ᠤᠯᠠᠭᠠᠨᠬᠠᠳᠠ ᠶᠢᠨ ᠳ᠋ᠦᠩ ᠯᠢ ᠢᠮᠠᠭᠠᠨ ᠤ ᠨᠤᠤᠯᠤᠭᠤᠷ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠳᠤ 2020 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠣᠯᠭᠤᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠳᠡᠷᠡᠭᠦᠯᠬᠡ
ᠨᠡᠶᠢᠲᠡᠯᠡᠭᠰᠡᠨ ᠴᠠᠭ᠄
2021/7/5
                                          ᠥᠪᠥᠷ ᠵᠠᠰᠠᠭ ᠥᠰᠦᠭ ﹇2021﹈ 51 ᠳ᠋ᠦ᠋ᠭᠡᠷ ᠲᠣᠭᠠᠲᠤ           ᠤᠯᠠᠭᠠᠨᠬᠠᠳᠠ ᠶᠢᠨ ᠳ᠋ᠦᠩ ᠯᠢ ᠢᠮᠠᠭᠠᠨ ᠤ ᠨᠤᠤᠯᠤᠭᠤᠷ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 5           ᠠᠵᠤ ᠠᠬᠤᠶᠢᠯᠠᠯ ᠳᠤ 2020 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ          ᠣᠯᠭᠤᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠳᠡᠷᠡᠭᠦᠯᠬᠡᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠶᠠᠰᠤ ᠴᠢᠨᠠᠷ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠡᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠪᠦᠬᠦ ᠣᠷᠣᠨ ᠤ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠵᠢᠭᠠᠨ ᠵᠢᠯᠣᠭᠤᠳᠴᠤ ᠤᠷᠮᠠᠰᠢᠭᠤᠯᠤᠨ᠂ ᠭᠠᠷᠮᠠᠭᠠᠶ ᠠᠮᠵᠢᠯᠲᠠ ᠪᠦᠲᠦᠮᠵᠢ ᠣᠯᠬᠤ ᠶᠢ ᠬᠥᠭᠡᠭᠡᠴᠡᠯᠳᠦᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠲᠤᠰᠬᠠᠶ ᠠᠵᠢᠯ ᠤᠨ ᠳᠤᠭᠤᠶᠢᠯᠠᠩ ᠤᠨ ᠬᠢᠨᠠᠨ ᠲᠣᠭᠲᠠᠭᠠᠯᠲᠠ ᠪᠠᠷ ᠳᠡᠮᠵᠢᠨ᠂ ᠤᠯᠠᠭᠠᠨᠬᠠᠳᠠ ᠶᠢᠨ ᠳ᠋ᠦᠩ ᠯᠢ ᠢᠮᠠᠭᠠᠨ ᠤ ᠨᠤᠤᠯᠤᠭᠤᠷ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠳᠤ 2020 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ︾ ᠣᠯᠭᠤᠬᠤ ᠪᠠᠷ ᠲᠣᠭᠲᠠᠪᠠ᠃      ᠱᠠᠩᠨᠠᠯ ᠣᠯᠤᠭᠰᠠᠨ ᠠᠵᠤ ᠠᠬᠤᠶᠢᠯᠠᠯ ᠤᠳ ᠢᠷᠠᠭᠤ ᠠᠯᠳᠠᠷ ᠢᠶᠠᠨ ᠨᠠᠨᠳᠢᠩᠨᠠᠨ᠂ ᠦᠷᠭᠦᠯᠵᠢᠯᠡᠨ ᠴᠢᠷᠮᠠᠶᠢᠵᠤ᠂ ᠶᠠᠰᠤ ᠴᠢᠨᠠᠷ ᠤᠨ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠦᠢᠯᠡᠳᠦᠯ ᠢ ᠪᠠᠨ ᠭᠦᠢᠴᠡᠳ ᠪᠠᠳᠠᠷᠠᠭᠤᠯᠤᠨ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ ᠳᠠᠬᠢᠨ ᠰᠢᠨ᠎ᠡ ᠭᠠᠪᠢᠶ᠎ᠠ ᠵᠢᠳᠭᠦᠯ ᠪᠠᠶᠢᠭᠤᠯᠬᠤ ᠶᠢ ᠬᠦᠰᠡᠵᠦ ᠪᠠᠶᠢᠨ᠎ᠠ᠃ ᠪᠥᠬᠦ ᠣᠷᠣᠨ ᠤ ᠥᠷᠭᠡᠨ ᠣᠯᠠᠨ ᠠᠵᠤ ᠠᠬᠤᠶᠢᠯᠠᠯ ᠨᠢ ᠱᠠᠩᠨᠠᠯ ᠣᠯᠤᠭᠰᠠᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠲᠤᠷᠰᠢᠯᠭ᠎ᠠ ᠶᠢ ᠬᠢᠨᠠᠮᠠᠭᠠᠶ ᠰᠤᠷᠤᠯᠴᠠᠨ ᠲᠣᠯᠢ ᠪᠣᠯᠭᠠᠵᠤ᠂ ᠶᠠᠰᠤ ᠴᠢᠨᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠶᠠᠰᠤ ᠴᠢᠨᠠᠷ ᠤᠨ ᠦᠨᠡᠨᠴᠢ ᠢᠲᠡᠭᠡᠮᠵᠢ ᠶᠢ ᠴᠢᠩᠭ᠎ᠠ ᠰᠠᠬᠢᠵᠤ᠂ ᠶᠠᠰᠤ ᠴᠢᠨᠠᠷ ᠤᠨ ᠠᠮᠤᠷ ᠲᠦᠪᠰᠢᠨ ᠢ ᠪᠥᠬᠦ ᠲᠠᠯ᠎ᠠ ᠪᠠᠷ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠢ ᠭᠦᠨᠵᠡᠭᠡᠶ ᠦᠷᠨᠢᠭᠦᠯᠦᠨ᠂ ᠭᠠᠷᠮᠠᠭᠠᠶ ᠠᠮᠵᠢᠯᠲᠠ ᠪᠦᠲᠦᠮᠵᠢ ᠣᠯᠬᠤ ᠶᠢ ᠬᠥᠭᠡᠭᠡᠴᠡᠯᠳᠦᠬᠦ᠂ ᠶᠠᠰᠤ ᠴᠢᠨᠠᠷ ᠢ ᠡᠷᠬᠢᠮᠯᠡᠬᠦ ᠶᠢ ᠪᠥᠬᠦ ᠨᠡᠶᠢᠭᠡᠮ ᠤᠨ ᠥᠷᠲᠡᠭ ᠤᠨ ᠤᠳᠤᠷᠢᠳᠤᠮᠵᠢ ᠪᠠ ᠴᠠᠭ ᠦᠶ᠎ᠡ ᠶᠢᠨ ᠵᠣᠷᠢᠭ ᠰᠠᠨᠠᠭ᠎ᠠ ᠪᠣᠯᠭᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ᠃      ᠳᠠᠭᠠᠯᠳᠤᠭᠤᠯᠤᠯ᠄ 2020 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ︾ ᠭᠥᠷᠳᠡᠭᠰᠡᠨ ᠠᠵᠤ ᠠᠬᠤᠶᠢᠯᠠᠯ ᠤᠨ ᠨᠡᠷᠡᠰ                                                                  2021 ᠣᠨ ᠤ 6 ᠳ᠋ᠤᠭᠠᠷ ᠰᠠᠷ᠎ᠠ ᠶᠢᠨ 11 ᠤ ᠡᠳᠦᠷ                                                                  ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠳᠠᠭᠠᠯᠳᠤᠭᠤᠯᠤᠯ      2020 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ︾ ᠭᠦᠷᠲᠡᠭᠰᠡᠨ ᠠᠵᠤ ᠠᠬᠤᠶᠢᠯᠠᠯ ᠤᠨ ᠨᠡᠷᠡᠰ      ᠤᠯᠠᠭᠠᠨᠬᠠᠳᠠ ᠶᠢᠨ ᠳ᠋ᠦᠩ ᠯᠢ ᠢᠮᠠᠭᠠᠨ ᠤ ᠨᠤᠤᠯᠤᠭᠤᠷ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ      ᠪᠤᠭᠤᠲᠤ ᠶᠢᠨ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ      ᠥᠪᠥᠷ ᠮᠣᠩᠭᠤᠯ ᠤᠨ ᠾᠧᠩ ᠹᠧᠩ ᠪᠦᠯᠦᠭᠯᠡᠯ ᠤᠨ ᠶᠢᠨ ᠯᠢᠶᠠᠩ ᠭᠤᠯᠢᠷ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠪᠤᠭᠤᠲᠤ ᠬᠤᠲᠠ ᠶᠢᠨ ᠰᠠᠶᠢᠪᠸᠢ ᠮᠠᠰᠢᠨ ᠲᠥᠬᠦᠭᠡᠷᠦᠮᠵᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ      ᠰᠢᠯᠢ ᠶᠢᠨ ᠭᠤᠣᠯ ᠠᠶᠢᠮᠠᠭ ᠤᠨ ᠶᠠᠩ ᠶᠠᠩ ᠮᠠᠯ ᠠᠵᠤ ᠠᠬᠤᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ