ᠪᠦ᠋ ᠰᠢᠶᠣᠣ ᠯᠢᠨ ᠬᠥᠬᠡᠬᠤᠲᠠ ᠳᠤ ᠠᠶᠤᠯᠭᠦᠢ ᠦᠢᠯᠡᠳᠪᠦᠷᠢᠯᠡᠯ ᠵᠢᠴᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/7/5

      7 ᠰᠠᠷ᠎ᠠ ᠶᠢᠨ 3 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠬᠥᠬᠡᠬᠤᠲᠠ ᠳᠤ ᠬᠦᠷᠴᠦ ᠠᠶᠤᠯᠭᠦᠢ ᠦᠢᠯᠡᠳᠪᠦᠷᠢᠯᠡᠯ ᠵᠢᠴᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠵᠢᠯᠣᠭᠤᠳᠪᠠ᠃

      ᠪᠦ᠋ ᠰᠢᠶᠣᠣ ᠯᠢᠨ ᠬᠥᠬᠡᠬᠤᠲᠠ ᠶᠢᠨ ᠰᠢᠲᠠᠮᠠᠬᠠᠢ ᠬᠡᠢ ᠬᠠᠩᠭᠠᠬᠤ ᠭᠤᠣᠯᠳᠠᠯᠭ᠎ᠠ ᠲᠠᠢ ᠠᠵᠤ ᠠᠬᠤᠶᠢᠯᠠᠯ᠂ ᠰᠢᠨᠡᠳᠬᠡᠨ ᠵᠠᠰᠠᠵᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠢ ᠶᠢᠨ ᠭᠠᠵᠠᠷ ᠤᠨ ᠺᠠᠳ᠋ᠷ ᠠᠵᠢᠯᠲᠠᠨ ᠲᠠᠢ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠠᠬᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃

1.jpg


      7 ᠰᠠᠷ᠎ᠠ ᠶᠢᠨ 3 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠬᠥᠬᠡᠬᠤᠲᠠ ᠶᠢᠨ ᠵᠥᠩ ᠷᠠᠨ ᠬᠤᠲᠠ ᠶᠢᠨ ᠰᠢᠲᠠᠮᠠᠬᠠᠢ ᠬᠡᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ᠂ ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠰᠢᠲᠠᠮᠠᠬᠠᠢ ᠬᠡᠢ ᠬᠠᠩᠭᠠᠵᠤ ᠪᠠᠶᠢᠭ᠎ᠠ ᠪᠠᠶᠢᠳᠠᠯ᠂ ᠬᠤᠭᠤᠯᠠᠢ ᠲᠣᠣᠷ ᠤᠨ ᠭᠤᠭᠤᠵᠢᠯ ᠴᠡᠭ ᠢ ᠬᠢᠨᠠᠨ ᠡᠵᠡᠮᠳᠡᠵᠦ ᠪᠠᠶᠢᠭ᠎ᠠ ᠪᠠᠶᠢᠳᠠᠯ ᠢ ᠣᠶᠢᠯᠠᠭᠠᠪᠠ

      ᠬᠥᠬᠡᠬᠤᠲᠠ ᠶᠢᠨ ᠬᠠᠷᠢᠶ᠎ᠠ ᠲᠣᠭᠤᠷᠢᠭ ᠲᠤ ᠬᠠᠮᠤᠭ ᠤᠨ ᠶᠡᠭᠡ ᠰᠢᠲᠠᠮᠠᠬᠠᠢ ᠬᠡᠢ ᠶᠢᠨ ᠬᠠᠩᠭᠠᠬᠤ ᠺᠣᠮᠫᠠᠨᠢ ᠪᠣᠯᠬᠤ ᠬᠥᠬᠡᠬᠤᠲᠠ ᠶᠢᠨ ᠵᠥᠩ ᠷᠠᠨ ᠬᠤᠲᠠ ᠶᠢᠨ ᠰᠢᠲᠠᠮᠠᠬᠠᠢ ᠬᠡᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠳᠤ᠂ ᠪᠦ᠋ ᠰᠢᠶᠣᠣ ᠯᠢᠨ ᠬᠥᠬᠡᠬᠤᠲᠠ ᠶᠢᠨ ᠠᠶᠤᠯᠭᠦᠢ ᠦᠢᠯᠡᠳᠪᠦᠷᠢᠯᠡᠯ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠥᠩ ᠷᠠᠨ ᠬᠤᠲᠠ ᠶᠢᠨ ᠰᠢᠲᠠᠮᠠᠬᠠᠢ ᠬᠡᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠦᠢᠯᠡᠳᠪᠦᠷᠢᠯᠡᠯ ᠲᠣᠬᠢᠷᠠᠭᠤᠯᠬᠤ ᠰᠢᠰᠲ᠋ᠧᠮ ᠤᠨ ᠲᠠᠪᠴᠠᠩ ᠢᠶᠠᠷ ᠳᠠᠮᠵᠢᠭᠤᠯᠤᠨ᠂ ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠰᠢᠲᠠᠮᠠᠬᠠᠢ ᠬᠡᠢ ᠬᠠᠩᠭᠠᠵᠤ ᠪᠠᠶᠢᠭ᠎ᠠ ᠪᠠᠶᠢᠳᠠᠯ᠂ ᠬᠤᠭᠤᠯᠠᠢ ᠲᠣᠣᠷ ᠤᠨ ᠭᠤᠭᠤᠵᠢᠯ ᠴᠡᠭ ᠢ ᠬᠢᠨᠠᠨ ᠡᠵᠡᠮᠳᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠵᠠᠪᠠᠯ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠥᠩ ᠷᠠᠨ ᠬᠤᠲᠠ ᠶᠢᠨ ᠰᠢᠲᠠᠮᠠᠬᠠᠢ ᠬᠡᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢ ᠡᠩ ᠤᠨ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠨ ᠴᠢᠩᠭᠠᠳᠬᠠᠵᠤ᠂ ᠭᠡᠨᠡᠳᠲᠡ ᠶᠢᠨ ᠠᠳᠡᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃

2.jpg


      7 ᠰᠠᠷ᠎ᠠ ᠶᠢᠨ 3 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠦᠸᠠᠢ ᠹᠦ᠋ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠲᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨᠡᠳᠬᠡᠨ ᠵᠠᠰᠠᠬᠤ ᠢᠨᠵᠧᠨᠧᠷᠢᠩ ᠤᠨ ᠠᠬᠢᠴᠠ ᠶᠢ ᠪᠠᠶᠢᠴᠠᠭᠠᠨ ᠰᠤᠳᠤᠯᠵᠤ᠂ ᠰᠢᠲᠠᠮᠠᠬᠠᠢ ᠬᠡᠢ ᠶᠢᠨ ᠭᠤᠤᠷᠰᠤ ᠬᠤᠭᠤᠯᠠᠢ ᠶᠢ ᠰᠢᠨᠡᠳᠬᠡᠨ ᠵᠠᠰᠠᠭᠰᠠᠨ ᠪᠠᠶᠢᠳᠠᠯ ᠢ ᠲᠤᠬᠠᠢ ᠭᠠᠵᠠᠷ ᠲᠤᠨᠢ ᠪᠠᠶᠢᠴᠠᠭᠠᠨ ᠦᠵᠡᠪᠡ᠃

      ᠰᠠᠶᠢᠬᠠᠨ ᠲᠣᠭᠤᠷᠢᠭ ᠤᠨ ᠰᠢᠦᠸᠠᠢ ᠹᠦ᠋ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠲᠤ᠂ ᠪᠦ᠋ ᠰᠢᠶᠣᠣ ᠯᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨᠡᠳᠬᠡᠨ ᠵᠠᠰᠠᠬᠤ ᠢᠨᠵᠧᠨᠧᠷᠢᠩ ᠤᠨ ᠠᠬᠢᠴᠠ ᠶᠢ ᠪᠠᠶᠢᠴᠠᠭᠠᠨ ᠰᠤᠳᠤᠯᠵᠤ᠂ ᠰᠢᠲᠠᠮᠠᠬᠠᠢ ᠬᠡᠢ ᠶᠢᠨ ᠭᠤᠤᠷᠰᠤ ᠬᠤᠭᠤᠯᠠᠢ ᠶᠢ ᠰᠢᠨᠡᠳᠬᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠤᠰ ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠢ ᠬᠡᠢ ᠶᠢᠨ ᠭᠤᠤᠷᠰᠤ ᠬᠤᠭᠤᠯᠠᠢ ᠶᠢ ᠰᠢᠨᠡᠳᠬᠡᠨ ᠵᠠᠰᠠᠬᠤ ᠠᠵᠢᠯ ᠨᠢ 363 ᠠᠰᠠᠷ ᠤᠨ 1500 ᠭᠠᠷᠤᠢ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠲᠠᠢ ᠬᠤᠯᠪᠣᠭᠳᠠᠵᠤ᠂ ᠣᠳᠣ ᠶᠠᠭ ᠡᠷᠦᠬᠡ ᠳᠤ ᠣᠷᠣᠭᠤᠯᠬᠤ ᠬᠤᠭᠤᠯᠠᠢ ᠶᠢ ᠵᠠᠯᠭᠠᠵᠤ ᠪᠠᠶᠢᠨ᠎ᠠ᠃ ᠪᠦ᠋ ᠰᠢᠶᠣᠣ ᠯᠢᠨ ᠲᠤᠬᠠᠢ ᠶᠢᠨ ᠲᠠᠯᠠᠪᠠᠢ ᠶᠢᠨ ᠬᠥᠮᠥᠰ ᠠᠴᠠ ᠰᠢᠲᠠᠮᠠᠬᠠᠢ ᠬᠡᠢ ᠵᠡᠷᠭᠡ ᠭᠠᠵᠠᠷ ᠳᠣᠣᠷᠠᠬᠢ ᠭᠤᠤᠷᠰᠤ ᠬᠤᠭᠤᠯᠠᠢ ᠶᠢᠨ ᠪᠠᠷᠢᠯᠭ᠎ᠠ ᠶᠢᠨ ᠠᠬᠢᠴᠠ ᠶᠢ ᠣᠶᠢᠯᠠᠭᠠᠵᠤ᠂ ᠪᠠᠷᠢᠯᠭ᠎ᠠ ᠶᠢᠨ ᠶᠠᠪᠤᠴᠠ ᠳᠤ ᠠᠮᠤᠷ ᠲᠦᠪᠰᠢᠨ ᠢ ᠵᠠᠪᠠᠯ ᠪᠠᠲᠤᠯᠠᠬᠤ ᠬᠡᠷᠡᠭᠲᠡᠢ ᠭᠡᠵᠦ ᠵᠠᠬᠢᠪᠠ᠃

      ᠪᠦ᠋ ᠰᠢᠶᠣᠣ ᠯᠢᠨ᠂ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ ᠶᠤᠮ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭᠠᠯᠠᠬᠤ ᠬᠡᠷᠡᠭᠲᠡᠢ ᠭᠡᠵᠦ ᠴᠢᠩᠭᠠᠳᠬᠠᠪᠠ᠃ ᠬᠤᠪᠧᠢ ᠮᠤᠵᠢ ᠶᠢᠨ ᠱᠢ ᠶᠠᠨ ᠬᠤᠲᠠ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠵᠡᠷᠭᠡ ᠣᠶᠢᠷ᠎ᠠ ᠶᠢᠨ ᠬᠤᠭᠤᠴᠠᠭᠠᠨ ᠳᠤ ᠡᠯ᠎ᠡ ᠭᠠᠵᠠᠷ ᠲᠤ ᠭᠠᠷᠤᠭᠰᠠᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠪᠦᠬᠦ ᠲᠠᠯ᠎ᠠ ᠪᠠᠷ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠰᠢᠲᠠᠮᠠᠬᠠᠢ ᠬᠡᠢ ᠶᠢᠨ ᠬᠠᠭᠤᠴᠢᠨ ᠭᠤᠤᠷᠰᠤ ᠬᠤᠭᠤᠯᠠᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠰᠢᠨᠡᠳᠬᠡᠨ ᠵᠠᠰᠠᠬᠤ ᠲᠠᠢ ᠤᠶᠠᠯᠳᠤᠭᠤᠯᠤᠨ ᠠᠮᠤᠷ ᠲᠦᠪᠰᠢᠨ ᠤ ᠭᠡᠮ ᠰᠣᠭᠤᠭ ᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠠᠷᠢᠶᠠᠨ ᠳᠠᠬᠢ ᠭᠤᠤᠷᠰᠤ ᠬᠤᠭᠤᠯᠠᠢ ᠶᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠳᠠᠯᠳᠠ ᠭᠡᠮ ᠰᠣᠭᠤᠭ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠰᠢᠲᠠᠮᠠᠬᠠᠢ ᠬᠡᠢ ᠶᠢᠨ ᠬᠢᠨᠠᠨ ᠡᠵᠡᠮᠳᠡᠬᠦ ᠲᠥᠪ ᠤᠨ ᠰᠦᠯᠵᠢᠶᠡᠨ ᠳᠡᠭᠡᠷᠡᠬᠢ ᠬᠠᠮᠢᠶᠠᠷᠤᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠨ ᠪᠠᠶᠢᠴᠠᠭᠠᠵᠤ ᠰᠡᠷᠡᠮᠵᠢᠯᠡᠭᠦᠯᠬᠦ ᠶᠢ ᠴᠢᠩᠭᠠᠳᠬᠠᠨ᠂ ᠰᠢᠲᠠᠮᠠᠬᠠᠢ ᠬᠡᠢ ᠬᠠᠩᠭᠠᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠥᠵᠢᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ ᠨᠡᠮᠡᠭᠳᠡᠭᠦᠯᠵᠦ᠂ ᠨᠡᠶᠢᠲᠡ ᠣᠯᠠᠨ ᠤ ᠪᠠᠴᠢᠮ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠵᠢᠯᠣᠭᠤᠳᠬᠤ ᠳᠤ ᠣᠷᠣᠯᠴᠠᠵᠠᠢ᠃ 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ