︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢᠶᠠᠨ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠦᠯ ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/7/8
            ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ                                       ᠦᠪᠦᠷ ᠵᠠᠰᠠᠭ ᠠᠯᠪᠠᠨ ᠲᠠᠷᠬᠠᠭᠠᠭᠰᠠᠨ ﹇2021﹈ 11 ᠳ᠋ᠦ᠋ᠭᠡᠷ ᠲᠣᠭᠠᠲᠤ          ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢᠶᠠᠨ ︿ᠠᠮᠤ ᠪᠤᠳᠠᠭᠠᠨ ᠤ ᠪᠤᠰᠤ ᠪᠣᠯᠭᠠᠬᠤ﹀ ᠶᠢ           ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠦᠯ ︾ ᠢ ᠳᠠᠷᠤᠮᠠᠯᠯᠠᠨ ᠶᠠᠪᠤᠭᠤᠯᠬᠤ ᠲᠤᠬᠠᠢ           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢᠶᠠᠨ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                                         2021 ᠣᠨ ᠤ 2 ᠳ᠋ᠤᠭᠠᠷ ᠰᠠᠷ᠎ᠠ ᠶᠢᠨ 10 ᠤ ᠡᠳᠦᠷ                                                                         ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ        ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠠᠵᠢᠯ ᠤᠨ ᠲᠥᠰᠦᠯ      ︽ᠲᠠᠷᠢᠶᠠᠯᠠᠬᠤ ᠭᠠᠵᠠᠷ ᠢᠶᠠᠨ ︿ᠠᠮᠤ ᠪᠤᠳᠠᠭᠠᠨ ᠤ ᠪᠤᠰᠤ ᠪᠣᠯᠭᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 44 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠦᠨᠡᠨ ᠬᠦ ᠲᠣᠭᠲᠠᠭᠤᠨ ᠪᠠᠶᠢᠯᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠪᠠᠨ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠤᠷᠢᠲᠠᠯ ᠪᠣᠯᠭᠠᠨ᠂ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ᠂ ᠭᠠᠵᠠᠷ ᠲᠠᠯᠠᠪᠠᠢ ᠶᠢ ᠲᠣᠭᠲᠠᠭᠤᠨ ᠪᠠᠶᠢᠯᠭᠠᠬᠤ᠂ ᠤᠨᠠᠯᠲᠠ ᠶᠢ ᠲᠣᠭᠲᠠᠭᠤᠨ ᠪᠠᠶᠢᠯᠭᠠᠬᠤ ᠪᠠᠷ ᠬᠦᠴᠦᠯᠡᠨ ᠴᠢᠷᠮᠠᠶᠢᠵᠤ᠂ ᠲᠠᠷᠢᠶᠠᠯᠠᠬᠤ ᠭᠠᠵᠠᠷ ᠢ ᠬᠠᠮᠢᠶᠠᠷᠤᠨ ᠡᠵᠡᠮᠳᠡᠬᠦ᠂ ᠪᠦᠲᠦᠭᠡᠨ ᠪᠠᠶᠢᠭᠤᠯᠬᠤ᠂ ᠤᠷᠮᠠᠰᠢᠭᠤᠯᠬᠤ ᠣᠯᠠᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠬᠦ ᠶᠢ ᠪᠠᠷᠢᠮᠲᠠᠯᠠᠨ᠂ ᠠᠮᠤ ᠪᠤᠳᠠᠭᠠᠨ ᠤ ᠲᠠᠷᠢᠮᠠᠯ ᠤᠨ ᠣᠷᠣᠨ ᠪᠦᠰᠡ ᠶᠢᠨ ᠪᠠᠶᠢᠷᠢᠰᠢᠯ ᠪᠠ ᠳᠣᠲᠣᠭᠠᠳᠤ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠦᠨ᠂ ᠲᠠᠷᠢᠶᠠᠯᠠᠬᠤ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠵᠤ᠂ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠪᠦᠬᠦ ᠣᠷᠣᠨ ᠤ 9300 ᠲᠦᠮᠡᠨ ᠮᠦ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠨ᠂ ᠠᠮᠤ ᠪᠤᠳᠠᠭ᠎ᠠ ᠲᠠᠷᠢᠬᠤ ᠲᠠᠯᠠᠪᠠᠢ ᠶᠢ ᠳ᠋ᠦᠩᠰᠢᠭᠤᠷ ᠮᠦ ᠭᠠᠷᠤᠢ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ 700 ᠭᠠᠷᠤᠢ ᠳ᠋ᠦᠩᠰᠢᠭᠤᠷ ᠵᠢᠩ ᠳᠤ ᠲᠣᠭᠲᠠᠪᠤᠷᠢᠵᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃      ᠬᠤᠶᠠᠷ᠂ ᠭᠤᠣᠯᠳᠠᠯᠭ᠎ᠠ ᠪᠣᠯᠬᠤ ᠠᠵᠢᠯ      ︵ᠨᠢᠭᠡ︶ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠲᠠᠷᠢᠶᠠᠯᠠᠬᠤ ᠭᠠᠵᠠᠷ ᠢᠶᠠᠨ ︽ᠲᠠᠷᠢᠶᠠᠯᠠᠩ ᠤᠨ ᠪᠤᠰᠤ ᠪᠣᠯᠭᠠᠬᠤ︾ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠰᠡᠷᠭᠡᠶᠢᠯᠡᠬᠦ ᠠᠵᠢᠯ ᠳᠤ ᠣᠯᠠᠨᠲᠠ ᠴᠢᠬᠤᠯᠠ ᠵᠢᠭᠠᠪᠤᠷᠢ ᠴᠣᠬᠤᠯᠠᠪᠤᠷᠢ ᠬᠢᠬᠦ ᠳᠤ ᠪᠠᠨ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠯᠠᠬᠤ ᠭᠠᠵᠠᠷ ᠢᠶᠠᠨ ︽ᠲᠠᠷᠢᠶᠠᠯᠠᠩ ᠤᠨ ᠪᠤᠰᠤ ᠪᠣᠯᠭᠠᠵᠤ︾ ᠪᠣᠯᠬᠤ ᠦᠭᠡᠢ᠂ ᠰᠠᠶᠢᠨ ᠲᠠᠷᠢᠶᠠᠨ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠦᠭᠡᠢ ᠪᠠᠶᠢᠬᠤ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠦᠨᠳᠦᠰᠦ ᠮᠥᠨ ᠭᠡᠵᠦ ᠴᠢᠬᠤᠯᠠᠴᠢᠯᠠᠪᠠ᠃ ᠣᠳᠣᠬᠠᠨ ᠳᠤ᠂ ᠤᠯᠤᠰ ᠤᠨ ᠳᠣᠲᠣᠭᠠᠳᠤ ᠳᠠᠬᠢ ᠠᠮᠤ ᠪᠤᠳᠠᠭᠠᠨ ᠤ ᠦᠢᠯᠡᠳᠪᠦᠷᠢᠯᠡᠯ ᠬᠡᠷᠡᠭᠴᠡᠭᠡ ᠮᠦᠨ ᠬᠦ ᠲᠠᠲᠠᠭᠤ ᠲᠡᠩᠴᠡᠭᠦᠷᠢᠰᠢᠭᠰᠡᠨ ᠪᠠᠶᠢᠳᠠᠯ ᠳᠤ ᠪᠠᠨ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠳᠡᠯᠡᠬᠡᠢ ᠳᠤ ᠲᠠᠷᠬᠠᠨ ᠳᠡᠯᠭᠡᠷᠡᠵᠦ᠂ ᠤᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠲᠣᠭᠲᠠᠪᠤᠷᠢ ᠦᠭᠡᠢ ᠪᠠᠶᠢᠬᠤ ᠪᠠᠶᠢᠳᠠᠯ ᠬᠤᠷᠴᠠᠳᠪᠠ᠂ ᠲᠥᠪ ᠠᠴᠠ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠵᠤ ᠪᠠᠶᠢᠭᠠᠳ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠲᠣᠭᠲᠠᠪᠤᠷᠢ ᠦᠭᠡᠢ ᠪᠠᠶᠢᠳᠠᠯ ᠢ ᠠᠷᠭᠠᠴᠠᠭᠠᠬᠤ ᠬᠡᠷᠡᠭᠲᠡᠢ ᠭᠡᠵᠦ ᠳᠤᠷᠠᠳᠪᠠ᠃ ᠡᠯ᠎ᠡ ᠭᠠᠵᠠᠷ ᠣᠷᠣᠨ ᠨᠢ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠪᠠᠨ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠨ᠂ ᠲᠠᠷᠢᠶᠠᠯᠠᠬᠤ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠠᠰᠢᠭᠯᠠᠬᠤ ᠬᠡᠷᠡᠭᠲᠡᠢ᠂ ᠭᠠᠭᠴᠠ ᠠᠵᠤ ᠠᠬᠤᠶ ᠶᠢᠨ ᠦᠷ᠎ᠡ ᠠᠰᠢᠭ ᠢᠶᠠᠷ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠲᠣᠭᠲᠠᠭᠠᠵᠤ ᠪᠣᠯᠬᠤ ᠦᠭᠡᠶ᠂ ᠡᠷᠬᠡᠪᠰᠢ ᠬᠢᠵᠠᠭᠠᠷ ᠲᠠᠢ ᠪᠠᠶᠢᠭ᠎ᠠ ᠲᠠᠷᠢᠶᠠᠯᠠᠬᠤ ᠭᠠᠵᠠᠷ ᠤᠨ ᠡᠬᠢ ᠪᠠᠶᠠᠯᠢᠭ ᠢ ᠠᠮᠤ ᠪᠤᠳᠠᠭᠠᠨ ᠤ ᠦᠢᠯᠡᠳᠪᠦᠷᠢᠯᠡᠯ ᠳᠤ ᠤᠷᠢᠳ ᠢᠶᠠᠷ ᠬᠡᠷᠡᠭᠯᠡᠵᠦ᠂ ᠠᠮᠤ ᠪᠤᠳᠠᠭᠠᠨ ᠤ ᠳᠣᠲᠣᠭᠠᠳᠤ ᠳᠠᠬᠢ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠨ᠂ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠶ ᠶᠢ ᠬᠠᠰᠤᠭᠳᠠᠭᠤᠯᠬᠤ ᠦᠭᠡᠶ᠂ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ᠂ ᠤᠨᠠᠯᠲᠠ ᠶᠢ ᠪᠠᠭᠤᠷᠠᠭᠤᠯᠬᠤ ᠦᠭᠡᠶ ᠪᠠᠶᠢᠬᠤ ᠪᠠᠨ ᠦᠨᠡᠨ ᠬᠦ ᠪᠠᠲᠤᠯᠠᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠤ ᠪᠤᠳᠠᠭ᠎ᠠ ᠪᠠ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠂ ᠳᠣᠷᠣᠭᠰᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ᠂ ᠳᠠᠭᠢᠵᠤ ᠵᠢᠭᠰᠠᠭᠠᠵᠤ ᠲᠣᠳᠤᠷᠬᠠᠶᠢᠯᠠᠬᠤ ᠥᠬᠡᠶ︶      ︵ᠬᠤᠶᠠᠷ︶ ᠲᠠᠷᠢᠶᠠᠯᠠᠬᠤ ᠭᠠᠵᠠᠷ ᠢ ᠠᠰᠢᠭᠯᠠᠨ ᠬᠡᠷᠡᠭᠯᠡᠬᠦ ᠳᠤ ᠤᠷᠢᠳ ᠢᠶᠠᠷ ᠪᠣᠳᠣᠯᠬᠢᠯᠠᠬᠤ ᠳᠡᠰ ᠳᠠᠷᠠᠭᠠᠯᠠᠯ ᠢᠶᠠᠨ ᠲᠣᠳᠣᠷᠬᠠᠶ ᠲᠣᠭᠲᠠᠭᠠᠨ᠎ᠠ᠃ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠲᠠᠷᠢᠶᠠᠯᠠᠬᠤ ᠭᠠᠵᠠᠷ ᠲᠤ ᠣᠨᠴᠠᠭᠠᠶ ᠬᠠᠮᠠᠭᠠᠯᠠᠯᠲᠠ ᠪᠠ ᠭᠠᠵᠠᠷ ᠰᠢᠷᠤᠢ ᠶᠢᠨ ᠵᠣᠷᠢᠭᠤᠯᠤᠯᠲᠠ ᠶᠢ ᠵᠠᠬᠢᠷᠤᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠲᠠᠷᠢᠶᠠᠯᠠᠬᠤ ᠭᠠᠵᠠᠷ ᠢ ᠣᠶᠢᠲᠤ ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠥᠷᠥᠯ ᠬᠡᠯᠪᠡᠷᠢ ᠪᠦᠬᠦᠢ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠡ ᠬᠡᠰᠡᠭ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠴᠢᠨᠠᠷ ᠰᠠᠶᠢᠲᠠᠢ ᠲᠠᠷᠢᠶᠠᠯᠠᠬᠤ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠳᠤ ᠭᠤᠣᠯᠳᠠᠯᠭ᠎ᠠ ᠲᠠᠢ ᠬᠡᠷᠡᠭᠯᠡᠨ᠎ᠡ᠂ ᠢᠯᠠᠩᠭᠤᠶ᠎ᠠ ᠡᠷᠳᠡᠨᠢ ᠰᠢᠰᠢ᠂ ᠪᠤᠭᠤᠳᠠᠢ᠂ ᠲᠤᠲᠤᠷᠭ᠎ᠠ ᠲᠠᠷᠢᠬᠤ ᠲᠠᠯᠠᠪᠠᠢ ᠶᠢ ᠪᠠᠲᠤᠯᠠᠵᠤ᠂ ᠵᠡᠭᠦᠨ ᠬᠤᠶᠢᠲᠤ ᠣᠷᠣᠨ ᠤ ᠰᠢᠷ᠎ᠠ ᠪᠤᠷᠴᠠᠭ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠪᠠᠨ ᠡᠮᠬᠢ ᠵᠢᠷᠤᠮ ᠲᠠᠢ ᠬᠡᠷᠡᠭᠵᠢᠭᠦᠯᠦᠨ᠂ ᠲᠥᠮᠥᠰᠥ ᠲᠠᠷᠢᠬᠤ ᠲᠠᠯᠠᠪᠠᠢ ᠶᠢ ᠵᠣᠬᠢᠰᠲᠠᠢ ᠲᠦᠪᠰᠢᠨ ᠳᠤ ᠬᠦᠷᠲᠡᠯ᠎ᠡ ᠲᠣᠭᠲᠠᠭᠤᠨ ᠢᠶᠠᠷ ᠰᠡᠷᠭᠦᠭᠡᠵᠦ᠂ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠩ ᠤᠨ ᠲᠠᠷᠢᠶᠠᠯᠠᠬᠤ ᠭᠠᠵᠠᠷ ᠢ ᠭᠤᠣᠯᠳᠠᠭᠤ ᠠᠮᠤ ᠪᠤᠳᠠᠭ᠎ᠠ ᠪᠠ ᠲᠣᠰᠣ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠳᠤ ᠬᠡᠷᠡᠭᠯᠡᠨ᠎ᠡ᠃ ᠲᠠᠷᠢᠶᠠᠯᠠᠬᠤ ᠭᠠᠵᠠᠷ ᠢᠶᠠᠨ ᠠᠮᠤ ᠪᠤᠳᠠᠭ᠎ᠠ ᠪᠠ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠳᠤ ᠤᠷᠢᠳ ᠢᠶᠠᠷ ᠬᠡᠷᠡᠭᠯᠡᠬᠦ ᠶᠢ ᠬᠠᠩᠭᠠᠭᠰᠠᠨ ᠰᠠᠭᠤᠷᠢᠨ ᠳᠡᠭᠡᠷ᠎ᠡ᠂ ᠢᠳᠡᠭᠡᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠳᠤ ᠵᠣᠬᠢᠬᠤ ᠬᠡᠮᠵᠢᠶ᠎ᠡ ᠪᠠᠷ ᠬᠡᠷᠡᠭᠯᠡᠵᠦ᠂ ᠵᠠᠬ᠎ᠠ ᠳᠡᠯᠭᠡᠭᠦᠷ ᠲᠤ ᠢᠯᠡᠳᠲᠡ ᠦᠯᠡᠭᠦᠳᠡᠵᠦ ᠪᠠᠶᠢᠭ᠎ᠠ ᠢᠳᠡᠭᠡᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠶᠢ ᠨᠢ ᠬᠥᠲᠥᠯᠥᠨ ᠵᠢᠯᠣᠭᠤᠳᠴᠤ ᠪᠠᠶᠢᠭᠠᠳ ᠡᠮᠬᠢ ᠵᠠᠮᠪᠠᠷᠠᠭ᠎ᠠ ᠦᠭᠡᠶ ᠪᠠᠷ ᠬᠥᠭᠵᠢᠭᠦᠯᠬᠦ ᠶᠢ ᠰᠡᠷᠭᠡᠶᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠢ ᠪᠣᠳᠠᠲᠠᠢ ᠭᠠᠵᠠᠷ ᠬᠡᠰᠡᠭ ᠲᠤ ᠨᠢ ᠬᠦᠷᠲᠡᠯ᠎ᠡ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠪᠥᠭᠡᠳ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠶᠢ ᠪᠦᠲᠦᠭᠡᠨ ᠪᠠᠢᠭᠤᠯᠬᠤ ᠲᠥᠯᠥᠪᠵᠢᠭᠦᠯᠭᠡ ᠶᠣᠰᠣᠭᠠᠷ᠂ ᠡᠯ᠎ᠡ ᠭᠠᠵᠠᠷ ᠣᠷᠣᠨ ᠢ ᠬᠥᠲᠥᠯᠥᠨ ᠵᠢᠯᠣᠭᠤᠳᠴᠤ ᠪᠠᠶᠢᠭᠠᠳ ᠬᠠᠷᠠᠯᠲᠠ ᠪᠣᠯᠬᠤ ᠲᠠᠷᠢᠮᠠᠯ ᠢ ᠲᠠᠷᠢᠭᠤᠯᠤᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠢ ᠬᠤᠪᠢᠶᠠᠷᠢᠯᠠᠵᠤ ᠲᠣᠭᠲᠠᠭᠠᠭᠰᠠᠨ ᠪᠠᠶᠢᠳᠠᠯ ᠳᠤ ︽ᠪᠤᠴᠠᠵᠤ ᠪᠠᠶᠢᠴᠠᠭᠠᠨ ᠦᠵᠡᠬᠦ︾ ᠠᠵᠢᠯ ᠢ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠤ ᠪᠤᠳᠠᠲᠠᠢ ᠭᠠᠵᠠᠷ ᠬᠡᠰᠡᠭ ᠲᠠᠬᠢ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠢ ᠡᠵᠡᠩᠨᠡᠯᠲᠡ ᠶᠢᠨ ᠭᠤᠣᠯ ᠴᠣᠭᠴᠠ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠡᠷᠴᠢᠮ ᠢ ᠨᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠤ ᠬᠤᠪᠢᠶᠠᠷᠢᠯᠠᠵᠤ ᠲᠣᠭᠲᠠᠭᠠᠭᠰᠠᠨ ᠪᠣᠳᠠᠲᠠᠢ ᠭᠠᠵᠠᠷ ᠬᠡᠰᠡᠭ᠂ ᠬᠠᠷᠠᠯᠲᠠ ᠪᠣᠯᠬᠤ ᠲᠠᠷᠢᠮᠠᠯ ᠤᠨ ᠲᠠᠯᠠᠪᠠᠶ᠂ ᠠᠮᠤ ᠪᠤᠳᠠᠭᠠᠨ ᠤ ᠤᠨᠠᠯᠲᠠ ᠵᠡᠷᠭᠡ ᠪᠠᠶᠢᠳᠠᠯ ᠢ ᠪᠥᠬᠦ ᠶᠠᠪᠤᠴᠠ ᠳᠤ ᠨᠢ ᠮᠥᠷᠳᠡᠵᠦ᠂ ᠬᠥᠳᠡᠯᠦᠩᠭᠦᠶ ᠬᠢᠨᠠᠨ ᠰᠢᠨᠵᠢᠬᠦ ᠬᠠᠮᠢᠶᠠᠷᠤᠯᠲᠠ ᠶᠢ ᠴᠢᠩᠳᠠᠯᠠᠨ᠎ᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠤ ᠳᠤᠷ᠎ᠠ ᠪᠠᠷ ᠲᠣᠬᠢᠷᠠᠭᠤᠯᠤᠯᠲᠠ ᠬᠢᠵᠦ ᠪᠣᠯᠬᠤ ᠦᠭᠡᠶ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠤ ᠲᠣᠭᠲᠠᠭᠠᠯ ᠠᠴᠠ ᠵᠥᠷᠢᠴᠡᠨ ᠲᠠᠷᠢᠵᠤ ᠤᠷᠭᠤᠭᠤᠯᠬᠤ ᠪᠠ ᠲᠡᠵᠢᠭᠡᠨ ᠦᠷᠡᠵᠢᠭᠦᠯᠬᠦ ᠪᠡᠯᠡᠳᠬᠡᠮᠵᠢ ᠶᠢ ᠪᠠᠶᠢᠭᠤᠯᠵᠤ ᠪᠣᠯᠬᠤ ᠦᠭᠡᠶ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠢ ᠲᠣᠭᠲᠠᠭᠠᠯ ᠠᠴᠠ ᠵᠥᠷᠢᠴᠡᠨ ᠲᠠᠷᠢᠶᠠᠯᠠᠬᠤ ᠶᠢ ᠨᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶᠡᠨ ᠳᠤ ᠣᠷᠣᠭᠤᠯᠵᠤ ᠪᠣᠯᠬᠤ ᠦᠭᠡᠶ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠤ ᠪᠠᠷᠢᠮᠵᠢᠶ᠎ᠠ ᠠᠴᠠ ᠬᠡᠲᠦᠷᠡᠭᠦᠯᠦᠨ ᠲᠠᠷᠢᠶᠠᠨ ᠭᠠᠵᠠᠷ ᠤᠨ ᠣᠶ ᠲᠣᠣᠷᠯᠠᠵᠢᠭᠤᠯᠣᠨ ᠪᠠᠶᠢᠭᠤᠯᠵᠤ ᠪᠣᠯᠬᠤ ᠦᠭᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠠᠮᠤ ᠪᠤᠳᠠᠭ᠎ᠠ ᠲᠠᠷᠢᠬᠤ ᠲᠠᠯᠠᠪᠠᠶ ᠪᠠ ᠦᠢᠯᠡᠳᠪᠦᠷᠢᠯᠡᠬᠦ ᠴᠢᠳᠠᠮᠵᠢ ᠶᠢ ᠲᠣᠭᠲᠠᠭᠤᠨ ᠪᠠᠶᠢᠯᠭᠠᠨ᠎ᠠ᠃ ᠤᠯᠤᠰ ᠤᠨ ᠴᠢᠬᠤᠯᠠ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠪᠠᠶᠢᠷᠢᠰᠢᠭᠤᠯᠤᠯᠲᠠ ᠵᠢᠴᠢ ᠲᠥᠷᠥᠯ ᠬᠤᠪᠢᠶᠠᠨ ᠦᠢᠯᠡᠳᠪᠦᠷᠢᠯᠡᠵᠦ ᠬᠠᠩᠭᠠᠬᠤ ᠲᠥᠰᠦᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠶᠢᠮᠠᠭ ᠬᠤᠲᠠ ᠳᠤ ᠠᠮᠤ ᠪᠤᠳᠠᠭ᠎ᠠ ᠳᠠᠷᠢᠬᠤ ᠲᠠᠯᠠᠪᠠᠶ ᠪᠠ ᠠᠮᠤ ᠪᠤᠳᠠᠭᠠᠨ ᠤ ᠤᠨᠠᠯᠲᠠ ᠶᠢᠨ ᠬᠠᠷᠠᠯᠲᠠ ᠲᠠᠢ ᠡᠭᠦᠷᠭᠡ ᠪᠠᠭᠤᠯᠭᠠᠵᠤ᠂ ᠡᠯ᠎ᠡ ᠭᠠᠵᠠᠷ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠠᠮᠤ ᠪᠤᠳᠠᠭᠠᠨ ᠤ ᠭᠤᠤᠯ ᠭᠠᠷᠤᠯᠲᠠ ᠶᠢᠨ 9 ᠠᠶᠢᠮᠠᠭ ᠬᠤᠲᠠ ᠨᠢ ᠠᠮᠤ ᠪᠤᠳᠠᠭᠠᠨ ᠤ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠰᠢᠯᠢ ᠶᠢᠨ ᠭᠤᠤᠯ ᠠᠶᠢᠮᠠᠭ᠂ ᠦᠬᠠᠶ ᠬᠤᠲᠠ᠂ ᠠᠯᠠᠱᠠ ᠠᠶᠢᠮᠠᠭ ᠵᠡᠷᠭᠡ ᠠᠮᠤ ᠪᠤᠳᠠᠭᠠᠨ ᠤ ᠭᠤᠤᠯ ᠪᠤᠰᠤ ᠭᠠᠷᠤᠯᠲᠠ ᠶᠢᠨ 3 ᠠᠶᠢᠮᠠᠭ ᠬᠤᠲᠠ ᠨᠢ ᠠᠮᠤ ᠪᠤᠳᠠᠭ᠎ᠠ ᠳᠠᠷᠢᠬᠤ ᠲᠠᠯᠠᠪᠠᠶ ᠶᠢᠨ ᠬᠤᠷᠢᠭ᠎ᠠ ᠱᠤᠭᠤᠮ ᠢ ᠲᠣᠳᠣᠷᠬᠠᠶ ᠲᠣᠭᠲᠠᠭᠠᠵᠤ᠂ ᠠᠮᠤ ᠪᠤᠳᠠᠭᠠᠨ ᠤ ᠥᠪᠡᠷ ᠢ ᠪᠠᠨ ᠬᠠᠩᠭᠠᠬᠤ ᠨᠣᠷᠮ᠎ᠠ ᠶᠢ ᠲᠣᠭᠲᠠᠭᠤᠨ ᠪᠠᠶᠢᠯᠭᠠᠬᠤ ᠪᠥᠭᠡᠳ ᠳᠡᠭᠡᠭᠰᠢᠯᠡᠭᠦᠯᠬᠦ ᠬᠡᠷᠡᠭᠲᠡᠶ᠃ ︽ᠭᠠᠵᠠᠷ ᠰᠢᠷᠣᠶ ᠪᠠᠷ ᠠᠮᠤ ᠪᠤᠳᠠᠭ᠎ᠠ ᠶᠢ ᠪᠠᠲᠤᠯᠠᠵᠤ᠂ ᠤᠷ᠎ᠠ ᠮᠡᠷᠭᠡᠵᠢᠯ ᠢᠶᠠᠷ ᠤᠨᠠᠯᠲᠠ ᠬᠤᠷᠢᠶᠠᠯᠲᠠ ᠶᠢ ᠳᠡᠭᠡᠭᠰᠢᠯᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ᠭᠤᠤᠯ ᠪᠣᠯᠬᠤ ᠠᠮᠤ ᠪᠤᠳᠠᠭ᠎ᠠ ᠲᠣᠰᠣᠨ ᠤ ᠦᠢᠯᠡᠳᠪᠦᠷᠢᠯᠡᠯ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠪᠠᠷ ᠭᠤᠤᠯᠳᠠᠯᠭ᠎ᠠ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶ᠎ᠠ᠂ ᠤᠰᠤ᠂ ᠵᠠᠮ᠂ ᠣᠶ᠂ ᠴᠠᠬᠢᠯᠭᠠᠨ᠂ ᠬᠥᠷᠥᠰᠥ ᠰᠢᠷᠣᠶ ᠶᠢ ᠰᠠᠶᠢᠵᠢᠷᠠᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠲᠥᠬᠦᠷᠵᠢᠭᠦᠯᠦᠨ᠂ ᠤᠰᠤ ᠠᠷᠪᠢᠯᠠᠬᠤ᠂ ᠭᠠᠩ ᠬᠠᠭᠰᠠᠷᠭᠠᠨ ᠢ ᠳᠠᠭᠠᠭᠠᠬᠤ᠂ ᠰᠥᠷᠬᠦ ᠴᠢᠨᠠᠷ ᠢᠶᠠᠷ ᠴᠢᠩᠭ᠎ᠠ ᠵᠦᠢᠯ ᠢ ᠳᠡᠯᠭᠡᠷᠡᠭᠦᠯᠵᠦ᠂ ᠤᠰᠤᠨ ᠤ ᠡᠬᠢ ᠰᠤᠷᠪᠤᠯᠵᠢ ᠶᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠠᠮᠤ ᠪᠤᠳᠠᠭ᠎ᠠ ᠲᠠᠷᠢᠬᠤ ᠬᠢᠭᠡᠳ ᠤᠰᠤ ᠳᠤᠲᠠᠭᠳᠠᠵᠤ ᠪᠠᠶᠢᠭ᠎ᠠ︾ ᠵᠥᠷᠢᠴᠡᠯ ᠢ ᠰᠢᠢᠳᠪᠦᠷᠢᠯᠡᠨ᠎ᠡ᠃ ᠵᠡᠭᠦᠨ ᠬᠤᠶᠢᠲᠤ ᠣᠷᠣᠨ ᠤ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠲᠠᠯᠠᠪᠠᠢ ᠶᠢ ᠥᠷᠭᠡᠳᠬᠡᠵᠦ᠂ ᠬᠤᠵᠢᠷᠰᠢᠭᠰᠠᠨ ᠲᠠᠷᠢᠶᠠᠯᠠᠬᠤ ᠭᠠᠵᠠᠷ ᠢᠶᠠᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠦᠨ᠂ ᠲᠠᠷᠢᠶᠠᠯᠠᠬᠤ ᠭᠠᠵᠠᠷ ᠤᠨ ᠡᠭᠡᠯᠵᠢᠯᠡᠨ ᠲᠠᠷᠢᠬᠤ ᠳᠦᠷᠢᠮ ᠢᠶᠠᠨ ᠪᠠᠶᠢᠩᠭᠤᠵᠢᠭᠤᠯᠬᠤ ᠶᠢ ᠠᠬᠢᠭᠤᠯᠵᠤ᠂ ᠡᠰᠢ ᠰᠦᠷᠡᠯ ᠢ ᠪᠣᠷᠳᠣᠭᠤᠷ ᠪᠣᠯᠭᠠᠵᠤ ᠲᠠᠷᠢᠶᠠᠨ ᠳᠤ ᠪᠤᠴᠠᠭᠠᠬᠤ ᠪᠠ ᠬᠥᠷᠥᠰᠥ ᠶᠢ ᠭᠦᠨ ᠰᠤᠯᠠᠷᠠᠭᠤᠯᠵᠤ ᠲᠠᠷᠢᠶᠠᠨ ᠭᠠᠵᠠᠷ ᠢ ᠲᠡᠭᠰᠢᠯᠡᠬᠦ ᠵᠡᠷᠭᠡ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠂ ᠲᠠᠷᠢᠶᠠᠯᠠᠬᠤ ᠭᠠᠵᠠᠷ ᠤᠨ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ᠂ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢ ᠬᠥᠳᠡᠭᠡ ᠪᠠᠭᠤᠯᠭᠠᠬᠤ ᠪᠠᠷ ᠡᠮᠬᠢ ᠵᠢᠷᠤᠮ ᠲᠠᠢ ᠬᠥᠲᠥᠯᠥᠨ ᠵᠢᠯᠣᠭᠤᠳᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢ ᠮᠠᠯᠵᠢᠬᠤ ᠲᠠᠷᠢᠶᠠᠯᠠᠬᠤ ᠣᠷᠣᠨ ᠳᠤ ᠪᠠᠭᠤᠯᠭᠠᠵᠤ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠠᠮᠤ ᠪᠤᠳᠠᠭ᠎ᠠ ᠦᠢᠯᠡᠳᠪᠦᠷᠢᠯᠡᠬᠦ᠂ ᠠᠮᠤ ᠪᠤᠳᠠᠭ᠎ᠠ ᠪᠣᠯᠪᠠᠰᠤᠷᠠᠭᠤᠯᠵᠤ ᠭᠦᠢᠯᠭᠡᠭᠡᠬᠦ ᠵᠡᠷᠭᠡ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠡᠷᠬᠢᠯᠡᠬᠦ ᠳᠤ ᠣᠷᠤᠭᠤᠯᠤᠯᠲᠠ ᠬᠢᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠡᠯ᠎ᠡ ᠭᠠᠵᠠᠷ ᠣᠷᠣᠨ ᠢ ᠵᠢᠭᠠᠨ ᠵᠢᠯᠣᠭᠤᠳᠴᠤ ᠪᠠᠶᠢᠭᠠᠳ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠳᠦᠭᠦᠯᠬᠦ ᠭᠡᠷ᠎ᠡ ᠶᠢᠨ ᠬᠠᠮᠢᠶᠠᠷᠤᠯᠲᠠ ᠶᠢ ᠨᠢ ᠵᠢᠷᠤᠮᠵᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠭᠠᠵᠠᠷ ᠰᠢᠷᠣᠶ ᠡᠷᠭᠢᠯᠳᠦᠭᠦᠯᠬᠦ ᠬᠢᠷᠢ ᠬᠡᠮ ᠢ ᠨᠢ ᠬᠢᠨᠠᠨ ᠪᠠᠶᠢᠴᠠᠭᠠᠬᠤ ᠪᠠ ᠲᠥᠷᠥᠯ ᠵᠦᠢᠯ ᠢ ᠨᠢ ᠬᠢᠨᠠᠨ ᠬᠠᠷᠭᠤᠭᠤᠯᠬᠤ ᠲᠦᠷᠢᠮ ᠢ ᠪᠠᠶᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠬᠢᠷᠢ ᠬᠡᠮ᠂ ᠡᠵᠡᠩᠨᠡᠯᠲᠡ ᠶᠢᠨ ᠲᠥᠷᠥᠯ ᠵᠦᠢᠯ᠂ ᠠᠵᠤ ᠠᠬᠤᠶᠢᠯᠠᠯ ᠤᠨ ᠢᠲᠡᠭᠡᠮᠵᠢ᠂ ᠭᠠᠵᠠᠷ ᠰᠢᠷᠣᠶ ᠡᠷᠭᠢᠯᠳᠦᠭᠦᠯᠬᠦ ᠵᠡᠷᠭᠡ ᠲᠠᠯ᠎ᠠ ᠪᠠᠷ ᠬᠢᠨᠠᠨ ᠬᠠᠷᠭᠤᠭᠤᠯᠬᠤ ᠶᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠲᠦᠷᠢᠶᠡᠰᠦᠯᠡᠭᠰᠡᠨ ᠭᠠᠵᠠᠷ ᠰᠢᠷᠣᠶ ᠳᠤ ᠬᠢᠨᠠᠨ ᠰᠢᠨᠵᠢᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠬᠤ ᠭᠠᠵᠠᠷ ᠢ ᠶᠡᠭᠡ ᠬᠡᠪᠴᠢᠶ᠎ᠡ ᠪᠠᠷ ᠡᠷᠭᠢᠯᠳᠦᠭᠦᠯᠦᠨ ᠪᠠᠶᠢᠵᠤ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠳᠠᠬᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠣᠯᠵᠤ ᠮᠡᠳᠡᠪᠡᠯ ᠡᠷᠡᠰ ᠵᠠᠯᠠᠷᠠᠭᠤᠯᠬᠤ ᠶᠢᠨ ᠬᠠᠮᠲᠤ᠂ ᠬᠦᠷᠲᠡᠵᠦ ᠪᠠᠶᠢᠭ᠎ᠠ ᠬᠠᠮᠢᠶ᠎ᠠ ᠪᠥᠬᠦᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠢ ᠳᠠᠷᠦ᠋ᠢᠬᠠᠨ ᠵᠣᠭᠰᠣᠭᠠᠬᠤ ᠬᠡᠷᠡᠭᠲᠡᠶ᠃ ᠠᠮᠤ ᠪᠤᠳᠠᠭ᠎ᠠ ᠲᠠᠷᠢᠭᠰᠠᠨ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠭᠠᠵᠠᠷ ᠰᠢᠷᠣᠶ ᠶᠢ ᠡᠷᠭᠢᠯᠳᠦᠭᠦᠯᠵᠦ ᠠᠮᠤ ᠪᠤᠳᠠᠭ᠎ᠠ ᠶᠢ ᠬᠡᠪᠴᠢᠶᠡᠵᠢᠭᠦᠯᠦᠨ ᠳᠠᠷᠢᠬᠤ ᠪᠠᠨ ᠬᠥᠭᠵᠢᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠲᠠᠷᠢᠶᠠᠯᠠᠬᠤ ᠭᠠᠵᠠᠷ ᠵᠢᠴᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠭᠠᠵᠠᠷ ᠰᠢᠷᠤᠢ ᠶᠢᠨ ᠵᠣᠷᠢᠭᠤᠯᠤᠯᠲᠠ ᠶᠢᠨ ᠵᠠᠬᠢᠷᠤᠨ ᠬᠠᠮᠢᠶᠠᠷᠤᠯᠲᠠ ᠶᠢ ᠴᠢᠩᠳᠠᠯᠠᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︽ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 257 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠲᠤᠭᠤᠰᠢᠯᠠᠭᠤᠯᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠠᠯᠲᠠ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠬᠤ ᠭᠠᠵᠠᠷ ᠢᠶᠠᠨ ︽ᠲᠠᠷᠢᠶᠠᠯᠠᠩ ᠤᠨ ᠪᠤᠰᠤ ᠪᠣᠯᠭᠠᠬᠤ︾ ᠠᠰᠠᠭᠤᠳᠠᠯ ᠢ ᠡᠷᠡᠰ ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠨ ᠨᠣᠭᠤᠭᠠᠷᠠᠭᠤᠯᠵᠤ ᠣᠶᠢᠵᠢᠭᠤᠯᠬᠤ ᠶᠢ ᠴᠢᠩᠭ᠎ᠠ ᠬᠤᠷᠢᠭᠯᠠᠨ᠂ ᠲᠣᠭᠲᠠᠭᠠᠯ ᠠᠴᠠ ᠵᠥᠷᠢᠴᠡᠨ ᠪᠠᠷᠢᠮᠵᠢᠶ᠎ᠠ ᠠᠴᠠ ᠬᠡᠲᠦᠷᠡᠭᠦᠯᠦᠨ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠬᠤ ᠶᠢ ᠴᠢᠩᠭ᠎ᠠ ᠬᠤᠷᠢᠭᠯᠠᠵᠤ᠂ ᠲᠣᠭᠲᠠᠭᠠᠯ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠵᠦ ᠨᠠᠭᠤᠷ ᠪᠠ ᠦᠵᠡᠮᠵᠢ ᠭᠠᠷᠭᠠᠬᠤ ᠶᠢ ᠴᠢᠩᠭ᠎ᠠ ᠬᠤᠷᠢᠭᠯᠠᠨ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢᠶᠠᠨ ᠥᠷᠭᠡᠳᠬᠡᠬᠦ ᠶᠢ ᠴᠢᠩᠭ᠎ᠠ ᠬᠤᠷᠢᠭᠯᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ ᠬᠢᠬᠦ ᠶᠢ ᠴᠢᠩᠭ᠎ᠠ ᠬᠤᠷᠢᠭᠯᠠᠨ᠂ ᠬᠠᠤᠯᠢ ᠪᠠ ᠲᠣᠭᠲᠠᠭᠠᠯ ᠠᠴᠠ ᠵᠥᠷᠢᠴᠡᠨ ᠭᠠᠵᠠᠷ ᠰᠢᠷᠤᠢ ᠵᠥᠪᠰᠢᠶᠡᠷᠡᠬᠦ ᠭᠠᠵᠠᠷ ᠬᠡᠷᠡᠭᠯᠡᠬᠦ ᠶᠢ ᠴᠢᠩᠭ᠎ᠠ ᠬᠤᠷᠢᠭᠯᠠᠨ᠎ᠠ᠃ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠡᠷᠡᠰ ᠰᠡᠷᠭᠡᠶᠢᠯᠡᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠲᠠᠬᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠣᠢ ᠰᠢᠭᠤᠢ ᠪᠠ ᠵᠢᠮᠢᠰ ᠤᠨ ᠦᠢᠯᠡᠰ ᠡᠷᠬᠢᠯᠡᠬᠦ ᠵᠢᠴᠢ ᠴᠥᠭᠦᠷᠥᠮ ᠮᠠᠯᠲᠠᠵᠤ ᠵᠢᠭᠠᠰᠤ ᠲᠡᠵᠢᠭᠡᠬᠦ᠂ ᠬᠠᠤᠯᠢ ᠪᠤᠰᠤ ᠪᠠᠷ ᠰᠢᠷᠣᠢ ᠠᠪᠬᠤ ᠵᠡᠷᠭᠡ ᠲᠠᠷᠢᠶᠠᠯᠠᠬᠤ ᠬᠥᠷᠥᠰᠥᠨ ᠳᠠᠪᠬᠤᠷᠭ᠎ᠠ ᠶᠢ ᠡᠪᠳᠡᠬᠦ ᠦᠢᠯᠡ ᠠᠵᠢᠯᠯᠠᠭ᠎ᠠ ᠶᠢ ᠬᠤᠷᠢᠭᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠲᠠᠯᠪᠢᠬᠤ ᠪᠠ ᠠᠲᠠᠷᠰᠢᠭᠤᠯᠬᠤ ᠶᠢ ᠬᠤᠷᠢᠭᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠰᠢᠭᠯᠠᠨ ᠲᠤᠳᠤᠷᠭᠠᠨ ᠲᠠᠷᠢᠶ᠎ᠠ ᠶᠢᠨ ᠣᠨᠴᠠᠯᠢᠭ ᠲᠤ ᠲᠣᠬᠢᠷᠠᠭᠤᠯᠤᠨ ᠵᠢᠭᠠᠰᠤ᠂ ᠰᠡᠮ ᠬᠤᠷᠣᠬᠠᠢ᠂ ᠨᠠᠢᠮᠠᠯᠵᠢ ᠵᠡᠷᠭᠡ ᠶᠢ ᠶᠡᠷᠦᠩᠬᠡᠶᠢᠯᠡᠨ ᠪᠣᠰᠤᠭ᠎ᠠ ᠴᠣᠭᠴᠠ ᠲᠠᠢ ᠳᠠᠷᠢᠵᠤ ᠲᠡᠵᠢᠭᠡᠬᠦ ᠶᠢ ᠬᠥᠭᠵᠢᠭᠦᠯᠬᠦ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠪᠳᠡᠬᠦ ᠥᠬᠡᠶ ᠪᠠᠶᠢᠬᠤ ᠪᠠᠷ ᠤᠷᠢᠲᠠᠯ ᠪᠣᠯᠭᠠᠵᠤ᠂ ᠭᠤᠤ ᠰᠤᠪᠠᠭ ᠤᠨ ᠡᠵᠡᠯᠡᠬᠦ ᠬᠠᠷᠢᠴᠠᠯ ᠢ ᠲᠤᠲᠤᠷᠭ᠎ᠠ ᠶᠢᠨ ᠣᠨᠴᠠᠯᠢᠭ ᠲᠤ ᠲᠣᠬᠢᠷᠠᠭᠤᠯᠤᠨ ᠵᠢᠭᠠᠰᠤ ᠶᠡᠷᠦᠩᠬᠡᠶᠢᠯᠡᠨ ᠲᠡᠵᠢᠭᠡᠬᠦ ᠮᠡᠷᠭᠡᠵᠢᠯ ᠤᠨ ᠵᠢᠷᠤᠮᠵᠢᠯ ᠤᠨ ᠶᠡᠷᠦᠩᠬᠡᠶ ᠲᠦᠷᠢᠮ ᠤᠨ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠣᠯᠤᠭ᠎ᠠ︶ ᠠᠲᠠᠷᠰᠢᠭᠰᠠᠨ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠵᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠠᠬᠢᠭᠤᠯᠤᠨ᠎ᠠ᠃ ᠪᠦᠬᠦ ᠣᠷᠣᠨ ᠤ ᠲᠠᠷᠢᠶᠠᠯᠠᠬᠤ ᠭᠠᠵᠠᠷ ᠤᠨ ᠠᠲᠠᠷᠰᠢᠭᠰᠠᠨ ᠦᠨᠳᠦᠰᠦᠨ ᠪᠠᠶᠢᠳᠠᠯ ᠳᠤ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠦ ᠥᠷᠨᠢᠭᠦᠯᠤᠨ᠂ ᠰᠠᠭᠤᠷᠢ ᠲᠤᠭ᠎ᠠ ᠶᠢ ᠲᠣᠳᠣᠷᠬᠠᠶ ᠣᠢᠯᠠᠭᠠᠵᠤ᠂ ᠠᠲᠠᠷᠰᠢᠭᠰᠠᠨ ᠭᠠᠵᠠᠷ ᠢ ᠨᠢᠭᠡᠳᠦᠯᠲᠡᠶ ᠲᠥᠯᠥᠪᠯᠡᠨ ᠠᠰᠢᠭᠯᠠᠬᠤ ᠳᠤ ᠬᠡᠷᠡᠭᠵᠢᠭᠦᠯᠬᠦ ᠰᠠᠨᠠᠯ ᠲᠣᠭᠲᠠᠭᠠᠨ᠎ᠠ᠃ ᠬᠤᠵᠢᠷᠰᠢᠭᠰᠠᠨ᠂ ᠡᠯᠡᠰᠦᠷᠬᠡᠭᠵᠢᠭᠰᠡᠨ ᠪᠠ ᠤᠰᠤᠨ ᠤ ᠡᠬᠢ ᠰᠤᠷᠪᠤᠯᠵᠢ ᠬᠦᠷᠦᠯᠴᠡᠬᠦ ᠦᠭᠡᠶ ᠵᠡᠷᠭᠡ ᠠᠴᠠ ᠪᠣᠯᠵᠤ ᠲᠠᠷᠢᠶᠠᠯᠠᠬᠤ ᠨᠥᠬᠦᠴᠡᠯ ᠠᠨᠠᠢ ᠪᠠᠶᠢᠭ᠎ᠠ ᠠᠲᠠᠷᠰᠢᠭᠰᠠᠨ ᠭᠠᠵᠠᠷ ᠲᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠬᠤ ᠨᠥᠬᠦᠴᠡᠯ ᠢ ᠨᠢ ᠰᠠᠶᠢᠵᠢᠷᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠬᠥᠭᠵᠢᠭᠦᠯᠦᠨ᠎ᠡ᠃ ᠣᠷᠳᠣ ᠬᠤᠭᠤᠴᠠᠭ᠎ᠠ ᠪᠠᠷ ᠭᠠᠳᠠᠭᠰᠢ ᠭᠠᠷᠴᠤ ᠬᠦᠴᠦ ᠶᠠᠪᠤᠭᠰᠠᠨ᠂ ᠬᠡᠷ ᠲᠤ ᠨᠢ ᠬᠥᠳᠡᠯᠮᠦᠷᠢ ᠬᠦᠴᠦᠨ ᠥᠬᠡᠶ ᠠᠴᠠ ᠪᠣᠯᠵᠤ ᠠᠲᠠᠷᠰᠢᠭᠰᠠᠨ ᠭᠠᠵᠠᠷ ᠤᠨ ᠠᠲᠠᠷᠰᠢᠭᠤᠯᠤᠭᠰᠠᠨ ᠲᠠᠷᠢᠶᠠᠴᠢᠨ ᠡᠷᠦᠬᠡ ᠶᠢ ᠳᠠᠶᠢᠴᠢᠯᠠᠵᠤ ᠪᠠᠶᠢᠭᠠᠳ ᠲᠦᠷᠢᠶᠡᠰᠦᠯᠡᠭᠦᠯᠬᠦ ︵ᠰᠢᠯᠵᠢᠭᠦᠯᠦᠨ ᠳᠠᠭᠠᠭᠠᠴᠢᠯᠠᠭᠤᠯᠬᠤ︶᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠨᠢ ᠡᠷᠭᠢᠯᠳᠦᠭᠦᠯᠦᠨ ᠰᠢᠯᠵᠢᠭᠦᠯᠵᠦ᠂ ᠵᠣᠬᠢᠬᠤ ᠬᠡᠪᠴᠢᠶᠡᠵᠢᠭᠰᠡᠨ ᠡᠵᠡᠩᠨᠡᠯᠲᠡ ᠶᠢ ᠬᠥᠭᠵᠢᠭᠦᠯᠦᠨ᠎ᠡ᠃ ᠬᠤᠶᠠᠷ ᠵᠢᠯ ᠢᠯᠡᠭᠦᠦ ᠳᠠᠷᠠᠭᠠᠯᠠᠨ ᠠᠲᠠᠷᠰᠢᠭᠰᠠᠨ ᠪᠠᠶᠢᠪᠠᠯ᠂ ᠳᠠᠭᠠᠭᠠᠴᠢᠯᠠᠭᠴᠢ ᠨᠢ ᠵᠣᠬᠢᠰᠲᠠᠢ ᠬᠤᠭᠤᠴᠠᠭᠠᠨ ᠳᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠳᠦᠭᠦᠯᠬᠦ ᠭᠡᠷ᠎ᠡ ᠪᠠᠨ ᠬᠦᠴᠦᠨ ᠦᠭᠡᠢ ᠪᠣᠯᠭᠠᠬᠤ ᠦᠭᠡᠢ ᠴᠦ᠂ ᠳᠠᠭᠠᠭᠠᠴᠢᠯᠠᠭᠤᠯᠤᠭᠴᠢ ᠨᠢ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠳᠦᠭᠦᠯᠬᠦ ᠭᠡᠷ᠎ᠡ ᠶᠢ ᠨᠢ ᠵᠣᠭᠰᠣᠭᠠᠬᠤ ᠪᠠᠷ ᠱᠠᠭᠠᠷᠳᠠᠬᠤ ᠡᠷᠬᠡ ᠲᠠᠢ᠃ ᠲᠠᠷᠢᠶᠠᠯᠠᠬᠤ ᠭᠠᠵᠠᠷ ᠤᠨ ᠰᠢᠮ᠎ᠡ ᠴᠢᠨᠠᠷ ᠢ ᠬᠠᠮᠠᠭᠠᠯᠠᠬᠤ ᠨᠡᠮᠡᠭᠦᠷᠢ ᠥᠭᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠠᠲᠠᠷᠰᠢᠭᠰᠠᠨ ᠭᠠᠵᠠᠷ ᠲᠤ ᠨᠢ ᠨᠡᠮᠡᠭᠦᠷᠢ ᠥᠭᠬᠦ ᠶᠢ ᠵᠣᠭᠰᠣᠭᠠᠨ᠎ᠠ᠃ ᠠᠲᠠᠷᠰᠢᠭᠰᠠᠨ ᠭᠠᠵᠠᠷ ᠲᠤ ᠳᠠᠪᠲᠠᠨ ᠲᠠᠷᠢᠵᠤ ᠤᠷᠭᠤᠭᠤᠯᠬᠤ ᠮᠡᠷᠭᠡᠵᠢᠯ ᠤᠨ ᠵᠢᠭᠠᠨ ᠵᠢᠯᠤᠭᠤᠳᠤᠯᠭ᠎ᠠ ᠬᠢᠬᠦ ᠶᠢ ᠴᠢᠩᠭᠠᠳᠬᠠᠵᠤ᠂ ᠣᠷᠣᠯᠠᠨ ᠲᠠᠷᠢᠵᠤ ᠤᠷᠭᠤᠭᠤᠯᠬᠤ᠂ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠦᠨ᠎ᠡ᠃ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠯᠠᠬᠤ ᠭᠠᠵᠠᠷ ᠢᠶᠠᠨ ᠠᠲᠠᠷᠰᠢᠭᠤᠯᠬᠤ ᠠᠴᠠ ᠰᠡᠷᠭᠡᠶᠢᠯᠡᠨ ᠬᠤᠷᠢᠭᠯᠠᠬᠤ ᠮᠠᠰᠢ ᠰᠠᠶᠢᠨ ᠠᠭᠤᠷ ᠠᠮᠢᠰᠬᠤᠯ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠠᠮᠤ ᠪᠤᠳᠠᠭ᠎ᠠ ᠶᠢᠨ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ ᠶᠢᠨ ᠠᠮᠤᠷ ᠲᠦᠪᠰᠢᠨ ᠳᠤ ᠨᠠᠮ ᠪᠠ ᠵᠠᠰᠠᠭ ᠤᠨ ᠤᠳᠤᠷᠢᠳᠤᠯᠭ᠎ᠠ ᠠᠳᠠᠯᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠨᠢ ᠲᠣᠰ ᠭᠠᠵᠠᠷ ᠣᠷᠣᠨ ᠤ ᠠᠮᠤ ᠪᠤᠳᠠᠭ᠎ᠠ ᠶᠢᠨ ᠦᠢᠯᠡᠳᠪᠦᠷᠢᠯᠡᠯ ᠢ ᠪᠠᠲᠤᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠭᠤᠨ ᠪᠠᠶᠢᠯᠭᠠᠵᠤ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠬᠠᠷᠠᠯᠲᠠ ᠪᠣᠯᠬᠤ ᠡᠭᠦᠷᠭᠡ ᠶᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢᠯᠠᠵᠤ ᠥᠭᠭᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠬᠤ ᠶᠢᠨ ᠬᠠᠮᠲᠤ᠂ ᠦᠯᠡᠳᠡᠭᠳᠡᠵᠦ ᠪᠠᠶᠢᠭ᠎ᠠ ᠠᠰᠠᠭᠤᠳᠠᠯ ᠤᠨ ᠲᠠᠯ᠎ᠠ ᠪᠠᠷ ᠬᠢ ᠪᠠᠶᠢᠳᠠᠯ ᠢ ᠲᠣᠳᠣᠷᠬᠠᠶ ᠣᠶᠢᠯᠠᠭᠠᠵᠤ᠂ ᠲᠥᠷᠥᠯ ᠬᠤᠪᠢᠶᠠᠨ ᠳᠡᠪᠲᠡᠷᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠯᠦᠭᠡ ᠬᠠᠮᠵᠢᠯᠴᠠᠵᠤ ᠪᠠᠶᠢᠭᠠᠳ ᠪᠦᠬᠦ ᠣᠷᠣᠨ ᠤ ᠬᠡᠪᠴᠢᠶᠡᠨ ᠳᠠᠬᠢ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠭᠰᠠᠨ︾ ᠪᠠᠶᠢᠳᠠᠯ ᠳᠤ ᠪᠠᠶᠢᠴᠠᠭᠠᠯᠲᠠ ᠬᠢᠬᠦ ᠶᠢ ᠪᠡᠶᠡᠯᠡᠭᠦᠯᠵᠦ᠂ ᠡᠯ᠎ᠡ ᠠᠶᠢᠮᠠᠭ ᠬᠤᠲᠠ ᠶᠢᠨ ᠣᠢᠯᠠᠭᠠᠭᠰᠠᠨ ᠪᠠᠶᠢᠳᠠᠯ ᠲᠠᠢ ᠤᠶᠠᠯᠳᠤᠭᠤᠯᠤᠨ᠂ ᠪᠣᠳᠠᠲᠤ ᠪᠠᠶᠢᠳᠠᠯ ᠠᠴᠠ ᠭᠠᠷᠳᠠᠵᠤ ᠯᠠᠪᠳᠠᠭᠤᠨ ᠢᠶᠠᠷ ᠰᠢᠢᠳᠪᠦᠷᠢᠯᠡᠬᠦ ᠵᠠᠷᠴᠢᠮ ᠶᠣᠰᠣᠭᠠᠷ᠂ ᠲᠥᠷᠥᠯ ᠬᠤᠪᠢᠶᠠᠨ ᠰᠢᠢᠳᠪᠦᠷᠢᠯᠡᠬᠦ ᠰᠠᠨᠠᠯ ᠳᠤᠷᠠᠳᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠤ ᠪᠤᠳᠠᠭ᠎ᠠ ᠪᠠ ᠨᠥᠭᠡᠴᠡᠯᠡᠬᠦ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠰᠡᠷᠭᠡᠶᠢᠯᠡᠬᠦ ᠠᠵᠢᠯ ᠢ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠤᠨ᠂ ᠠᠮᠤ ᠪᠤᠳᠠᠭ᠎ᠠ ᠳᠠᠷᠢᠬᠤ ᠲᠠᠯᠠᠪᠠᠶ᠂ ᠤᠨᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠭᠦᠢᠴᠡᠳᠬᠡᠯ ᠲᠤᠭ᠎ᠠ ᠶᠢᠨ ᠡᠵᠡᠯᠡᠬᠦ ᠬᠤᠪᠢᠳᠠᠯ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠭᠤᠤᠯ ᠪᠣᠯᠬᠤ ᠤᠨᠠᠯᠲᠠ ᠶᠢᠨ ᠣᠷᠣᠨ ᠪᠠ ᠭᠤᠤᠯ ᠪᠤᠰᠤ ᠤᠨᠠᠯᠲᠠ ᠶᠢᠨ ᠣᠷᠣᠨ ᠳᠤ ᠢᠯᠭᠠᠪᠤᠷᠢᠯᠠᠵᠤ ᠰᠢᠯᠭᠠᠨ ᠬᠢᠨᠠᠬᠤ ᠶᠢ ᠬᠡᠷᠡᠭᠵᠢᠭᠦᠯᠬᠦ ᠬᠡᠷᠡᠭᠲᠡᠶ᠃ ᠴᠢᠩᠭ᠎ᠠ ᠰᠢᠯᠭᠠᠨ ᠬᠢᠨᠠᠬᠤ ᠶᠢᠨ ᠬᠠᠮᠲᠤ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠠᠮᠵᠢᠯᠲᠠ ᠪᠠᠷ ᠲᠣᠪᠤᠶᠢᠮ᠎ᠠ ᠭᠠᠵᠠᠷ ᠣᠷᠣᠨ ᠢ ᠰᠠᠶᠢᠰᠢᠶᠠᠵᠤ᠂ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠦᠭᠡᠶ ᠭᠠᠵᠠᠷ ᠣᠷᠣᠨ ᠢ ᠨᠡᠪᠲᠡᠷᠡᠭᠦᠯᠦᠨ ᠮᠡᠳᠡᠭᠡᠯᠡᠬᠦ ᠪᠥᠭᠡᠳ ᠪᠣᠯᠵᠣᠨ ᠶᠠᠷᠢᠯᠴᠠᠬᠤ ᠶᠢᠨ ᠬᠠᠮᠲᠤ᠂ ᠬᠠᠮᠢᠶ᠎ᠠ ᠪᠦᠬᠦᠢ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠯᠦᠭᠡ ᠵᠣᠯᠭᠠᠯᠳᠤᠭᠤᠯᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠤ ᠪᠤᠳᠠᠭ᠎ᠠ ᠪᠠ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠦᠨ᠎ᠡ᠃ ᠲᠥᠷᠥ ᠶᠢᠨ ᠪᠣᠳᠣᠯᠭ᠎ᠠ ᠪᠠ ᠪᠡᠯᠡ ᠮᠥᠩᠭᠦᠨ ᠤ ᠲᠠᠯ᠎ᠠ ᠳᠤ ᠳᠡᠮᠵᠢᠯᠭᠡ ᠦᠵᠡᠬᠦᠯᠬᠦ ᠶᠢ ᠴᠢᠩᠭᠠᠷᠠᠭᠤᠯᠤᠨ᠂ ᠠᠮᠤ ᠪᠤᠳᠠᠭᠠᠨ ᠤ ᠤᠨᠠᠯᠲᠠ ᠶᠡᠭᠡ ᠲᠠᠢ ᠰᠢᠶᠠᠨ ᠢ ᠱᠠᠩᠨᠠᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠤᠷᠢᠳ ᠢᠶᠠᠷ ᠲᠣᠬᠢᠷᠠᠭᠤᠯᠬᠤ ᠪᠠ ᠡᠮᠬᠢᠯᠡᠨ ᠨᠡᠶᠢᠯᠡᠭᠦᠯᠵᠦ ᠪᠠᠶᠢᠭᠠᠳ ᠠᠮᠤ ᠪᠤᠳᠠᠭᠠᠨ ᠤ ᠭᠤᠣᠯ ᠤᠨᠠᠯᠲᠠ ᠶᠢᠨ ᠭᠠᠵᠠᠷ ᠣᠷᠣᠨ ᠪᠠ ᠲᠠᠷᠢᠮᠠᠯ ᠢ ᠳᠡᠮᠵᠢᠵᠦ᠂ ᠡᠯ᠎ᠡ ᠭᠠᠵᠠᠷ ᠣᠷᠣᠨ ᠤ ᠪᠣᠳᠠᠲᠠᠢ ᠪᠠᠨ ᠦᠨᠳᠦᠰᠦᠯᠡᠨ ᠠᠮᠤ ᠪᠤᠳᠠᠭᠠᠨ ᠤ ᠦᠢᠯᠡᠳᠪᠦᠷᠢᠯᠡᠯ ᠳᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠪᠠ ᠳᠡᠮᠵᠢᠵᠦ᠂ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠡᠷᠲᠡᠬᠡᠨ ᠠᠷᠭ᠎ᠠ ᠰᠦᠪᠡᠭᠴᠢᠯᠡᠬᠦ ᠪᠠ ᠶᠡᠭᠡ ᠪᠠᠷ ᠤᠬᠠᠭᠤᠯᠤᠨ᠂ ᠡᠯ᠎ᠡ ᠭᠠᠵᠠᠷ ᠣᠷᠣᠨ ᠤ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠲᠠᠷᠢᠶᠠᠨ ᠠᠵᠢᠯ ᠬᠢᠵᠦ ᠠᠮᠤ ᠪᠤᠳᠠᠭ᠎ᠠ ᠲᠠᠷᠢᠬᠤ ᠢᠳᠡᠪᠬᠢᠵᠢᠯ ᠢ ᠨᠢ ᠬᠦᠴᠦᠯᠡᠨ ᠬᠠᠮᠠᠭᠠᠯᠠᠬᠤ ᠪᠠ ᠳᠠᠶᠢᠴᠢᠯᠠᠬᠤ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠢ ᠬᠠᠮᠢᠶ᠎ᠠ ᠪᠦᠬᠦᠢ ᠲᠠᠷᠢᠶᠠᠯᠠᠩ ᠤᠨ ᠪᠡᠯᠡ ᠮᠥᠩᠭᠦ ᠪᠠᠷ ᠬᠠᠷᠠᠭᠠᠯᠵᠠᠨ ᠳᠡᠮᠵᠢᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠷᠢᠳ ᠢᠶᠠᠷ ᠥᠷᠨᠢᠭᠦᠯᠦᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠠᠬᠢ ᠬᠠᠷᠠᠯᠲᠠ ᠪᠣᠯᠬᠤ ᠲᠠᠷᠢᠮᠠᠯ ᠲᠠᠷᠢᠬᠤ ᠶᠢ ᠤᠷᠢᠳ ᠢᠶᠠᠷ ᠳᠡᠮᠵᠢᠬᠦ ᠬᠡᠷᠡᠭᠲᠡᠶ᠃ ᠡᠯ᠎ᠡ ᠭᠠᠵᠠᠷ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠤ ᠬᠠᠷᠠᠯᠲᠠ ᠪᠣᠯᠬᠤ ᠲᠠᠷᠢᠮᠠᠯ ᠳᠤ ᠪᠠᠨ ᠴᠢᠭᠯᠡᠭᠦᠯᠵᠦ ᠵᠦᠷᠢᠶᠡᠴᠢᠯᠡᠨ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠨᠢ ᠵᠣᠷᠢᠭᠵᠢᠭᠤᠯᠤᠨ᠎ᠠ᠃ ᠠᠮᠤ ᠪᠤᠳᠠᠭ᠎ᠠ ᠳᠠᠷᠢᠬᠤ ᠭᠤᠤᠯ ᠴᠣᠭᠴᠠ ᠶᠢ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠪᠠᠨ ᠴᠢᠩᠭᠠᠳᠬᠠᠵᠤ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶᠠᠵᠢᠯ ᠢ ᠳᠡᠮᠵᠢᠵᠦ ᠪᠠᠶᠢᠭᠠᠳ ᠠᠮᠤ ᠪᠤᠳᠠᠭᠠᠨ ᠤ ᠵᠣᠬᠢᠬᠤ ᠬᠡᠪᠴᠢᠶᠠᠵᠢᠯ ᠲᠠᠢ ᠡᠵᠡᠩᠨᠡᠯᠲᠡ ᠶᠢ ᠨᠢ ᠬᠥᠭᠵᠢᠭᠦᠯᠦᠨ᠂ ᠣᠷᠣᠯᠠᠨ ᠲᠠᠷᠢᠵᠤ ᠤᠷᠭᠤᠭᠤᠯᠬᠤ᠂ ᠨᠢᠭᠡᠳᠦᠯᠲᠡᠶ ᠰᠡᠷᠭᠡᠶᠢᠯᠡᠵᠦ ᠵᠠᠰᠠᠬᠤ᠂ ᠭᠠᠵᠠᠷ ᠰᠢᠷᠣᠶ ᠪᠠᠨ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠵᠦ᠂ ᠠᠮᠤ ᠪᠤᠳᠠᠭ᠎ᠠ ᠲᠠᠷᠢᠵᠤ ᠬᠡᠪᠴᠢᠶᠡᠵᠢᠭᠰᠡᠨ ᠦᠷ᠎ᠡ ᠠᠰᠢᠭ ᠣᠯᠬᠤ ᠶᠢ ᠨᠢ ᠳᠡᠭᠡᠭᠰᠢᠯᠡᠭᠦᠯᠦᠨ᠎ᠡ᠃ ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠠᠷᠢᠶᠠᠯᠠᠩ ᠤᠨ ᠶᠡᠭᠡ ᠭᠠᠮᠰᠢᠭ ᠤᠨ ᠳᠠᠭᠠᠳᠬᠠᠯ ᠤᠨ ᠲᠤᠷᠰᠢᠯᠲᠠ ᠶᠢᠨ ᠴᠡᠭ ᠢ ᠴᠠᠭ ᠲᠤ ᠨᠢ ᠲᠣᠬᠢᠷᠠᠭᠤᠯᠤᠨ ᠥᠷᠭᠡᠳᠬᠡᠵᠦ᠂ ᠡᠷᠳᠡᠨᠢ ᠰᠢᠰᠢ᠂ ᠪᠤᠭᠤᠳᠠᠶ᠂ ᠤᠰᠤᠨ ᠲᠤᠲᠤᠷᠭ᠎ᠠ ᠳᠤ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠠᠬᠢᠭᠤᠯᠤᠨ᠂ ᠡᠷᠳᠡᠨᠢ ᠰᠢᠰᠢ᠂ ᠪᠤᠭᠤᠳᠠᠶ᠂ ᠤᠰᠤᠨ ᠲᠤᠲᠤᠷᠭ᠎ᠠ ᠵᠡᠷᠭᠡ ᠭᠤᠷᠪᠠᠨ ᠶᠡᠭᠡ ᠲᠠᠷᠢᠮᠠᠯ ᠤᠨ ᠰᠠᠶᠢᠨ ᠦᠷ᠎ᠡ ᠪᠣᠶᠢᠵᠢᠭᠤᠯᠬᠤ ᠳᠠᠭᠠᠳᠬᠠᠯ ᠤᠨ ᠰᠦᠢᠳᠬᠡᠯ ᠳᠤ ᠨᠡᠮᠡᠭᠦᠷᠢ ᠥᠭᠬᠦ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠠᠨᠠᠶᠢᠬᠠᠨ ᠪᠠᠶᠢᠭ᠎ᠠ ᠭᠤᠭᠴᠣᠭᠠᠨ ᠳᠤ ᠮᠧᠬᠠᠨᠢᠭᠵᠢᠭᠤᠯᠬᠤ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠤᠰᠤᠨ ᠲᠤᠲᠤᠷᠭ᠎ᠠ ᠶᠢ ᠮᠠᠰᠢᠨ ᠢᠶᠠᠷ ᠲᠦᠷᠭᠡᠨ ᠬᠠᠳᠬᠤᠬᠤ᠂ ᠡᠷᠳᠡᠨᠢ ᠰᠢᠰᠢ ᠶᠢ ᠮᠠᠰᠢᠨ ᠢᠶᠠᠷ ᠬᠤᠷᠢᠶᠠᠬᠤ ᠵᠡᠷᠭᠡ ᠮᠡᠷᠭᠡᠵᠢᠯ ᠢ ᠶᠡᠭᠡ ᠪᠠᠷ ᠳᠡᠯᠭᠡᠷᠡᠭᠦᠯᠬᠦ ᠬᠡᠷᠡᠭᠲᠡᠶ᠃ ᠠᠮᠤ ᠪᠤᠳᠠᠭ᠎ᠠ ᠦᠢᠯᠡᠳᠪᠦᠷᠢᠯᠡᠭᠰᠡᠨ ᠤ ᠳᠠᠷᠠᠭᠠᠬᠢ ᠬᠠᠳᠠᠭᠠᠬᠤ ᠪᠠ ᠪᠣᠯᠪᠠᠰᠤᠷᠠᠭᠤᠯᠬᠤ ᠪᠡᠯᠡᠳᠬᠡᠮᠵᠢ ᠪᠠᠶᠢᠭᠤᠯᠬᠤ ᠶᠢ ᠳᠡᠮᠵᠢᠵᠦ᠂ ᠠᠵᠤ ᠦᠢᠯᠡᠰ ᠤᠨ ᠬᠡᠯᠬᠢᠶᠡᠰᠦ ᠶᠢ ᠨᠢ ᠤᠷᠲᠤᠳᠬᠠᠨ᠂ ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠠᠮᠤ ᠪᠤᠳᠠᠭ᠎ᠠ ᠪᠠ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠵᠤ ᠪᠠᠶᠢᠭ᠎ᠠ ᠪᠠᠶᠢᠳᠠᠯ ᠢ ᠬᠢᠨᠠᠨ ᠰᠢᠨᠵᠢᠬᠦ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ᠂ ᠪᠥᠬᠦ ᠣᠷᠣᠨ ᠤ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠵᠤ ᠪᠠᠶᠢᠭ᠎ᠠ ᠪᠠᠶᠢᠳᠠᠯ ᠳᠤ ᠵᠢᠯ ᠪᠦᠷᠢ ᠨᠢᠭᠡ ᠤᠳᠠᠭ᠎ᠠ ᠬᠢᠨᠠᠨ ᠰᠢᠨᠵᠢᠵᠦ ᠦᠨᠡᠯᠡᠬᠦ ᠠᠵᠢᠯ ᠢ ᠥᠷᠨᠢᠭᠦᠯᠦᠨ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠭᠰᠠᠨ︾ ᠪᠠᠶᠢᠳᠠᠯ ᠳᠤ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠨᠢ ᠲᠤᠰ ᠵᠠᠰᠠᠭ ᠵᠠᠬᠢᠷᠭᠠᠨ ᠤ ᠣᠷᠣᠨ ᠤ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠵᠤ ᠪᠠᠶᠢᠭ᠎ᠠ ᠪᠠᠶᠢᠳᠠᠯ ᠢ ᠬᠥᠳᠡᠯᠦᠩᠭᠦᠶ ᠪᠠᠷ ᠬᠢᠨᠠᠨ ᠰᠢᠨᠵᠢᠵᠦ ᠦᠨᠡᠯᠡᠨ᠂ ᠠᠰᠠᠭᠤᠳᠠᠯ ᠲᠠᠢ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠳᠠᠬᠢ ᠬᠠᠷᠠᠯᠲᠠ ᠪᠣᠯᠬᠤ ᠲᠠᠷᠢᠮᠠᠯ ᠲᠠᠷᠢᠵᠤ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠬᠢᠨᠠᠨ ᠰᠢᠨᠵᠢᠵᠦ ᠦᠨᠡᠯᠡᠨ᠂ ᠮᠡᠳᠡᠭᠡ ᠵᠠᠩᠭᠢᠴᠢᠯᠠᠭᠰᠠᠨ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯᠧᠺᠲᠷᠦᠨ ᠭᠠᠵᠠᠷ ᠤᠨ ᠵᠢᠷᠤᠭ ᠪᠠ ᠳ᠋ᠠᠶᠢᠲ᠋ᠠ ᠶᠢᠨ ᠬᠥᠮᠥᠷᠭᠡ ᠪᠠᠨ ᠴᠠᠭ ᠲᠤᠬᠠᠶ ᠳᠤ ᠨᠢ ᠰᠢᠨᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠠᠶᠢᠮᠠᠭ ᠬᠤᠲᠠ ᠨᠢ ᠲᠣᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠶ ᠬᠡᠷᠡᠭᠵᠢᠭᠦᠯᠬᠦ ᠰᠠᠨᠠᠯ ᠢ ᠱᠠᠯᠠᠪᠳᠠᠨ ᠲᠣᠭᠲᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠬᠠᠮᠲᠤ᠂ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠯᠪᠣᠭᠳᠠᠯ ᠪᠥᠬᠦᠶ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢᠶᠠᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠤ ᠠᠮᠤ ᠪᠤᠳᠠᠭᠠᠨ ᠤ ᠦᠢᠯᠡᠳᠪᠦᠷᠢᠯᠡᠯ ᠢᠶᠠᠨ ᠲᠣᠭᠲᠠᠭᠤᠨ ᠪᠠᠶᠢᠯᠭᠠᠬᠤ ᠲᠠᠯ᠎ᠠ ᠶᠢᠨ ᠤᠬᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠰᠠᠶᠢᠨ ᠰᠠᠶᠢᠬᠠᠨ ᠣᠷᠴᠢᠨ ᠪᠠᠶᠢᠳᠠᠯ ᠲᠠᠢ ᠪᠣᠯᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠯᠴᠠᠨ ᠲᠣᠰ ᠲᠥᠰᠦᠯ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃      ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃                                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                      2021 ᠣᠨ ᠤ 2 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ