤ ᠵᠡᠷᠬᠡ ᠭᠤᠷᠪᠠᠨ ᠬᠤᠰᠢᠭᠤ ᠰᠢᠶᠠᠨ ᠳᠤ ᠲᠥᠷᠥᠯ ᠵᠦᠢᠯ ᠤᠨ ᠲᠤᠷᠰᠢᠯᠲᠠ ᠶᠢᠨ ᠴᠡᠭ ᠤᠨ ᠠᠵᠢᠯ ᠥᠷᠨᠢᠭᠦᠯᠬᠦ ᠪᠠᠷ ᠨᠢᠭᠡᠨᠲᠡ ᠲᠣᠭᠲᠠᠪᠠ︔ ᠬᠢᠲᠠᠳ ᠡᠮ ᠡᠮᠨᠡᠯᠭᠡ ᠶᠢᠨ ᠬᠠᠪᠤᠳᠠᠷ ᠢ ᠵᠢᠷᠤᠮᠵᠢᠭᠤᠯᠤᠨ ᠣᠨᠣᠰᠢᠯᠠᠨ ᠡᠮᠨᠡᠬᠦ ᠰᠠᠭᠤᠷᠢᠨ ᠪᠠᠶᠢᠭᠤᠯᠬᠤ ᠶᠢ ᠳᠡᠮᠵᠢᠬᠦ ᠪᠠᠷ ᠳᠠᠮᠵᠢᠭᠤᠯᠤᠨ᠂ ᠥᠪᠥᠷ ᠮᠣᠩᠭᠤᠯ ᠤᠨ ᠬᠢᠲᠠᠳ ᠡᠮ ᠡᠮᠨᠡᠯᠭᠡ ᠪᠠᠷ ᠬᠠᠪᠤᠳᠠᠷ ᠢ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠪ ᠤᠨ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ︽ᠢᠨᠲ᠋ᠧᠷ ᠰᠦᠯᠵᠢᠶ᠎ᠡ + ᠡᠷᠡᠭᠦᠯ ᠮᠡᠨᠳᠦ︾ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃
      ᠡᠸᠤ ᠶᠠᠩ ᠰᠢᠶᠤᠤ ᠬᠤᠶ᠂ ᠳ᠋ᠢ ᠰᠧᠨ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠲᠣᠰ ᠲᠣᠰ ᠪᠠᠶᠠᠷ ᠤᠨ ᠦᠭᠡ ᠬᠡᠯᠡᠪᠡ᠃ ᠳᠤᠮᠳᠠᠳᠤ ᠤᠯᠤᠰ ᠤᠨ ᠣᠯᠠᠨ ᠤᠯᠤᠰ ᠤᠨ ᠪᠠᠯᠠ ᠣᠷᠣᠭᠤᠯᠤᠯᠲᠠ ᠶᠢ ᠠᠬᠢᠭᠤᠯᠬᠤ ᠬᠤᠷᠠᠯ᠂ ᠳᠤᠮᠳᠠᠳᠤ ᠤᠯᠤᠰ ᠤᠨ ᠠᠩᠬᠠᠨ ᠤ ᠱᠠᠳᠤᠨ ᠤ ᠡᠷᠡᠭᠦᠯ ᠬᠠᠮᠠᠭᠠᠯᠠᠯ ᠡᠷᠡᠭᠦᠯᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠲᠤᠷᠰᠢᠯᠲᠠ ᠶᠢᠨ ᠴᠡᠭ ᠦᠷᠨᠢᠬᠦᠯᠬᠦ ᠬᠤᠰᠢᠭᠤ ᠰᠢᠶᠠᠨ ᠪᠣᠯᠤᠨ ᠪᠠᠶᠢᠭ᠎ᠠ ᠠᠶᠢᠮᠠᠭ ᠬᠤᠲᠠ ᠶᠢᠨ ᠬᠠᠷᠢᠭᠤᠴᠠᠯᠭᠠᠲᠠᠨ ᠨᠠᠷ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ