2021 ᠣᠨ ᠳᠤ ᠠᠯᠠᠱᠠ ᠠᠶᠢᠮᠠᠭ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠠᠷᠠᠯᠵᠢᠶ᠎ᠠ ᠬᠢᠭᠰᠡᠨ ᠤ ᠳᠠᠷᠠᠭ᠎ᠠ 283 ᠲᠦᠮᠡᠨ ᠲᠥᠭᠦᠷᠢᠭ ᠤᠨ ᠨᠥᠬᠦᠪᠥᠷᠢ ᠪᠡᠯᠡ ᠮᠥᠩᠭᠦ ᠤᠯᠪᠠ
ᠨᠡᠶᠢᠲᠡᠯᠡᠭᠰᠡᠨ ᠴᠠᠭ᠄
2021/7/8

     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠬᠤᠯᠪᠣᠭᠠᠯᠠᠨ ᠬᠤᠶᠠᠳᠤᠭᠠᠷ ᠪᠦᠯᠦᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠪᠠᠯᠠ ᠮᠥᠩᠭᠦ ᠶᠢᠨ ᠲᠥᠰᠦᠪ ᠤᠨ ᠮᠡᠳᠡᠭᠳᠡᠯ ᠢ ᠪᠠᠭᠤᠯᠭᠠᠵᠤ᠂ ᠠᠯᠠᠱᠠ ᠠᠶᠢᠮᠠᠭ ᠤᠨ 105 ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠠᠷᠠᠯᠵᠢᠶ᠎ᠠ ᠬᠢᠭᠰᠡᠨ ᠤ ᠳᠠᠷᠠᠭ᠎ᠠ 283 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠣᠯᠬᠤ ᠪᠠᠷ ᠵᠥᠪᠰᠢᠶᠡᠷᠡᠭᠳᠡᠵᠦ᠂ ᠲᠥᠷᠥᠯ ᠵᠦᠢᠯ ᠤᠨ ᠲᠤᠭ᠎ᠠ ᠪᠠ ᠨᠥᠬᠦᠪᠥᠷᠢ ᠪᠠᠯᠠ ᠮᠥᠩᠭᠦ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 228% ᠪᠠ 37% ᠪᠠᠷ ᠨᠡᠮᠡᠭᠳᠡᠪᠡ᠃
     ᠠᠯᠠᠱᠠ ᠠᠶᠢᠮᠠᠭ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠪᠠᠷ ᠲᠣᠬᠢᠶᠠᠯ ᠪᠣᠯᠭᠠᠨ᠂ ᠮᠡᠷᠭᠡᠵᠢᠯ ᠤᠨ ᠠᠷᠠᠯᠵᠢᠶ᠎ᠠ ᠶᠢᠨ ᠠᠵᠢᠯ ᠤᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ᠂ ᠮᠡᠷᠭᠡᠵᠢᠯ ᠤᠨ ᠠᠷᠠᠯᠵᠢᠶ᠎ᠠ ᠬᠢᠭᠰᠡᠨ ᠤ ᠳᠠᠷᠠᠭᠠᠬᠢ ᠨᠥᠬᠦᠪᠥᠷᠢ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ᠂ ᠮᠡᠷᠭᠡᠵᠢᠯ ᠤᠨ ᠠᠷᠠᠯᠵᠢᠶ᠎ᠠ ᠬᠢᠭᠰᠡᠨ ᠤ ᠳᠠᠷᠠᠭᠠᠬᠢ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠪᠣᠯᠪᠠᠰᠤᠷᠠᠯ ᠳᠤ ᠣᠷᠣᠯᠴᠠᠭᠤᠯᠪᠠ᠃
     2018 ᠣᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠡᠷᠭᠡᠵᠢᠯ ᠤᠨ ᠠᠷᠠᠯᠵᠢᠶ᠎ᠠ ᠬᠢᠭᠰᠡᠨ ᠤ ᠳᠠᠷᠠᠭᠠᠬᠢ ᠨᠥᠬᠦᠪᠥᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠠᠯᠠᠱᠠ ᠠᠶᠢᠮᠠᠭ ᠨᠢᠭᠡᠨᠲᠡ ᠮᠡᠷᠭᠡᠵᠢᠯ ᠤᠨ ᠠᠷᠠᠯᠵᠢᠶ᠎ᠠ ᠬᠢᠭᠰᠡᠨ ᠤ ᠳᠠᠷᠠᠭ᠎ᠠ ᠨᠡᠶᠢᠲᠡ 152 ᠲᠥᠷᠥᠯ ᠵᠦᠢᠯ ᠤᠨ ᠨᠥᠬᠦᠪᠥᠷᠢ ᠣᠯᠵᠤ᠂ ᠪᠥᠬᠦ ᠵᠣᠭᠤᠰ ᠤᠨ ᠲᠤᠭ᠎ᠠ ᠨᠢ 603.03 ᠲᠦᠮᠡᠨ ᠲᠥᠭᠦᠷᠢᠭ ᠲᠤ ᠬᠦᠷᠴᠡᠶ᠃ ᠮᠡᠷᠭᠡᠵᠢᠯ ᠤᠨ ᠠᠷᠠᠯᠵᠢᠶ᠎ᠠ ᠬᠢᠭᠰᠡᠨ ᠤ ᠳᠠᠷᠠᠭᠠᠬᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠪᠥᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠪᠠ ᠠᠯᠠᠱᠠ ᠠᠶᠢᠮᠠᠭ ᠤᠨ ᠮᠡᠷᠭᠡᠵᠢᠯ ᠤᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠵᠡᠷᠭᠡ ᠲᠠᠯ᠎ᠠ ᠪᠠᠷ ᠢᠳᠡᠪᠬᠢᠲᠡᠶ ᠠᠬᠢᠭᠤᠯᠬᠤ ᠦᠢᠯᠡᠳᠦᠯ ᠲᠠᠢ ᠶᠤᠮ᠃ ᠠᠯᠠᠱᠠ ᠬᠤᠶᠢᠰᠢᠳᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠥᠲᠥᠯᠦᠨ ᠵᠢᠯᠣᠭᠤᠳᠬᠤ ᠦᠢᠯᠡᠳᠦᠯ ᠢ ᠨᠡᠮᠡᠭᠳᠡᠭᠦᠯᠦᠨ᠂ ᠠᠵᠤ ᠠᠬᠤᠶᠢᠯᠠᠯ ᠳᠤ ᠴᠢᠨᠠᠷᠯᠢᠭ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠥᠬᠦ ᠲᠠᠯ᠎ᠠ ᠪᠠᠷ ᠠᠬᠢᠭᠤᠯᠤᠨ᠂ ᠠᠯᠠᠱᠠ ᠠᠶᠢᠮᠠᠭ ᠤᠨ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠪᠠᠷ ᠪᠤᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ