ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠤᠯᠠᠮ  ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ ᠢ ᠲᠠᠷᠣᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/7/7
         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                              ᠦᠪᠦᠷ ᠵᠠᠰᠠᠭ ᠠᠯᠪᠠᠨ ᠲᠠᠷᠬᠠᠭᠠᠨᠨᠰᠠᠨ ﹇2021﹈ 2 ᠳ᠋ᠤᠭᠠᠷ ᠲᠤᠭᠠᠳᠤ                   ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠤᠯᠠᠮ  ᠨᠢᠭᠡ ᠠᠯᠬᠤᠮ                   ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ ᠢ ᠲᠠᠷᠣᠮᠠᠯᠯᠠᠨ ᠶᠠᠪᠤᠭᠤᠯᠬᠤ  ᠲᠤᠬᠠᠢ ᠦᠪᠦᠷ ᠮᠤᠩᠭᠤᠯ ᠤᠨ                   ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠬᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                             2021 ᠣᠨ ᠤ 1 ᠳ᠋ᠣᠬᠡᠷ ᠰᠠᠷ᠎ᠠ ᠶᠢᠨ 8 ᠤ ᠡᠳᠦᠷ                                                                             ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                                                                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ                                     ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠤᠯᠠᠮ                                     ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ      ︽ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠡᠨ ᠤ ᠰᠠᠨᠠᠯ︾ ︵ᠲᠥᠷᠥ ᠲᠠᠷᠬᠠᠭᠠᠭᠰᠠᠨ ﹇2020﹈ 14 ᠳ᠋ᠣᠬᠡᠷ ᠲᠣᠭᠠᠲᠤ︶ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠭᠦᠢᠰᠦ ᠵᠠᠩᠬᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠮᠠᠨ ᠤ ᠣᠷᠣᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠤᠯᠠᠮ ᠨᠢᠭᠡ ᠠᠯᠬᠤᠮ ᠠᠬᠢᠭᠤᠯᠤᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠦ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠨᠨᠳᠠᠷᠠᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠪᠦᠲᠦᠮᠵᠢᠲᠡᠶ ᠲᠡᠬᠡᠭᠰᠢᠯᠡᠬᠦᠯᠦᠨ᠂ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠦᠨ᠎ᠡ᠃ ᠣᠯᠠᠨ ᠲᠠᠰ ᠲᠠᠪᠬᠤᠷᠭᠠᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠨᠨᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠭᠤᠳ ᠪᠠᠯᠠ ᠳᠣᠭᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠥᠲᠥᠯᠦᠨ ᠲᠠᠭᠠᠭᠤᠯᠬᠤ ᠦᠢᠯᠡᠳᠦᠯ ᠢ ᠴᠢᠩᠭᠠᠷᠠᠭᠤᠯᠵᠤ᠂ ᠠᠵᠤ ᠦᠢᠯᠡᠰ ᠪᠠ ᠮᠥᠩᠭᠦᠨ ᠭᠦᠢᠯᠭᠡᠭᠡᠨ ᠤ ᠤᠶᠠᠯᠳᠤᠯ ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠭᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠨ᠎ᠡ᠃      ᠬᠤᠶᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠵᠢᠷᠤᠮᠵᠢᠭᠤᠨ ᠭᠦᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ      ︵ᠨᠢᠭᠡ︶ ᠺᠣᠮᠫᠠᠨᠢ ᠶᠢᠨ ᠵᠠᠰᠠᠯᠲᠠ ᠪᠠ ᠳᠣᠲᠣᠭᠠᠳᠤ ᠡᠵᠡᠮᠰᠢᠯ ᠢ ᠵᠢᠷᠤᠮᠵᠢᠭᠤᠯᠤᠨ᠎ᠠ᠃ ︽ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠵᠠᠰᠠᠬᠤ ᠲᠦᠷᠢᠮ︾ ︵ᠲᠡᠮᠳᠡᠭᠲᠦ ᠬᠢᠨᠠᠯᠲᠠ ᠲᠠᠷᠬᠠᠭᠠᠭᠰᠠᠨ ﹇2020﹈ 1 ᠳ᠋ᠣᠬᠡᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠲᠤᠰᠠᠭᠠᠷ ᠴᠢᠨᠠᠷ ᠢ ᠬᠠᠮᠠᠭᠠᠯᠠᠵᠤ᠂ ᠬᠤᠪᠢᠴᠠᠭᠠᠳᠠᠨ ᠤ ᠵᠦᠪᠯᠡᠯ᠂ ᠬᠡᠷᠡᠭ ᠮᠡᠳᠡᠭᠴᠢᠳ ᠤᠨ ᠵᠦᠪᠯᠡᠯ᠂ ᠬᠢᠨᠠᠭᠴᠢᠳ ᠤᠨ ᠵᠥᠪᠯᠡᠯ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠥᠪ ᠲᠠᠯ᠎ᠠ ᠠᠴᠠ ᠬᠥᠲᠥᠯᠥᠨ ᠵᠢᠯᠣᠭᠤᠳᠬᠤ ᠪᠠ ᠡᠰᠡᠷᠭᠦ ᠲᠠᠯ᠎ᠠ ᠠᠴᠠ ᠨᠢ ᠰᠡᠷᠡᠮᠵᠢᠯᠡᠭᠦᠯᠬᠦ ᠪᠠᠷ ᠳᠠᠮᠵᠢᠭᠤᠯᠤᠨ᠂ ᠬᠤᠪᠢ ᠡᠵᠡᠮᠰᠢᠭᠰᠡᠨ ᠬᠤᠪᠢᠴᠠᠭᠠᠳᠠᠨ᠂ ᠪᠣᠳᠠᠲᠠᠶ ᠡᠵᠡᠮᠰᠢᠭᠴᠢ᠂ ᠬᠡᠷᠡᠭ ᠮᠡᠳᠡᠭᠴᠢ᠂ ᠬᠢᠨᠠᠭᠴᠢ ᠪᠠ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠲᠠᠨ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠠᠤᠯᠢ ᠰᠠᠬᠢᠵᠤ ᠦᠨᠡᠨᠴᠢ ᠢᠲᠡᠭᠡᠮᠵᠢᠲᠡᠶ ᠪᠠᠶᠢᠬᠤ ᠪᠠ ᠡᠭᠦᠷᠭᠡ ᠬᠠᠷᠢᠭᠤᠴᠠᠯᠭ᠎ᠠ ᠪᠠᠨ ᠵᠢᠷᠤᠮᠵᠢᠭᠤᠨ ᠭᠦᠢᠴᠡᠳᠭᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠎ᠡ᠃ ᠺᠣᠮᠫᠠᠨᠢ ᠶᠢ ᠵᠠᠰᠠᠬᠤ ᠲᠤᠰᠬᠠᠶ ᠠᠵᠢᠯᠯᠠᠭᠠᠨ ᠢ ᠥᠷᠨᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠳᠤ᠂ ᠤᠯᠤᠰ ᠤᠨ ᠥᠮᠴᠢᠯᠡᠯᠲᠦ ᠬᠤᠪᠢᠴᠠᠭ᠎ᠠ ᠶᠢ ᠡᠵᠡᠮᠰᠢᠵᠦ ᠪᠦᠭᠦᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠴᠢᠬᠤᠯᠠ ᠠᠭᠤᠯᠭ᠎ᠠ ᠪᠣᠯᠭᠠᠵᠤ᠂ ᠪᠣᠳᠠᠲᠠᠶ ᠡᠵᠡᠮᠰᠢᠭᠴᠢ ᠦᠭᠡᠶ ᠪᠠᠷ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠳᠣᠲᠣᠭᠠᠳᠤ ᠡᠵᠡᠮᠰᠢᠯ ᠢ ᠵᠢᠷᠤᠮᠵᠢᠭᠤᠯᠬᠤ ᠲᠣᠨᠨᠳᠠᠯᠴᠠᠭᠠᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠠᠵᠤ ᠠᠬᠤᠶᠢᠯᠠᠯ ᠤᠨ ᠨᠢᠭᠲᠠᠯᠠᠨ ᠪᠣᠳᠣᠬᠤ ᠲᠦᠷᠢᠮ ᠢ ᠭᠦᠢᠴᠡᠳᠬᠡᠬᠦ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠡᠳ᠋ ᠤᠨ ᠶᠠᠪᠤᠳᠠᠯ ᠤᠨ ᠮᠡᠳᠡᠭᠡ ᠵᠠᠩᠭᠢ ᠶᠢᠨ ᠶᠠᠰᠣ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠠᠰᠠᠯᠲᠡ ᠶᠢᠨ ᠬᠢᠷᠢ ᠬᠡᠮᠵᠢᠶ᠎ᠡ ᠶᠢ ᠨᠢ ᠳᠠᠭᠠᠭᠤᠯᠤᠨ ᠲᠡᠬᠡᠭᠰᠢᠯᠡᠬᠦᠯᠦᠨ᠎ᠡ᠃ ᠺᠣᠮᠫᠠᠨᠢ ᠶᠢᠨ ᠵᠠᠰᠠᠯᠲᠠ ᠳᠤ ᠪᠠᠯᠠ ᠣᠷᠣᠭᠤᠯᠤᠭᠴᠢ ᠶᠢᠨ ᠬᠠᠮᠠᠭᠠᠯᠠᠯᠲᠠ ᠶᠢᠨ ᠪᠠᠶᠢᠭᠤᠯᠤᠮᠵᠢ᠂ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢ᠂ ᠪᠠᠶᠢᠭᠤᠯᠤᠮᠵᠢ ᠶᠢᠨ ᠪᠠᠯᠠ ᠣᠷᠣᠭᠤᠯᠤᠭᠴᠢ ᠪᠠ ᠳᠤᠮᠳᠠ ᠵᠢᠵᠢᠭ ᠪᠠᠯᠠ ᠣᠷᠣᠭᠤᠯᠤᠭᠴᠢ ᠨᠤᠭᠤᠳ ᠤᠨ ᠣᠷᠣᠯᠴᠠᠬᠤ ᠶᠢ ᠳᠡᠮᠵᠢᠨ᠎ᠡ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠤᠮᠫᠠᠨᠢ ᠶᠢᠨ ᠠᠮᠠᠯᠠᠯᠲᠠ ᠪᠠᠨ ᠭᠦᠢᠴᠡᠳᠭᠡᠬᠦ ᠪᠠ ᠬᠤᠯᠪᠤᠨᠨᠳᠠᠬᠤ ᠠᠷᠠᠯᠵᠢᠶ᠎ᠠ ᠶᠢ ᠵᠢᠷᠤᠮᠵᠢᠭᠤᠯᠤᠨ᠂ ᠦᠩᠬᠡᠷᠡᠭᠰᠡᠨ ᠤ ᠦᠯᠡᠳᠡᠭᠳᠡᠯ ᠠᠰᠠᠭᠤᠳᠠᠯ᠂ ᠠᠵᠢᠯ ᠲᠥᠷᠥᠯ ᠨᠢᠬᠡᠳᠡᠳ ᠤᠨ ᠥᠷᠢᠰᠥᠯᠳᠦᠭᠡᠨ ᠬᠢᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠨ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶      ︵ᠬᠤᠶᠠᠷ︶ ᠮᠡᠳᠡᠭᠡ ᠵᠠᠩᠭᠢ ᠨᠡᠶᠢᠲᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶᠢᠴᠢ᠂ ᠲᠥᠪ ᠭᠤᠤᠯᠴᠢ ᠪᠠᠶᠢᠬᠤ ᠮᠡᠳᠡᠭᠡ ᠵᠠᠩᠭᠢ ᠨᠡᠶᠢᠲᠡᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠠᠯᠠ ᠣᠷᠣᠭᠤᠯᠤᠭᠴᠢᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠯᠪᠠᠲᠠᠨ ᠨᠡᠶᠢᠲᠡᠯᠡᠭᠦᠯᠬᠦ ᠪᠠ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠶᠢ ᠬᠠᠷᠢᠯᠴᠠᠨ ᠤᠶᠠᠯᠳᠤᠭᠤᠯᠬᠤ ᠪᠠᠷ ᠳᠠᠮᠵᠢᠭᠤᠯᠵᠤ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠢᠯᠡ ᠲᠤᠳᠤᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠮᠢ ᠠᠬᠤᠶ ᠶᠢ ᠤᠷᠢᠳ ᠢᠶᠠᠷ ᠪᠤᠳᠤᠯᠬᠢᠯᠠᠵᠦ᠂ ᠪᠣᠬᠢᠷᠲᠤᠯ ᠦᠭᠡᠶ ᠪᠠᠷ ᠬᠥᠭᠵᠢᠭᠦᠯᠬᠦ ᠣᠨᠣᠯᠵᠢᠬᠤᠨ ᠢ ᠲᠤᠭᠤᠰᠢᠯᠠᠭᠤᠯᠵᠦ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠣᠷᠴᠢᠨ ᠨᠦᠭᠦᠴᠡᠯ ᠤᠨ ᠲᠠᠯ᠎ᠠ ᠪᠠᠷ ᠬᠢ ᠮᠡᠳᠡᠭᠡ ᠵᠠᠩᠭᠢ ᠨᠡᠶᠢᠲᠡᠯᠡᠬᠦ ᠶᠢ ᠨᠢ ᠴᠢᠩᠭᠠᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠶᠣᠰᠣᠭᠠᠷ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠲᠡᠮᠵᠢᠬᠦ ᠪᠠ ᠲᠡᠳᠡᠬᠡᠷ ᠲᠠᠢ ᠬᠠᠮᠵᠢᠯᠴᠠᠵᠦ ᠪᠠᠶᠢᠭᠠᠳ ᠮᠡᠳᠡᠭᠡ ᠵᠠᠩᠭᠢ ᠨᠡᠶᠢᠲᠡᠯᠡᠬᠦ ᠡᠭᠦᠷᠭᠡ ᠶᠢ ᠨᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠯᠬᠡᠬᠦ ᠬᠡᠷᠡᠭᠲᠡᠶ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠮᠡᠳᠡᠭᠡ ᠵᠠᠩᠭᠢ ᠨᠡᠶᠢᠲᠡᠯᠡᠬᠦ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ︽ᠬᠠᠯᠠᠮᠰᠢᠯ ᠠᠰᠠᠭᠤᠳᠠᠯ ᠢ ᠲᠠᠯᠢᠮᠳᠠᠭᠤᠯᠬᠤ︾ ᠵᠡᠷᠭᠡ ᠲᠦᠬᠡᠷᠢᠭᠳᠡᠬᠦᠯᠬᠦ ᠴᠢᠨᠠᠷᠲᠠᠶ ᠮᠡᠳᠡᠭᠡ ᠵᠠᠩᠭᠢ ᠨᠡᠶᠢᠲᠡᠯᠡᠬᠦ ᠳᠤ ᠴᠢᠩᠭ᠎ᠠ ᠴᠣᠬᠢᠯᠲᠠ ᠥᠭᠴᠦ᠂ ᠲᠤᠳᠤᠭᠠᠳᠤ ᠶᠢᠨ ᠮᠡᠳᠡᠭᠡ ᠵᠠᠩᠭᠢ ᠳᠠᠬᠢ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠮᠡᠳᠡᠭᠡ ᠵᠠᠩᠭᠢ ᠨᠡᠶᠢᠲᠡᠯᠡᠬᠦ ᠶᠢᠨ ᠵᠢᠷᠤᠮᠵᠢᠯᠳᠤ ᠴᠢᠨᠠᠷ ᠢ ᠳᠡᠬᠡᠭᠰᠢᠯᠡᠬᠦᠯᠬᠦ ᠪᠠᠷ ᠳᠠᠮᠵᠢᠭᠤᠯᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠳᠠᠭᠠᠭᠤᠯᠤᠨ ᠲᠡᠬᠡᠭᠰᠢᠯᠡᠬᠦᠯᠦᠨ᠎ᠡ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠣᠷᠴᠢᠨ ᠨᠦᠭᠦᠴᠡᠯ᠂ ᠨᠡᠶᠢᠭᠡᠮ ᠪᠠ ᠺᠣᠮᠫᠠᠨᠢ ᠶᠢᠨ ᠵᠠᠰᠠᠯᠲᠠ ︵ESG︶ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶      ︵ᠭᠤᠷᠪᠠ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠠᠰᠢᠭ ᠲᠤᠰᠠ ᠶᠢ ᠬᠠᠮᠠᠭᠠᠯᠠᠨ᠎ᠠ᠃ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠢ ᠡᠵᠡᠮᠰᠢᠭᠴᠢ ᠵᠢᠴᠢ ᠪᠤᠰᠤᠳ ᠬᠤᠯᠪᠤᠨᠨᠳᠠᠬᠤ ᠲᠠᠯ᠎ᠠ ᠨᠢ ᠶᠠᠮᠠᠷ ᠠᠷᠭ᠎ᠠ ᠮᠠᠶ᠋ᠢᠭ ᠢᠶᠠᠷ ᠴᠤ ᠭᠡᠰᠡᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠠᠰᠢᠭ ᠲᠤᠰᠠ ᠶᠢ ᠦᠪᠡᠷᠴᠢᠯᠡᠵᠦ ᠪᠣᠯᠬᠤ ᠦᠭᠡᠢ᠃ ᠪᠠᠯᠠ ᠮᠥᠩᠭᠦ ᠶᠢ ᠦᠪᠡᠷᠴᠢᠯᠡᠨ ᠬᠡᠷᠡᠭᠯᠡᠭᠰᠡᠨ ᠪᠠ ᠲᠣᠭᠲᠠᠭᠠᠯ ᠠᠴᠠ ᠵᠦᠷᠢᠴᠡᠨ ᠳᠠᠭᠠᠭᠠᠯᠲᠠ ᠬᠢᠭᠰᠡᠨ ᠺᠤᠮᠫᠠᠨᠢ ᠶᠢ ᠵᠠᠬ᠎ᠠ ᠳᠠᠷᠠᠭᠠᠯᠠᠨ ᠬᠤᠭᠤᠴᠠᠭ᠎ᠠ ᠬᠢᠵᠠᠭᠠᠷᠯᠠᠨ ᠪᠠᠶᠢᠵᠤ ᠳᠥᠯᠥᠵᠦ ᠳᠠᠭᠤᠰᠭᠠᠯᠭᠠᠬᠤ ᠪᠤᠶᠤ ᠠᠷᠢᠯᠭᠠᠭᠤᠯᠬᠤ ᠬᠡᠷᠡᠭᠳᠡᠢ᠃ ᠲᠣᠭᠲᠠᠭᠰᠠᠨ ᠬᠤᠭᠤᠴᠠᠭᠠᠨ ᠳᠤ ᠲᠥᠯᠥᠵᠦ ᠳᠠᠭᠤᠰᠬᠠᠭᠰᠠᠨ ᠦᠭᠡᠶ᠂ ᠴᠡᠭᠴᠡᠯᠡᠨ ᠰᠠᠶᠢᠵᠢᠷᠠᠭᠤᠯᠤᠭᠰᠠᠨ ᠦᠭᠡᠶ ᠪᠤᠶᠤ ᠰᠢᠨ᠎ᠡ ᠪᠠᠷ ᠡᠭᠦᠰᠦᠭᠰᠡᠨ ᠪᠡᠯᠡ ᠮᠥᠩᠭᠦ ᠶᠢ ᠦᠪᠡᠷᠴᠢᠯᠡᠨ ᠬᠡᠷᠡᠭᠯᠡᠬᠦ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠠᠷᠢᠭᠤᠴᠠᠯᠭ᠎ᠠ ᠲᠠᠢ ᠬᠥᠮᠦᠨ ᠢ ᠴᠠᠭ ᠲᠤᠬᠠᠶ ᠳᠤ ᠨᠢ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠰᠢᠮᠳᠠᠭᠤᠯᠵᠤ ᠪᠠᠶᠢᠭᠠᠳ ᠬᠤᠪᠢᠴᠠᠭᠠᠳᠠᠨ ᠤ ᠦᠪᠡᠷᠴᠢᠯᠡᠭᠰᠡᠨ ᠵᠣᠭᠤᠰ ᠢ ᠢᠳᠡᠪᠬᠢᠲᠡᠶ ᠪᠠᠷ ᠰᠢᠪᠠᠳᠠᠨ ᠬᠤᠷᠢᠶᠠᠯᠭᠠᠵᠦ᠂ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠺᠣᠮᠫᠠᠨᠢ ᠶᠢᠨ ᠠᠰᠢᠭ ᠲᠤᠰᠠ ᠪᠠᠨ ᠬᠠᠮᠠᠭᠠᠯᠠᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠲᠠᠮᠫᠣᠷᠠᠯ ᠢ ᠵᠠᠷᠯᠠᠵᠦ ᠳᠠᠬᠢᠨ ᠴᠡᠭᠴᠡᠯᠡᠬᠦ ᠶᠢ ᠬᠡᠷᠡᠭᠵᠢᠭᠦᠯᠬᠦ ᠳᠤ ᠪᠠᠨ ᠪᠡᠯᠡ ᠮᠥᠩᠭᠦ ᠦᠪᠡᠷᠴᠢᠯᠡᠨ ᠬᠡᠷᠡᠭᠯᠡᠬᠦ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠬᠦ ᠠᠰᠠᠭᠤᠳᠠᠯ ᠢ ᠰᠢᠢᠳᠪᠦᠷᠢᠯᠡᠬᠦ ᠦᠨᠡᠨ ᠬᠦ ᠶᠠᠪᠤᠭᠳᠠᠭᠤᠰᠢᠲᠠᠶ ᠲᠥᠰᠦᠯ ᠢ ᠲᠤᠷᠠᠳᠤᠨ ᠭᠠᠷᠭᠠᠬᠤ ᠴᠢᠬᠤᠯᠠᠳᠠᠢ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠭᠠᠳᠠᠭᠰᠢ ᠳᠠᠭᠠᠭᠠᠯᠲᠠ ᠬᠢᠬᠦ ᠠᠵᠢᠯᠯᠠᠭ᠎ᠠ ᠶᠢᠨ ᠲᠠᠯ᠎ᠠ ᠪᠠᠷ ᠬᠢ ᠮᠡᠳᠡᠭᠡ ᠵᠠᠩᠭᠢ ᠶᠢ ᠬᠠᠮᠲᠤ ᠳᠤ ᠪᠠᠨ ᠭᠦᠷᠲᠡᠬᠦ᠂ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶      ᠭᠤᠷᠪᠠ᠂ ᠬᠥᠷᠥᠩᠭᠡ ᠶᠢᠨ ᠵᠠᠬ᠎ᠠ ᠳᠡᠯᠭᠡᠭᠦᠷ ᠤᠨ ᠮᠠᠨ ᠤ ᠣᠷᠣᠨ ᠤ ᠪᠣᠳᠠᠲᠤ ᠴᠣᠭᠴᠠ ᠶᠢᠨ ᠠᠵᠤ ᠠᠬᠤᠶ ᠳᠤ ᠲᠡᠮᠵᠢᠯᠬᠡ ᠦᠵᠡᠬᠦᠯᠬᠦ ᠶᠢ ᠨᠢ ᠳᠡᠭᠡᠭᠰᠢᠯᠡᠭᠦᠯᠦᠨ᠎ᠡ      ︵ᠳᠥᠷᠪᠡ︶ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠪᠠᠶᠢᠭ᠎ᠠ ᠪᠡᠯᠡᠳᠬᠡᠯ      ᠡᠬᠢ ᠪᠠᠶᠠᠯᠢᠭ ᠢ ᠪᠤᠢ ᠪᠤᠯᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠨᠢᠭᠡᠨ ᠠᠵᠤ ᠠᠬᠤᠶᠢᠯᠠᠯ ᠢ ᠭᠠᠷᠭᠠᠪᠠᠯ ᠨᠢᠭᠡ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠨ ᠳᠠᠭᠠᠭᠤᠯᠵᠦ ᠠᠵᠤ ᠦᠢᠯᠡᠰ ᠤᠨ ᠨᠢᠭᠡ ᠪᠦᠯᠦᠭᠵᠢᠯ ᠢ ᠠᠯᠬᠤᠮ ᠠᠯᠬᠤᠮ ᠢᠶᠠᠷ ᠪᠦᠷᠢᠯᠳᠦᠬᠦᠯᠬᠦ ᠴᠢᠭᠯᠡᠯ ᠶᠣᠰᠣᠭᠠᠷ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠲᠠᠯ᠎ᠠ ᠪᠠᠷ ᠬᠢ ᠱᠠᠩᠨᠠᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ ᠬᠢᠬᠦ ᠪᠠ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠵᠦ᠂ ᠫᠠᠶᠢᠰᠠ ᠡᠯᠭᠦᠬᠦ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠡᠬᠢ ᠪᠠᠶᠠᠯᠢᠭ ᠤᠨ ᠬᠥᠮᠥᠷᠭᠡ ᠶᠢ ᠬᠥᠳᠡᠯᠦᠩᠭᠦᠶ ᠪᠠᠷ ᠲᠡᠭᠦᠯᠳᠡᠷᠵᠢᠬᠦᠯᠦᠨ᠂ ᠡᠯ᠎ᠡ ᠱᠠᠲᠤᠯᠵᠢᠨ ᠡᠩᠨᠡᠬᠡᠨ ᠤ ᠠᠵᠤ ᠠᠬᠤᠶᠢᠯᠠᠯ ᠢ ᠬᠠᠪᠰᠤᠷᠤᠨ ᠵᠢᠯᠣᠭᠤᠳᠴᠤ ᠪᠤᠢ ᠪᠤᠯᠭᠠᠬᠤ ᠠᠵᠢᠯ ᠢ ᠰᠠᠶᠢᠲᠤᠷ ᠠᠳᠬᠤᠵᠤ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠡᠯᠡᠳᠬᠡᠯ ᠠᠵᠤ ᠠᠬᠤᠶᠢᠯᠠᠯ ᠤᠨ ᠵᠠᠯᠭᠠᠨᠨᠰᠠᠨ ᠭᠦᠭᠵᠢᠯᠳᠡ ᠶᠢᠨ ᠪᠠᠶᠢᠳᠠᠯ ᠢ ᠪᠦᠷᠢᠯᠳᠦᠬᠦᠯᠦᠨ᠎ᠡ᠃ ᠣᠳᠣ ᠶᠢᠨ ᠪᠠᠶᠢᠭ᠎ᠠ ᠡᠯ᠎ᠡ ᠲᠥᠷᠥᠯ ᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ ᠪᠠ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠱᠠᠩᠬᠠᠶ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠠᠢ ᠠᠵᠢᠯ ᠤᠨ ᠬᠤᠯᠪᠣᠭ᠎ᠠ ᠠᠪᠬᠤ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠪᠤᠯᠪᠠᠰᠣᠷᠠᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠤᠬᠠᠶ ᠲᠠᠨᠢᠯᠲᠠ ᠪᠠᠨ ᠳᠡᠬᠡᠭᠰᠢᠯᠡᠬᠦᠯᠦᠨ᠎ᠡ᠃ ᠠᠵᠦ ᠠᠬᠤᠶᠢᠯᠠᠯ ᠨᠡᠪᠴᠢᠭᠦᠯᠬᠦ ᠪᠠ ᠪᠤᠢ ᠪᠤᠯᠭᠠᠬᠤ ᠲᠠᠯ᠎ᠠ ᠪᠠᠷ ᠬᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠦᠢᠯᠡᠳᠦᠯ ᠢ ᠪᠠᠳᠠᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠲᠠᠪᠤ︶ ᠰᠢᠯᠢᠳᠡᠭ ᠰᠠᠶᠢᠨ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠳᠤ ᠨᠢ ᠲᠡᠮᠵᠢᠯᠬᠡ ᠦᠵᠡᠬᠦᠯᠦᠨ᠎ᠡ᠃ ᠳᠠᠩᠰᠠᠯᠠᠭᠤᠯᠬᠤ ᠲᠦᠷᠢᠮ ᠳᠤᠤᠷᠠᠬᠢ ᠠᠵᠤ ᠠᠬᠤᠶᠢᠯᠠᠯ ᠤᠨ ᠰᠲ᠋ᠤᠺ ᠢᠶᠠᠨ ᠲᠠᠷᠬᠠᠭᠠᠵᠤ ᠵᠠᠬ᠎ᠠ ᠳᠡᠯᠭᠡᠭᠦᠷ ᠲᠤ ᠭᠠᠷᠭᠠᠬᠤ ᠱᠠᠭᠠᠷᠳᠠᠯᠭ᠎ᠠ ᠪᠠᠷ ᠪᠠᠷᠢᠮᠵᠢᠶᠠᠯᠠᠨ᠂ ᠬᠥᠷᠥᠩᠭᠡ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠤᠳ ᠢ ᠲᠦᠪᠯᠡᠷᠡᠬᠦᠯᠬᠦ ᠪᠠᠷ ᠬᠥᠲᠥᠯᠥᠨ ᠵᠢᠯᠣᠭᠤᠳᠴᠤ᠂ ᠭᠤᠤᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ᠂ ᠰᠢᠨ᠎ᠡ ᠠᠵᠤ ᠠᠬᠤᠶ ᠶᠢᠨ ᠲᠥᠯᠥᠭᠡᠯᠡᠬᠦ ᠴᠢᠨᠠᠷᠲᠠᠶ ᠠᠵᠤ ᠠᠬᠤᠶᠢᠯᠠᠯ᠂ ᠲᠣᠭᠠᠵᠢᠭᠤᠯᠣᠨᠨᠰᠠᠨ ᠬᠡᠯᠪᠡᠷᠢ ᠲᠡᠶᠢᠰᠢ ᠬᠤᠪᠢᠷᠠᠭᠤᠯᠤᠭᠰᠠᠨ ᠤᠯᠠᠮᠵᠢᠯᠠᠯᠲᠤ ᠠᠵᠤ ᠠᠬᠤᠶᠢᠯᠠᠯ ᠵᠡᠷᠭᠡ ᠶᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠵᠦ ᠭᠦᠭᠵᠢᠯᠲᠡ ᠶᠢ ᠨᠢ ᠠᠬᠢᠭᠤᠯᠬᠤ ᠪᠠᠷ ᠲᠠᠮᠵᠢᠭᠤᠯᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠷᠥᠩᠭᠡ ᠶᠢᠨ ᠭᠦᠢᠯᠬᠡᠬᠡᠨ ᠤ ᠰᠢᠨ᠎ᠡ ᠡᠭᠦᠳᠦᠯᠲᠡ ᠶᠢ ᠳᠠᠭᠠᠭᠤᠯᠤᠨ ᠪᠡᠶᠡᠯᠡᠬᠦᠯᠦᠨ᠎ᠡ᠃ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠰᠠᠭᠤᠷᠢ ᠮᠥᠩᠭᠦ᠂ ᠲᠦᠭᠰᠢᠭᠦᠷᠢᠲᠦ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠲᠤ ᠪᠡᠯᠡ ᠤᠷᠤᠭᠤᠯᠵᠦ ᠪᠠᠶᠢᠷᠢᠰᠢᠭᠤᠯᠤᠯᠲᠠ ᠬᠢᠬᠦ ᠶᠢ ᠨᠢ ᠲᠡᠮᠵᠢᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠰᠠᠶᠢᠨ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠨᠤᠭᠤᠳ ᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠢᠨ᠎ᠡ ᠪᠠᠷ ᠪᠤᠢ ᠪᠣᠯᠤᠭᠰᠠᠨ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠲᠤ ᠪᠠᠯᠠ ᠣᠷᠣᠭᠤᠯᠤᠯᠲᠠ ᠬᠢᠯᠬᠡᠬᠦ ᠪᠠᠷ ᠬᠥᠲᠥᠯᠥᠨ ᠵᠢᠯᠣᠭᠤᠳᠬᠤ ᠪᠠ ᠲᠡᠳᠡᠨᠠᠷ ᠲᠤ ᠲᠡᠮᠵᠢᠯᠬᠡ ᠦᠵᠡᠬᠦᠯᠦᠨ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠳᠠᠪᠠᠭᠤᠯᠢᠭ ᠠᠵᠤ ᠠᠬᠤᠶᠢᠯᠠᠯ ᠢ ᠦᠬᠡᠷᠡᠴᠢᠯᠡᠨ ᠰᠢᠨᠡᠳᠬᠡᠵᠦ ᠳᠡᠰ ᠳᠡᠪᠰᠢᠭᠦᠯᠦᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠳᠤ ᠨᠢ ᠬᠦᠴᠦᠨ ᠨᠡᠮᠡᠷᠢᠯᠡᠵᠦ᠂ ᠦᠢᠯᠡᠳᠬᠦ ᠦᠢᠯᠡᠰ ᠤᠨ ᠭᠠᠭᠴᠠ ᠵᠦᠢᠯ ᠢᠶᠠᠷ ᠮᠠᠩᠯᠠᠢᠯᠠᠭᠴᠢ ᠠᠵᠤ ᠠᠬᠤᠶᠢᠯᠠᠯ᠂ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠲᠠᠯ᠎ᠠ ᠠᠪᠤᠷᠭᠤ︾ ᠵᠡᠷᠭᠡ ᠠᠵᠤ ᠠᠬᠤᠶᠢᠯᠠᠯ ᠵᠢᠴᠢ ᠬᠤᠯᠢᠮᠠᠭ ᠦᠮᠴᠢᠯᠡᠯᠳᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠤ ᠠᠬᠤᠶᠢᠯᠠᠯ ᠤᠳ ᠢ ᠭᠤᠤᠯᠳᠠᠯᠭ᠎ᠠ ᠲᠠᠢ ᠲᠡᠳᠬᠦᠨ᠎ᠡ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠬᠢᠯᠢ ᠶᠢᠨ ᠲᠤᠳᠤᠷ᠎ᠠ ᠰᠲ᠋ᠤᠺ ᠢ ᠨᠢ ᠰᠠᠯᠭᠠᠵᠤ ᠵᠠᠬ᠎ᠠ ᠳᠡᠯᠭᠡᠭᠦᠷ ᠲᠤ ᠭᠠᠷᠭᠠᠬᠤ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠰᠢᠯᠢᠳᠡᠭ ᠰᠠᠶᠢᠨ ᠭᠦᠷᠦᠩᠬᠡ ᠪᠠᠨ ᠰᠠᠯᠭᠠᠵᠤ ᠰᠲ᠋ᠤᠺ ᠤᠨ ᠵᠠᠬ᠎ᠠ ᠳᠡᠯᠭᠡᠭᠦᠷ ᠲᠤ ᠭᠠᠷᠬᠤ ᠳᠤ ᠨᠢ ᠲᠡᠮᠵᠢᠯᠬᠡ ᠦᠵᠡᠬᠦᠯᠦᠨ᠎ᠡ᠃ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠨᠡᠪᠲᠡᠷᠡᠯᠴᠡᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠬᠤᠪᠢᠴᠠᠭᠠᠳᠣ ᠲᠦᠷᠢᠮ ᠤᠨ ᠥᠭᠡᠷᠡᠴᠢᠯᠡᠯᠲᠡ ᠪᠠ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠬᠦᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ᠂ ᠫᠠᠶᠢᠰᠠ ᠡᠯᠭᠦᠬᠦ ᠶᠠᠪᠤᠴᠠ ᠳᠠᠬᠢ ᠡᠯ᠎ᠡ ᠵᠦᠢᠯ ᠤᠨ ᠬᠠᠷᠰᠢ ᠰᠠᠭᠠᠳ ᠢ ᠨᠢᠭᠡᠳᠦᠯᠲᠡᠶ ᠲᠥᠯᠥᠪᠯᠡᠨ ᠰᠢᠢᠳᠪᠦᠷᠢᠯᠡᠨ᠎ᠡ᠃ ᠪᠦᠷᠢᠳᠬᠡᠨ ᠳᠠᠩᠰᠠᠯᠠᠭᠤᠯᠤᠨᠨᠰᠠᠨ ᠠᠵᠤ ᠠᠬᠤᠶᠢᠯᠠᠯ ᠢ ᠬᠠᠪᠰᠤᠷᠤᠨ ᠵᠢᠯᠤᠭᠤᠳᠬᠤ ᠠᠵᠢᠯ ᠳᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠲᠡᠮᠳᠡᠭᠲᠦ ᠶᠢᠨ ᠬᠤᠳᠠᠯᠳᠤᠭᠠᠴᠢᠨ ᠤ ᠬᠠᠪᠰᠤᠷᠤᠨ ᠵᠢᠯᠤᠭᠤᠳᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠪᠠᠶᠢᠭ᠎ᠠ ᠺᠣᠮᠫᠠᠨᠢ ᠶᠢᠨ ᠵᠢᠷᠤᠮᠵᠢᠨᠨᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠵᠢᠷᠭᠤᠭ᠎ᠠ︶ ᠵᠠᠬ᠎ᠠ ᠲᠡᠯᠬᠡᠭᠦᠷᠴᠢᠯᠡᠵᠦ ᠬᠤᠳᠠᠯᠳᠤᠨ ᠠᠪᠴᠤ ᠳᠠᠬᠢᠨ ᠵᠤᠬᠢᠶᠠᠨ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠠᠨᠳᠣᠰᠢ ᠶᠢ ᠣᠨᠣᠪᠴᠢᠲᠠᠶ ᠡᠵᠡᠮᠰᠢᠵᠦ᠂ ᠵᠦᠢ ᠪᠤᠰᠤ ᠡᠳ᠋ ᠬᠥᠷᠥᠩᠭᠡ ᠶᠢ ᠲᠣᠰᠠᠭᠠᠷᠯᠠᠨ ᠰᠠᠯᠭᠠᠬᠤ᠂ ᠴᠢᠨᠠᠷ ᠰᠠᠶᠢᠲᠠᠢ ᠡᠳ᠋ ᠬᠥᠷᠥᠩᠭᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠭᠤᠣᠯ ᠪᠣᠯᠬᠤ ᠠᠵᠢᠯ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠭᠦᠳᠦᠯᠦᠨ ᠵᠢᠯᠤᠭᠤᠳᠬᠤ ᠪᠠ ᠲᠦᠯᠬᠢᠨ ᠠᠬᠢᠭᠤᠯᠵᠦ ᠪᠠᠶᠢᠭᠠᠳ ᠭᠤᠤᠯ ᠪᠣᠯᠬᠤ ᠠᠵᠢᠯ ᠦᠢᠯᠡᠰ ᠵᠢᠴᠢ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠬᠡᠯᠬᠢᠶᠡᠨ ᠤ ᠲᠣᠭᠤᠷᠢᠨ ᠳᠤ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠤᠬᠢᠶᠠᠨ ᠪᠠᠶᠢᠭᠤᠯᠬᠤ ᠶᠢ ᠬᠡᠷᠡᠭᠵᠢᠬᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠤᠯᠭᠠᠭᠤᠷᠢ ᠠᠵᠤ ᠦᠢᠯᠡᠰ ᠤᠨ ᠪᠥᠭᠡᠮᠨᠡᠷᠡᠯ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠭᠡᠮᠨᠡᠷᠡᠯ ᠢ ᠪᠤᠢ ᠪᠤᠯᠭᠠᠵᠦ ᠭᠦᠭᠵᠢᠬᠦᠯᠬᠦ ᠶᠠᠪᠤᠴᠠ ᠳᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠯᠢ ᠶᠢᠨ ᠳᠣᠲᠣᠷ᠎ᠠ ᠭᠠᠳᠠᠨᠠᠬᠢ ᠬᠢᠷᠢ ᠲᠡᠩᠴᠡᠭᠰᠡᠨ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢᠳ ᠢ ᠲᠡᠳᠡᠨ ᠣᠷᠣᠭᠤᠯᠵᠤ᠂ ᠳᠤᠤᠷ᠎ᠠ ᠥᠪᠡᠷ ᠤᠨ ᠥᠷᠲᠡᠭ ᠢᠶᠠᠷ ᠥᠷᠭᠡᠳᠬᠡᠬᠦ ᠪᠠ ᠠᠵᠤ ᠦᠢᠯᠡᠰ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠦᠨ᠎ᠡ᠃ ᠪᠣᠳᠠᠲᠤ ᠬᠦᠴᠦᠨ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠯᠦᠭᠯᠡᠯ ᠤᠳ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠬᠢᠬᠦ ᠶᠢ ᠳᠡᠮᠵᠢᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠲᠠᠪᠴᠠᠩ ᠳᠤ ᠲᠦᠰᠢᠭᠯᠡᠨ ᠬᠤᠪᠢᠴᠠᠭ᠎ᠠ ᠲᠠᠷᠬᠠᠭᠠᠨ ᠡᠳ᠋ ᠬᠥᠷᠥᠩᠭᠡ ᠬᠤᠳᠠᠯᠳᠤᠨ ᠠᠪᠬᠤ᠂ ᠰᠢᠩᠭᠡᠭᠡᠨ ᠠᠪᠴᠤ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠬᠦᠯᠢ ᠴᠣᠭᠴᠠ ᠪᠠᠷ ᠨᠢ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠵᠦ᠂ ᠲᠡᠮᠳᠡᠭᠲᠦᠴᠢᠯᠡᠬᠦ ᠬᠢᠷᠢ ᠬᠡᠮᠵᠢᠶ᠎ᠡ ᠶᠢ ᠨᠢ ᠪᠦᠲᠦᠮᠵᠢᠲᠡᠶ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠳᠣᠯᠤᠭ᠎ᠠ︶ ᠰᠢᠭᠤᠳ ᠪᠠᠯᠠ ᠳᠣᠭᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠬᠥᠲᠥᠯᠥᠨ ᠵᠢᠯᠣᠭᠤᠳᠴᠤ ᠪᠠᠶᠢᠭᠠᠳ ᠬᠥᠭᠵᠢᠯᠲᠡ ᠶᠢᠨ ᠬᠡᠷᠡᠭᠴᠡᠭᠡ ᠪᠠ ᠵᠠᠬ᠎ᠠ ᠳᠡᠯᠭᠡᠭᠦᠷ ᠤᠨ ᠪᠠᠶᠢᠳᠠᠯ ᠢ ᠬᠠᠮᠲᠤ ᠳᠤ ᠨᠢ ᠬᠠᠷᠠᠭᠠᠯᠵᠠᠨ ᠪᠠᠶᠢᠵᠤ ᠪᠠᠯᠠ ᠲᠣᠬᠢᠷᠠᠭᠤᠯᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠡᠷᠡᠭᠯᠡᠬᠦᠷ ᠢ ᠭᠦᠢᠴᠡᠳ ᠠᠰᠢᠭᠯᠠᠬᠤ ᠶᠢ ᠠᠬᠢᠭᠤᠯᠤᠨ᠂ ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠪᠠᠭ᠎ᠠ ᠲᠣᠭᠠᠨ ᠤ ᠲᠦᠷᠭᠡᠨ ᠪᠥᠭᠡᠳ ᠲᠥᠷᠥᠯ ᠬᠤᠪᠢᠶᠠᠨ ᠬᠢᠨᠠᠨ ᠬᠠᠷᠭᠤᠭᠤᠯᠬᠤ ᠵᠡᠷᠭᠡ ᠪᠠᠯᠠ ᠲᠣᠬᠢᠷᠠᠭᠤᠯᠭ᠎ᠠ ᠶᠢᠨ ᠲᠣᠭᠲᠠᠴᠠ ᠶᠢ ᠰᠠᠶᠢᠲᠤᠷ ᠬᠡᠷᠡᠭᠯᠡᠵᠦ᠂ ᠴᠢᠨᠠᠷ ᠰᠠᠶᠢᠲᠠᠶ ᠺᠣᠮᠫᠠᠨᠢ ᠶᠢᠨ ᠰᠲ᠋ᠣᠺ ᠤᠨ ᠡᠷᠬᠡ ᠪᠠᠷ ᠢᠶᠠᠨ ᠪᠠᠯᠠ ᠳᠣᠭᠢᠷᠠᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠪᠤᠰᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠬᠥᠭᠵᠢᠯᠲᠡ ᠶᠢ ᠲᠡᠳᠬᠦᠨ ᠳᠠᠮᠵᠢᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠣᠯᠠᠨ ᠡᠰᠢᠵᠢᠭᠰᠡᠨ ᠵᠢᠭᠡᠯᠡᠯᠭᠡ ᠶᠢᠨ ᠲᠡᠮᠳᠡᠭᠲᠦ ᠪᠠ ᠡᠳ᠋ ᠬᠥᠷᠥᠩᠭᠡ ᠪᠠᠷ ᠲᠡᠮᠳᠡᠭᠲᠦ ᠶᠢᠨ ᠪᠡᠯᠡ ᠲᠣᠬᠢᠷᠠᠭᠤᠯᠭ᠎ᠠ ᠬᠢᠬᠦ ᠶᠢ ᠳᠠᠮᠵᠢᠵᠤ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠤᠷᠢᠳᠡᠯ ᠡᠷᠬᠡᠲᠦ ᠰᠲ᠋ᠣᠺ᠂ ᠡᠭᠦᠷᠢᠳᠡ ᠶᠢᠨ ᠵᠢᠬᠡᠯᠡᠯᠬᠡ ᠶᠢᠨ ᠲᠡᠮᠳᠡᠭᠳᠦ᠂ ᠰᠣᠯᠢᠵᠦ ᠪᠣᠯᠬᠤ ᠵᠢᠬᠡᠯᠡᠯᠭᠡ ᠶᠢᠨ ᠲᠡᠮᠳᠡᠭᠳᠦ᠂ REITs ᠵᠡᠷᠭᠡ ᠰᠢᠨ᠎ᠡ ᠶᠢ ᠡᠭᠦᠳᠦᠭᠰᠡᠨ ᠪᠡᠯᠡ ᠲᠣᠬᠢᠷᠠᠭᠤᠯᠭ᠎ᠠ ᠶᠢᠨ ᠬᠡᠷᠡᠭᠯᠡᠭᠦᠷ ᠢᠶᠠᠷ ᠳᠠᠮᠵᠢᠭᠤᠯᠤᠨ ᠪᠡᠯᠡ ᠲᠣᠬᠢᠷᠠᠭᠤᠯᠭ᠎ᠠ ᠶᠢᠨ ᠠᠷᠭ᠎ᠠ ᠪᠠᠷᠢᠯ ᠢᠶᠠᠨ ᠪᠠᠶᠠᠯᠢᠭᠵᠢᠭᠤᠯᠵᠤ᠂ ᠬᠥᠷᠥᠩᠭᠡ ᠶᠢᠨ ᠪᠦᠲᠦᠴᠡ ᠪᠠᠨ ᠰᠢᠯᠢᠳᠡᠭᠵᠢᠭᠦᠯᠬᠦ ᠶᠢ ᠨᠢ ᠵᠣᠷᠢᠭᠵᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠳᠡᠮᠵᠢᠬᠦ ᠡᠯ᠎ᠡ ᠲᠥᠷᠥᠯ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠬᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠢᠲᠡᠭᠡᠮᠵᠢ ᠪᠠᠨ ᠨᠡᠮᠡᠭᠳᠡᠭᠦᠯᠬᠦ ᠣᠳᠣ ᠶᠢᠨ ᠪᠠᠶᠢᠭ᠎ᠠ ᠡᠯ᠎ᠡ ᠲᠥᠷᠥᠯ ᠤᠨ ᠢᠲᠡᠭᠡᠮᠵᠢ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠲᠡᠮᠵᠢᠨ᠎ᠡ᠃ ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠵᠢᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶      ᠳᠥᠷᠪᠡ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠦᠯᠡᠳᠡᠬᠡᠯ ᠲᠦᠭᠰᠢᠭᠦᠷᠢ ᠶᠢ ᠰᠢᠢᠳᠪᠦᠷᠢᠯᠡᠬᠦ ᠪᠠᠨ ᠲᠦᠷᠬᠡᠳᠬᠡᠨ᠎ᠡ      ︵ᠨᠠᠢᠮᠠ︶ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠪᠠᠨ ᠦᠷᠭᠦᠯᠵᠢᠯᠡᠨ ᠠᠬᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠲᠠᠲᠠᠶᠢᠵᠢᠭᠤᠯᠤᠨ ᠴᠢᠩᠭᠠᠳᠬᠠᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠦᠷᠭᠦᠯᠵᠢᠯᠡᠨ ᠬᠥᠲᠥᠯᠥᠨ ᠵᠢᠯᠣᠭᠤᠳᠴᠤ ᠪᠠᠶᠢᠭᠠᠳ ᠬᠥᠰᠢᠭᠦᠷᠭᠡ ᠶᠢᠨ ᠲᠦᠪᠰᠢᠨ ᠢ ᠨᠢ ᠪᠠᠭᠤᠷᠠᠭᠤᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠦᠭᠰᠢᠭᠦᠷᠢ ᠶᠢ ᠨᠢ ᠦᠨᠡᠨ ᠭᠦ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠦᠴᠢᠷᠳᠡᠯ ᠢ ᠳᠡᠶᠢᠯᠵᠦ ᠬᠥᠭᠵᠢᠭᠦᠯᠬᠦ ᠰᠠᠭᠤᠷᠢ ᠮᠦᠩᠬᠦᠨ ᠤ ᠪᠠᠴᠢᠮ ᠪᠠᠶᠢᠳᠠᠯ ᠢ ᠠᠪᠤᠷᠬᠠᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠳᠠᠶᠢᠯᠠᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠬᠦᠴᠢᠷᠳᠡᠯ ᠢ ᠳᠠᠶᠢᠯᠠᠬᠤ ᠬᠠᠷᠠᠯᠲᠠ ᠨᠢ ᠲᠣᠳᠣᠷᠬᠠᠶ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠭᠰᠡᠨ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠡᠮᠵᠢᠭᠰᠡᠨ ᠤᠯᠤᠰ ᠤᠨ ᠥᠮᠴᠢᠯᠡᠯᠲᠦ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠪᠤᠶᠤ ᠰᠠᠭᠤᠷᠢ ᠮᠦᠩᠬᠦᠨ ᠳᠤ ᠠᠯᠳᠠᠰᠢ ᠶᠢ ᠠᠭᠤᠴᠢᠯᠠᠬᠤ ᠲᠣᠭᠲᠠᠴᠠ ᠶᠢ ᠪᠠᠶᠢᠭᠤᠯᠵᠤ᠂ ᠪᠠᠯᠠ ᠣᠷᠣᠭᠤᠯᠤᠯᠲᠠ ᠶᠢᠨ ᠲᠦᠭᠰᠢᠭᠦᠷᠢ ᠶᠢ ᠨᠡᠬᠡᠮᠵᠢᠯᠡᠬᠦ ᠪᠠ ᠠᠵᠤ ᠠᠬᠤᠶᠢᠯᠠᠯ ᠤᠨ ᠭᠦᠢᠴᠡᠳᠬᠡᠯ ᠲᠤᠭ᠎ᠠ ᠶᠢ ᠰᠢᠯᠭᠠᠨ ᠬᠢᠨᠠᠬᠤ ᠪᠠᠨ ᠵᠣᠬᠢᠬᠤ ᠬᠡᠮᠵᠢᠶ᠎ᠡ ᠪᠠᠷ ᠭᠡᠯᠳᠦᠷᠢᠭᠦᠯᠦᠨ᠎ᠡ᠃ ᠪᠠᠩᠬᠢ᠂ ᠲᠡᠮᠳᠡᠭᠲᠦ᠂ ᠳᠠᠭᠠᠳᠬᠠᠯ᠂ ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ ᠰᠠᠭᠤᠷᠢ ᠮᠥᠩᠭᠦ ᠵᠡᠷᠭᠡ ᠪᠠᠶᠢᠭᠤᠯᠤᠮᠵᠢ ᠶᠢᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠳᠤ ᠣᠷᠣᠯᠴᠠᠬᠤ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠲᠠᠯᠠᠪᠤᠷ ᠲᠠᠬᠢ ᠰᠲ᠋ᠣᠺ ᠢ ᠳᠠᠨᠵᠢᠯᠠᠵᠤ ᠪᠠᠯᠠ ᠳᠣᠭᠢᠷᠠᠭᠤᠯᠬᠤ ᠶᠢᠨ ᠲᠦᠭᠰᠢᠭᠦᠷᠢ ᠶᠢ ᠡᠵᠡᠮᠳᠡᠬᠦ ᠪᠠᠷᠢᠮᠵᠢᠶ᠎ᠠ ᠶᠢ ᠬᠡᠷᠡᠭᠵᠢᠭᠦᠯᠵᠦ᠂ ᠬᠤᠳᠠᠯᠳᠤᠬᠤ ᠶᠢ ᠬᠢᠵᠠᠭᠠᠷᠯᠬᠠᠰᠠᠨ ᠰᠲ᠋ᠣᠺ ᠤᠨ ᠳᠠᠨᠵᠢᠯᠠᠭ᠎ᠠ ᠶᠢ ᠴᠢᠩᠭ᠎ᠠ ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠶᠢᠰᠦ︶ ᠲᠦᠭᠰᠢᠭᠦᠷᠢ ᠶᠡᠭᠡ ᠲᠠᠢ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠪᠠᠨ ᠠᠬᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠲᠦᠭᠰᠢᠭᠦᠷᠢ ᠶᠡᠭᠡ ᠲᠠᠢ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠳᠤ ᠬᠠᠷᠢᠶ᠎ᠡ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠲᠦᠭᠰᠢᠭᠦᠷᠢ ᠶᠡᠭᠡ ᠲᠠᠢ ᠺᠣᠮᠫᠠᠨᠢ ᠶᠢᠨ ᠣᠷᠣᠰᠢᠵᠦ ᠪᠠᠶᠢᠭ᠎ᠠ ᠲᠦᠭᠰᠢᠭᠦᠷᠢ ᠶᠢ ᠠᠷᠢᠯᠭᠠᠬᠤ ᠬᠠᠷᠢᠶ᠎ᠡ ᠭᠠᠵᠠᠷ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠡᠭ ᠲᠣᠭᠲᠠᠭᠠᠨ ᠬᠠᠷᠢᠯᠴᠠᠬᠤ ᠲᠣᠭᠲᠠᠴᠠ ᠶᠢ ᠪᠠᠶᠢᠭᠤᠯᠤᠨ᠎ᠠ᠃ ᠬᠠᠮᠢᠶ᠎ᠠ ᠪᠥᠬᠦᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠳᠤ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠰᠣᠬᠤᠷ ᠪᠠᠯᠠᠶ ᠪᠠᠷ ᠵᠢᠭᠡᠯᠡᠯᠭᠡ ᠪᠠᠨ ᠪᠤᠴᠠᠭᠠᠬᠤ ᠥᠬᠡᠶ᠂ ᠵᠢᠭᠡᠯᠡᠯᠭᠡ ᠪᠠᠨ ᠵᠣᠨᠨᠰᠣᠭᠠᠬᠤ ᠥᠬᠡᠶ ᠪᠠᠶᠢᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠭᠦᠢᠴᠡᠳ ᠬᠦᠨᠳᠦᠳᠬᠡᠬᠦ ᠶᠢᠨ ᠵᠡᠷᠭᠡ ᠪᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠠᠵᠢᠯ ᠳᠠᠬᠢ ᠵᠠᠰᠠᠭ ᠤᠨ ᠣᠷᠳᠣᠨ ᠤ ᠵᠣᠬᠢᠴᠠᠭᠤᠯᠭ᠎ᠠ ᠶᠢ ᠴᠢᠩᠭᠠᠷᠠᠭᠤᠯᠤᠨ᠂ ᠲᠦᠭᠰᠢᠭᠦᠷᠢ ᠶᠢ ᠠᠷᠢᠯᠭᠠᠬᠤ ᠲᠥᠰᠦᠯ ᠪᠤᠶᠤ ᠰᠢᠢᠳᠪᠦᠷᠢᠯᠡᠬᠦ ᠪᠡᠯᠡᠳᠬᠡᠯ ᠲᠥᠰᠦᠯ ᠢ ᠲᠣᠭᠲᠠᠭᠠᠵᠤ᠂ ᠲᠦᠭᠰᠢᠭᠦᠷᠢ ᠶᠢ ᠭᠠᠳᠠᠭᠰᠢ ᠲᠦᠬᠡᠬᠡᠬᠦ ᠪᠤᠶᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠲᠦᠭᠰᠢᠭᠦᠷᠢ ᠪᠤᠯᠵᠦ ᠰᠢᠯᠵᠢᠭᠦᠯᠦᠨ ᠲᠣᠬᠤᠨᠨᠳᠠᠬᠤ ᠠᠴᠠ ᠵᠠᠶᠢᠯᠠᠰᠬᠢᠨ᠎ᠠ᠃ ᠳᠠᠮᠫᠤᠷᠠᠯ ᠢ ᠵᠠᠷᠯᠠᠵᠦ ᠳᠠᠬᠢᠨ ᠴᠡᠭᠴᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ ᠤ ᠡᠵᠡᠩᠨᠡᠯᠲᠡ ᠶᠢᠨ ᠲᠦᠭᠰᠢᠭᠦᠷᠢ ᠶᠢ ᠰᠢᠢᠳᠪᠦᠷᠢᠯᠡᠵᠦ᠂ ᠲᠦᠭᠰᠢᠭᠦᠷᠢ ᠶᠢ ᠳᠠᠮᠵᠢᠭᠤᠯᠬᠤ ᠬᠡᠯᠬᠢᠶᠡᠰᠦ ᠶᠢ ᠬᠤᠷᠢᠨᠨᠯᠠᠨ ᠵᠤᠨᠨᠰᠤᠭᠠᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠲᠦᠭᠰᠢᠭᠦᠷᠢ ᠶᠡᠭᠡ ᠲᠠᠢ ᠺᠣᠮᠫᠠᠨᠢ ᠶᠢ ᠳᠠᠬᠢᠨ ᠵᠤᠬᠢᠶᠠᠨ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠴᠢᠨᠠᠷ ᠰᠠᠶᠢᠲᠠᠢ ᠡᠳ᠋ ᠬᠥᠷᠥᠩᠭᠡ ᠶᠢ ᠳᠠᠬᠢᠨ ᠵᠤᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠳᠤ ᠣᠷᠣᠬᠤ ᠳᠤ ᠨᠢ ᠶᠡᠬᠡᠬᠡᠨ ᠲᠡᠮᠵᠢᠯᠬᠡ ᠦᠵᠡᠬᠦᠯᠵᠦ᠂ ᠵᠠᠬ᠎ᠠ ᠳᠡᠯᠭᠡᠭᠦᠷ ᠲᠤ ᠭᠠᠷᠬᠤ ᠦᠯᠡᠳᠡᠭᠡᠯ ᠡᠬᠢ ᠪᠠᠶᠠᠯᠢᠭ ᠢ ᠭᠦᠢᠯᠬᠡᠬᠡᠨ ᠲᠠᠢ ᠪᠣᠯᠭᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠠᠷᠪᠠ︶ ᠵᠠᠬ᠎ᠠ ᠳᠡᠯᠭᠡᠭᠦᠷ ᠤᠨ ᠲᠦᠭᠰᠢᠭᠦᠷᠢ ᠶᠢ ᠢᠯᠭᠠᠷᠠᠭᠤᠯᠤᠨ ᠭᠠᠷᠭᠠᠬᠤ ᠶᠢ ᠲᠦᠷᠭᠡᠳᠬᠡᠨ᠎ᠡ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠠᠴᠠ ᠪᠣᠴᠠᠨ ᠭᠠᠷᠬᠤ᠂ ᠨᠡᠶᠢᠯᠡᠭᠦᠯᠦᠨ ᠬᠤᠳᠠᠯᠳᠤᠨ ᠠᠪᠴᠤ ᠲᠠᠬᠢᠨ ᠵᠤᠬᠢᠶᠠᠨ ᠪᠠᠶᠢᠭᠤᠯᠬᠤ᠂ ᠳᠠᠮᠫᠤᠷᠠᠯ ᠢ ᠵᠠᠷᠯᠠᠵᠦ ᠳᠠᠬᠢᠨ ᠴᠡᠭᠴᠡᠯᠡᠬᠦ ᠵᠡᠷᠭᠡ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠣᠯᠠᠨ ᠡᠰᠢᠵᠢᠭᠰᠡᠨ ᠪᠤᠴᠠᠨ ᠭᠠᠷᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠠᠵᠤ ᠠᠬᠤᠶᠢᠯᠠᠯ ᠤᠨ ᠦᠷᠭᠦᠯᠵᠢᠯᠡᠨ ᠡᠵᠡᠩᠨᠡᠬᠦ ᠴᠢᠳᠠᠪᠤᠷᠢ ᠶᠢ ᠣᠨᠴᠠᠭᠠᠶᠢᠯᠠᠨ ᠴᠢᠬᠤᠯᠠᠴᠢᠯᠠᠵᠤ᠂ ᠰᠲ᠋ᠤᠺ ᠤᠨ ᠵᠠᠬ᠎ᠠ ᠳᠡᠯᠭᠡᠭᠦᠷ ᠠᠴᠠ ᠪᠤᠴᠠᠨ ᠭᠠᠷᠬᠤ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠤᠨ ᠪᠤᠴᠠᠨ ᠭᠠᠷᠬᠤ ᠶᠣᠰᠣᠲᠠᠶ ᠶᠢ ᠨᠢ ᠪᠦᠬᠦᠨ ᠢ ᠪᠤᠴᠠᠭᠠᠨ ᠭᠠᠷᠭᠠᠵᠤ᠂ ᠵᠠᠬ᠎ᠠ ᠳᠡᠯᠭᠡᠭᠦᠷ ᠲᠤ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ᠂ ᠰᠢᠨ᠎ᠡ ᠬᠠᠭᠤᠴᠢᠨ ᠤ ᠰᠤᠯᠢᠨᠨᠳᠠᠯ ᠢ ᠪᠡᠶᠡᠯᠡᠬᠦᠯᠦᠨ᠎ᠡ᠃ ᠳᠠᠮᠫᠤᠷᠠᠭᠰᠠᠨ ᠠᠵᠤ ᠠᠬᠤᠶᠢᠯᠠᠯ ᠤᠨ ᠥᠷᠢ ᠥᠭᠴᠡᠭᠡ ᠠᠴᠠ ᠬᠡᠯᠲᠦᠷᠢᠭᠦᠯᠬᠦ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠭᠤᠭᠴᠤᠭ᠎ᠠ ᠳᠤ ᠬᠠᠨᠳᠤᠭᠤᠯᠤᠨᠨᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠳᠠᠮᠫᠤᠷᠠᠭᠰᠠᠨ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ ᠦᠨᠡᠨ ᠬᠦ ᠭᠦᠩᠬᠡᠷᠡᠭᠦᠯᠦᠨ᠎ᠡ᠃ ᠳᠠᠬᠢᠨ ᠴᠡᠭᠴᠡᠯᠡᠭᠰᠡᠨ ᠪᠤᠶᠤ ᠡᠪᠰᠡᠭᠦᠯᠦᠭᠡᠳ ᠠᠮᠵᠢᠯᠲᠠ ᠣᠯᠤᠭᠰᠠᠨ ᠠᠵᠤ ᠠᠬᠤᠶᠢᠯᠠᠯ ᠤᠨ ᠢᠲᠡᠭᠡᠮᠵᠢ ᠪᠠᠨ ᠰᠡᠷᠭᠦᠭᠡᠬᠦ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠳᠠᠬᠢᠨ ᠪᠤᠴᠠᠬᠤ ᠶᠢ ᠠᠬᠢᠭᠤᠯᠤᠨ᠎ᠠ᠃ ᠪᠡᠯᠡ ᠣᠷᠣᠭᠤᠯᠤᠭᠴᠢ ᠶᠢᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠳᠡᠮᠵᠢᠵᠦ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ᠲᠠᠪᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ      ︵ᠠᠷᠪᠠᠨ ᠨᠢᠭᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠨ᠎ᠠ᠃ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠨᠢ ᠠᠵᠢᠯᠯᠠᠭᠠᠨ ᠢᠶᠠᠨ ᠵᠢᠷᠤᠮᠵᠢᠭᠤᠯᠤᠨ᠂ ᠭᠤᠣᠯ ᠦᠢᠯᠡᠰ ᠢᠶᠠᠨ ᠳᠣᠪᠤᠶᠢᠯᠭᠠᠵᠤ᠂ ᠲᠤᠰᠬᠠᠶ ᠮᠡᠷᠭᠡᠵᠢᠯ ᠢᠶᠠᠨ ᠨᠠᠷᠢᠯᠢᠭ ᠬᠢᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠳᠡᠢ᠃ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠤᠬᠠᠮᠰᠠᠷ ᠢᠶᠠᠨ ᠴᠢᠩᠭᠠᠳᠬᠠᠵᠤ᠂ ᠪᠡᠯᠡᠨ ᠵᠣᠭᠤᠰ ᠢᠶᠠᠷ ᠨᠤᠨᠨᠳᠠᠯ ᠠᠰᠢᠭ ᠬᠤᠪᠢᠶᠠᠬᠤ ᠬᠠᠷᠢᠴᠠᠯ ᠢ ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠪᠡᠯᠡ ᠣᠷᠣᠭᠤᠯᠤᠭᠴᠢ ᠳᠤ ᠬᠠᠷᠢᠭᠤ ᠪᠡᠯᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠦᠢᠯᠡᠰ ᠪᠤᠰᠬᠠᠵᠦ ᠠᠵᠢᠯ ᠣᠯᠭᠤᠬᠤ ᠵᠡᠷᠭᠡ ᠲᠠᠯ᠎ᠠ ᠪᠠᠷ ᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠦᠲᠦᠯᠦᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠶ ᠡᠵᠡᠮᠰᠢᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠡᠷᠭᠡ ᠨᠢ ᠦᠨᠡᠨᠴᠢ ᠬᠢᠴᠢᠶᠡᠩᠭᠦᠶ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬ᠎ᠠ ᠳᠡᠯᠭᠡᠭᠦᠷ ᠢ ᠭᠦᠨᠳᠦᠳᠬᠡᠬᠦ᠂ ᠬᠠᠤᠯᠢ ᠪᠠᠷ ᠵᠠᠰᠠᠬᠤ ᠶᠢ ᠭᠦᠨᠳᠦᠳᠬᠡᠬᠦ᠂ ᠲᠤᠰᠬᠠᠶ ᠮᠡᠷᠭᠡᠵᠢᠯ ᠢ ᠭᠦᠨᠳᠦᠳᠬᠡᠬᠦ᠂ ᠪᠠᠯᠠ ᠣᠷᠣᠭᠤᠯᠤᠭᠴᠢᠳ ᠢ ᠭᠦᠨᠳᠦᠳᠬᠡᠵᠦ᠂ ᠬᠥᠭᠵᠢᠭᠦᠯᠦᠯᠲᠡ ᠬᠢᠭᠡᠳ ᠲᠦᠭᠰᠢᠭᠦᠷᠢ ᠶᠢ ᠡᠵᠡᠮᠰᠢᠬᠦ ᠴᠢᠳᠠᠪᠤᠷᠢ ᠶᠢᠨ ᠬᠠᠷᠢᠯᠴᠠᠨ ᠵᠣᠬᠢᠴᠠᠯᠳᠤᠬᠤ ᠶᠢ ᠪᠡᠶᠡᠯᠡᠬᠦᠯᠦᠨ᠎ᠡ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶      ︵ᠠᠷᠪᠠᠨ ᠬᠤᠶᠠᠷ︶ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠮᠳᠡᠭᠲᠦ ᠶᠢᠨ ᠬᠤᠳᠠᠯᠳᠤᠭᠠᠴᠢᠨ ᠤ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠤᠯᠠᠮ ᠨᠢᠭᠡ ᠠᠯᠬᠤᠮ ᠳᠠᠮᠵᠢᠵᠤ᠂ ᠬᠥᠷᠥᠩᠭᠡ ᠶᠢᠨ ᠪᠣᠳᠠᠲᠤ ᠬᠦᠴᠦᠨ ᠢ ᠨᠡᠮᠡᠭᠳᠡᠭᠦᠯᠦᠨ᠂ ᠲᠡᠷᠢᠭᠦᠨ ᠤ ᠺᠣᠮᠫᠠᠨᠢ ᠶᠢᠨ ᠵᠠᠰᠠᠯᠲᠠ ᠬᠢᠭᠰᠡᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠺᠣᠮᠫᠠᠨᠢ ᠶᠢ ᠬᠠᠪᠰᠤᠷᠤᠨ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢ ᠶᠢ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠳᠤ ᠰᠢᠯᠢᠳᠡᠭ ᠠᠵᠤ ᠠᠬᠤᠶᠢᠯᠠᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠳᠤ ᠬᠠᠪᠰᠤᠷᠤᠯᠭ᠎ᠠ ᠦᠵᠡᠭᠦᠯᠦᠨ᠎ᠡ᠃ ᠲᠣᠰ ᠭᠠᠵᠠᠷ ᠤᠨ ᠲᠡᠮᠳᠡᠭᠲᠦ ᠶᠢᠨ ᠬᠤᠳᠠᠯᠳᠤᠭᠠᠴᠢᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠳᠡᠭᠡᠭᠰᠢᠯᠡᠭᠦᠯᠬᠦ ᠶᠢ ᠳᠠᠮᠵᠢᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠪᠤᠢ ᠪᠤᠯᠭᠠᠬᠤ ᠪᠠ ᠲᠡᠳᠡᠬᠡᠷ ᠺᠤᠮᠫᠠᠨᠢ ᠳᠤ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠴᠢᠩᠭᠠᠷᠠᠭᠤᠯᠤᠨ᠎ᠠ᠃ ᠬᠢᠨᠠᠨ ᠪᠤᠳᠤᠬᠤ᠂ ᠬᠠᠤᠯᠢ ᠴᠠᠭᠠᠵᠠ ᠶᠢᠨ ᠦᠢᠯᠡᠴᠢᠯᠡᠭᠡ᠂ ᠦᠨᠡᠯᠡᠨ ᠵᠢᠱᠢᠬᠦ ᠵᠡᠷᠭᠡ ᠵᠠᠭᠤᠴᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠯᠬᠡᠬᠦ ᠪᠠᠷ ᠤᠯᠠᠮ ᠨᠢᠭᠡ ᠠᠯᠬᠤᠮ ᠰᠢᠪᠠᠳᠠᠨ ᠱᠠᠭᠠᠷᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠪᠠᠶᠢᠭᠤᠯᠤᠮᠵᠢ ᠨᠤᠭᠤᠳ ᠵᠠᠭᠤᠴᠢ ᠪᠠᠶᠢᠭᠤᠯᠤᠮᠵᠢ ᠯᠤᠭ᠎ᠠ ᠬᠠᠮᠵᠢᠯᠴᠠᠨ ᠬᠠᠤᠯᠢ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤ ᠨᠢ᠂ ᠣᠨᠣᠪᠴᠢᠲᠠᠶ ᠪᠠᠷ᠂ ᠪᠦᠷᠢᠨ ᠭᠦᠢᠴᠡᠳ ᠬᠠᠩᠭᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶      ︵ᠠᠷᠪᠠᠨ ᠭᠤᠷᠪᠠ︶ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠠᠶᠤᠯ ᠦᠭᠡᠶ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠨᠳᠦ ᠨᠤᠴᠢᠳᠠᠢ ᠭᠡᠨᠡᠳᠲᠡ ᠶᠢᠨ ᠬᠡᠷᠡᠭ ᠭᠠᠷᠪᠠᠯ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ︔ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠬᠦᠨᠳᠦ ᠨᠣᠴᠢᠲᠠᠶ ᠨᠥᠯᠥᠭᠡ ᠭᠠᠷᠭᠠᠨᠨᠰᠠᠨ ᠪᠠᠶᠢᠪᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠪ ᠤᠨ ᠬᠤᠷᠸ᠎ᠠ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡᠨ ᠢᠶᠠᠷ ᠲᠤᠨᠨᠳᠠᠪᠤᠷᠢᠵᠢᠭᠤᠯᠬᠤ ᠵᠡᠷᠭᠡ ᠵᠣᠬᠢᠴᠠᠭᠤᠯᠬᠤ ᠲᠣᠭᠲᠠᠴᠠ ᠳᠤ ᠲᠦᠰᠢᠭᠯᠡᠨ᠂ ᠬᠠᠮᠵᠢᠯᠴᠠᠵᠦ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠨ᠂ ᠠᠵᠤ ᠦᠢᠯᠡᠰ᠂ ᠮᠥᠩᠭᠦᠨ ᠭᠦᠢᠯᠭᠡᠭᠡᠨ᠂ ᠡᠳ᠋ ᠤᠨ ᠵᠠᠰᠠᠭ ᠭᠠᠶᠢᠯᠢ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠴᠠᠭ ᠲᠤᠬᠠᠶ ᠳᠤ ᠨᠢ ᠠᠷᠭ᠎ᠠ ᠬᠡᠮᠵᠢᠶ᠎ᠡ ᠠᠪᠴᠤ᠂ ᠬᠥᠳᠡᠯᠮᠦᠷᠢ ᠦᠢᠯᠡᠴᠢᠯᠡᠭᠡᠨ ᠤ ᠠᠵᠢᠯᠴᠢᠨ ᠬᠡᠷᠡᠭᠯᠡᠬᠦ᠂ ᠦᠢᠯᠡᠳᠪᠦᠷᠢᠯᠡᠯ ᠤᠨ ᠬᠡᠷᠡᠭᠰᠡᠯ᠂ ᠨᠡᠶᠢᠲᠡ ᠶᠢᠨ ᠦᠢᠯᠡᠰ ᠤᠨ ᠦᠢᠯᠡᠳᠬᠦᠨ ᠤ ᠬᠠᠩᠭᠠᠯᠭ᠎ᠠ ᠪᠠ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠷᠭ᠎ᠠ ᠵᠠᠮ ᠢ ᠬᠠᠮᠠᠭᠠᠯᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠡᠪ ᠤᠨ ᠠᠵᠢᠯᠯᠠᠭ᠎ᠠ ᠪᠠᠨ ᠲᠦᠷᠭᠡᠬᠡᠨ ᠰᠡᠷᠭᠦᠭᠡᠬᠦ ᠶᠢ ᠨᠢ ᠲᠡᠮᠵᠢᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠭᠡᠨᠡᠳᠲᠡ ᠡᠭᠦᠰᠬᠦ ᠦᠢᠯᠡᠳᠪᠦᠷᠢᠯᠡᠯ ᠡᠵᠡᠩᠨᠡᠯᠲᠡ ᠶᠢᠨ ᠬᠡᠷᠡᠭ᠂ ᠲᠤᠨᠨᠳᠠᠪᠤᠷᠢ ᠦᠬᠡᠢ ᠴᠢᠨᠠᠷᠲᠠᠶ ᠲᠦᠭᠰᠢᠭᠦᠷᠢ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠵᠡᠷᠭᠡ ᠳᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠨᠢ ᠲᠡᠮᠵᠢᠯᠬᠡ ᠦᠵᠡᠬᠦᠯᠦᠨ᠎ᠡ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠠᠷᠪᠠᠨ ᠳᠥᠷᠪᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠥᠭᠵᠢᠯᠲᠡ ᠶᠢᠨ ᠣᠷᠴᠢᠨ ᠨᠦᠭᠦᠴᠡᠯ ᠢ ᠬᠦᠴᠦᠯᠡᠨ ᠰᠢᠯᠢᠳᠡᠭᠵᠢᠬᠦᠯᠦᠨ᠎ᠡ᠃ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠤᠬᠠᠭᠤᠯᠭ᠎ᠠ ᠬᠢᠬᠦ ᠪᠠᠨ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠦᠭᠦᠴᠡᠯ ᠢ ᠪᠤᠢ ᠪᠤᠯᠭᠠᠨ᠎ᠠ᠃ ᠬᠤᠳᠠᠯ ᠬᠠᠭᠤᠷᠮᠠᠭ ᠮᠡᠳᠡᠭᠡ ᠵᠠᠩᠭᠢ ᠪᠤᠶᠤ ᠲᠦᠬᠡᠷᠢᠭᠳᠡᠬᠦᠯᠬᠦ ᠴᠢᠨᠠᠷᠲᠠᠶ ᠮᠡᠳᠡᠭᠡ ᠵᠠᠩᠭᠢ ᠵᠣᠬᠢᠶᠠᠭᠰᠠᠨ᠂ ᠤᠯᠠᠮᠵᠢᠯᠠᠨ ᠲᠠᠷᠬᠠᠭᠠᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠦ᠂ ᠮᠡᠳᠡᠭᠡ ᠵᠠᠩᠭᠢ ᠤᠯᠠᠮᠵᠢᠯᠠᠬᠤ ᠡᠮᠬᠢ ᠳᠢᠭᠯᠢᠮ ᠢ ᠵᠢᠷᠤᠮᠵᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠵᠢᠴᠢ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠪᠣᠳᠠᠲᠠᠶ ᠡᠵᠡᠮᠰᠢᠭᠴᠢ ᠶᠢᠨ ᠨᠡᠶᠢᠭᠡᠮ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠣᠨᠣᠯᠵᠢᠬᠤᠨ ᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠶᠣᠰᠣ ᠮᠣᠷᠠᠯ ᠤᠨ ᠲᠦᠭᠰᠢᠭᠦᠷᠢ ᠶᠢ ᠡᠷᠡᠰ ᠰᠡᠷᠭᠡᠶᠢᠯᠡᠵᠦ᠂ ᠭᠠᠵᠠᠷ ᠣᠷᠣᠨ ᠤ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠬᠢᠬᠦ ᠬᠦᠴᠢᠷᠳᠡᠯ ᠪᠠ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢ ᠪᠤᠢ ᠪᠤᠯᠭᠠᠬᠤ ᠪᠠ ᠲᠡᠳᠡᠬᠡᠷ ᠲᠤ ᠦᠢᠯᠡᠴᠢᠯᠡᠬᠦ ᠳᠤ ᠬᠤᠯᠪᠣᠭᠳᠠᠬᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠣᠭᠤᠮᠲᠠ᠂ ᠮᠥᠩᠭᠦᠨ ᠭᠦᠢᠯᠭᠡᠭᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠪᠠᠶᠢᠭᠤᠯᠭ᠎ᠠ ᠵᠡᠷᠭᠡ ᠶᠢᠨ ᠮᠡᠳᠡᠭᠡ ᠵᠠᠩᠭᠢ ᠶᠢ ᠬᠠᠶᠢᠨ ᠯᠠᠪᠯᠠᠵᠤ ᠬᠠᠮᠲᠤ ᠳᠤ ᠪᠠᠨ ᠭᠥᠷᠳᠡᠬᠦ ᠲᠣᠭᠲᠠᠴᠠ ᠶᠢ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠮᠦᠩᠬᠦ ᠥᠭᠬᠦ ᠶᠢ ᠪᠠᠲᠤᠯᠠᠬᠤ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ᠂ ᠫᠠᠶᠢᠰᠠ ᠡᠯᠭᠦᠭᠰᠡᠨ ᠺᠣᠮᠫᠠᠨᠢ ᠶᠢᠨ ᠬᠤᠷᠢᠶᠠᠪᠠᠰᠤ ᠵᠣᠬᠢᠬᠤ ᠳᠠᠩᠰᠠᠨ ᠳᠠᠬᠢ ᠵᠣᠭᠤᠰ ᠮᠦᠩᠭᠦ ᠶᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠡᠷᠬᠡ ᠲᠡᠭᠰᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠦᠭᠦᠴᠡᠯ ᠢ ᠪᠤᠢ ᠪᠤᠯᠭᠠᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠠᠷᠪᠠᠨ ᠲᠠᠪᠤ︶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠᠨ ᠴᠢᠩᠭᠠᠳᠬᠠᠨ᠎ᠠ᠃ ᠡᠳ᠋ ᠤᠨ ᠶᠠᠪᠤᠳᠠᠯ ᠤᠨ ᠲᠠᠯ᠎ᠠ ᠳᠤ ᠬᠠᠭᠤᠷᠮᠠᠭᠯᠠᠨ ᠵᠣᠬᠢᠶᠠᠬᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠪᠠᠯᠠ ᠮᠥᠩᠭᠦ ᠶᠢ ᠦᠪᠡᠷᠴᠢᠯᠡᠬᠦ᠂ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠬᠦ᠂ ᠳᠠᠯᠳᠠᠭᠤᠷ ᠠᠷᠠᠯᠵᠢᠶᠠᠯᠠᠬᠤ᠂ ᠵᠠᠬ᠎ᠠ ᠳᠡᠯᠭᠡᠭᠦᠷ ᠢ ᠡᠵᠡᠮᠰᠢᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷ ᠢ ᠪᠠᠨ ᠵᠤᠬᠢᠴᠠᠭᠤᠯᠬᠤ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠵᠣᠭᠤᠰ ᠢᠶᠠᠷ ᠲᠣᠷᠭᠠᠬᠤ᠂ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠵᠡᠷᠭᠡ ᠡᠯ᠎ᠡ ᠲᠥᠷᠥᠯ ᠤᠨ ᠥᠪᠡᠷ ᠢ ᠪᠠᠨ ᠵᠤᠬᠢᠴᠠᠭᠤᠯᠬᠤ ᠵᠢᠴᠢ ᠵᠠᠰᠠᠭ ᠵᠠᠬᠢᠷᠭᠠᠨ ᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠰᠦᠪᠡᠭᠴᠢ ᠶᠢ ᠢᠯᠡᠷᠡᠭᠦᠯᠬᠦ ᠪᠠ ᠡᠷᠡᠭᠦᠦ ᠶᠢᠨ ᠬᠡᠷᠡᠭ ᠢ ᠰᠢᠯᠵᠢᠭᠦᠯᠦᠨ ᠬᠦᠷᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠡᠭᠦᠦ ᠶᠢᠨ ᠬᠡᠷᠡᠭ ᠤᠨ ᠨᠡᠬᠡᠮᠵᠢᠯᠡᠨ ᠵᠠᠭᠠᠯᠳᠤᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠰᠢᠯᠵᠢᠬᠦᠯᠬᠦ ᠶᠤᠰᠤᠳᠠᠢ ᠶᠢ ᠨᠢ ᠠᠯᠢ ᠴᠢᠳᠠᠬᠤ ᠪᠠᠷ ᠰᠢᠯᠵᠢᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠬᠢᠭᠡᠳ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠶ ᠡᠵᠡᠮᠰᠢᠭᠴᠢ ᠶᠢᠨ ᠬᠠᠷᠢᠭᠤᠴᠠᠯᠭ᠎ᠠ ᠶᠢ ᠵᠦᠷᠢᠶᠡᠴᠢᠯᠡᠨ ᠰᠢᠢᠳᠪᠦᠷᠢᠯᠡᠬᠦ ᠶᠢ ᠠᠬᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠳᠣᠪᠤᠶᠢᠯᠭᠠᠨ᠎ᠠ᠃ ᠣᠲᠣ ᠶᠢᠨ ᠪᠠᠶᠢᠭ᠎ᠠ ᠦᠨᠡᠨᠴᠢ ᠢᠲᠡᠭᠡᠮᠵᠢ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠲᠣᠭᠲᠠᠴᠠ ᠳᠤ ᠲᠦᠰᠢᠭᠯᠡᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠨᠨᠰᠠᠨ ᠺᠣᠮᠫᠠᠨᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠷᠢᠭᠤᠴᠠᠯᠭ᠎ᠠ ᠲᠠᠢ ᠬᠠᠮᠢᠶ᠎ᠠ ᠪᠥᠬᠦᠶ ᠢᠲᠡᠭᠡᠮᠵᠢ ᠠᠯᠳᠠᠭᠰᠠᠨ ᠭᠤᠤᠯ ᠴᠣᠭᠴᠠ ᠶᠢ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠢᠯᠢ ᠠᠴᠠ ᠭᠠᠷᠴᠤ ᠶᠠᠪᠤᠵᠤ ᠰᠠᠭᠤᠬᠤ ᠵᠡᠷᠭᠡ ᠲᠠᠯ᠎ᠠ ᠪᠠᠷ ᠬᠠᠤᠯᠢ ᠶᠣᠰᠣᠭᠠᠷ ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠦᠪᠦᠷ ᠮᠤᠩᠭᠤᠯ ᠤᠨ ᠴᠡᠷᠢᠭ ᠤᠨ ᠲᠤᠭᠤᠷᠢᠭ᠂ ᠵᠡᠪᠰᠡᠭᠲᠦ ᠴᠬᠠᠳᠠᠭᠠᠨ ᠤ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃                                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                    2021 ᠣᠨ ᠤ 1 ᠳ᠋ᠤᠬᠡᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ