ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠰᠣᠨᠢᠨ ᠮᠡᠳᠡᠭᠡ | ᠨᠡᠶᠢᠲᠡᠯᠡᠬᠦ ᠬᠤᠷᠠᠯ ᠢ ᠬᠤᠷᠠᠯᠳᠤᠭᠤᠯᠵᠤ᠂ 2018 — 2020 ᠣᠨ ᠤ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢᠨ ᠠᠰᠠᠭᠤᠳᠠᠯ ᠢ ᠵᠠᠰᠠᠬᠤ ᠠᠵᠢᠯ ᠤᠨ ᠠᠬᠢᠴᠠ ᠪᠠ 2021 ᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠢ | ᠵᠠᠰᠠᠨ ᠴᠡᠭᠴᠡᠯᠡᠵᠦ ᠳᠡᠭᠡᠭᠰᠢᠯᠡᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠨᠡᠶᠢᠲᠡᠯᠡᠪᠡ᠃ ᠣᠶᠢᠯᠠᠭᠠᠭᠰᠠᠨ ᠢᠶᠠᠷ᠂ 2018 — 2020 ᠣᠨ ᠤ ᠰᠠᠭᠤᠭᠠᠯᠢ | ᠣᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠬᠤᠲᠠ ᠶᠢᠨ 795 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠠᠬᠢ | 776 ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠵᠠᠰᠠᠭᠳᠠᠵᠤ᠂ ᠪᠥᠬᠦ ᠬᠤᠲᠠ ᠶᠢᠨ ᠶᠡᠷᠦᠩᠬᠡᠶ ᠲᠣᠭᠠᠨ ᠤ 97.61% ᠶᠢ ᠡᠵᠡᠯᠡᠵᠦ᠂ ᠥᠪᠡᠷᠲᠡᠭᠡᠨ ᠵᠠᠰᠠᠬᠤ | ᠣᠷᠣᠨ ᠤ ᠱᠠᠭᠠᠷᠳᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠪᠡ᠃ | ᠪᠥᠬᠦ ᠬᠤᠲᠠ ᠳᠤ ᠬᠤᠭ ᠨᠣᠪᠰᠢ ᠶᠢ ᠣᠪᠣᠭᠠᠯᠠᠬᠤ 210 ᠵᠢᠷᠤᠮᠵᠢᠯ ᠦᠭᠡᠢ ᠴᠡᠭ ᠢ ᠴᠡᠭᠴᠡᠯᠡᠨ ᠵᠠᠰᠠᠵᠤ᠂ ᠪᠡᠶᠡᠯᠡᠭᠦᠯᠦᠭᠰᠡᠨ ᠬᠠᠷᠢᠴᠠᠯ ᠨᠢ 100% ᠳᠤ | ᠬᠦᠷᠴᠦ᠂ ᠬᠠᠷᠠᠯᠲᠠ ᠡᠭᠦᠷᠭᠡ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ 2020 ᠣᠨ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠡᠷᠭᠦᠨ᠎ᠡ ᠬᠤᠲᠠ᠂ ᠰᠢᠨ᠎ᠡ ᠪᠠᠷᠭᠤ ᠪᠠᠷᠠᠭᠤᠨ ᠬᠤᠰᠢᠭᠤ᠂ ᠵᠠᠯᠠᠨ | ᠠᠶᠢᠯ ᠬᠤᠲᠠ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠠᠩᠭᠢᠯᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠡᠭ ᠢᠶᠠᠷ ᠲᠣᠭᠲᠠᠭᠠᠵᠤ᠂ ᠨᠥᠬᠦᠴᠡᠯ ᠲᠠᠢ ᠰᠤᠮᠤ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠭᠠᠴᠠᠭ᠎ᠠ ᠶᠢᠨ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠡᠬᠢ ᠢᠷᠡᠯᠲᠡ ᠠᠴᠠ ᠨᠢ ᠲᠥᠷᠥᠯ ᠠᠩᠭᠢᠯᠠᠵᠤ ᠬᠡᠮᠵᠢᠶ᠎ᠡ ᠶᠢ ᠪᠠᠭᠠᠰᠬᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠣᠷᠴᠢᠨ ᠲᠣᠭᠤᠷᠢᠨ ᠢ ᠠᠯᠬᠤᠮ | ᠠᠯᠬᠤᠮ ᠢᠶᠠᠷ ᠰᠠᠶᠢᠵᠢᠷᠠᠭᠤᠯᠪᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠲᠥᠷᠥᠯ ᠠᠩᠭᠢᠯᠠᠨ ᠠᠷᠭ᠎ᠠ | ᠪᠣᠳᠣᠯᠭ᠎ᠠ ᠬᠡᠷᠡᠭᠵᠢᠭᠦᠯᠬᠦ᠂ ᠭᠤᠤᠯᠳᠠᠯᠭ᠎ᠠ ᠶᠢ ᠳᠣᠪᠤᠶᠢᠯᠭᠠᠬᠤ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠪᠥᠬᠦ ᠬᠥᠮᠥᠰ ᠣᠷᠣᠯᠴᠠᠬᠤ᠂ ᠬᠠᠮᠲᠤ ᠪᠠᠷ ᠪᠠᠶᠢᠭᠤᠯᠵᠤ | ᠬᠠᠮᠲᠤ ᠳᠤ ᠪᠠᠨ ᠬᠦᠷᠲᠡᠬᠦ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ ᠳᠤ ᠨᠢ ᠴᠢᠬᠤᠯᠠᠴᠢᠯᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠬᠤ ᠶᠢ ᠴᠢᠬᠤᠯᠠᠴᠢᠯᠠᠬᠤ | ᠵᠠᠷᠴᠢᠮ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠢ ᠴᠡᠭᠴᠡᠯᠡᠨ ᠳᠡᠭᠡᠭᠰᠢᠯᠡᠭᠦᠯᠬᠦ ᠠᠵᠢᠯ ᠢ ᠬᠢᠨᠠᠮᠠᠭᠠᠶ | ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠮᠠᠯᠴᠢᠨ ᠲᠠᠷᠢᠶᠠᠴᠢᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠭᠤᠶᠣ ᠰᠠᠶᠢᠬᠠᠨ ᠠᠮᠢ | ᠠᠬᠤᠶ ᠣᠷᠴᠢᠨ ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠪᠠ᠃ 2021 ᠣᠨ ᠤ ᠰᠡᠭᠦᠯᠴᠢ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭ᠎ᠠ ᠶᠢ ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠬᠦ ᠨᠣᠷᠮ᠎ᠠ ᠶᠢ | 30% ᠳᠤ ᠬᠦᠷᠦᠭᠦᠯᠬᠦ ᠪᠠᠷ ᠴᠢᠷᠮᠠᠶᠢᠨ᠎ᠠ᠃ ᠣᠲᠣ ᠪᠣᠯᠲᠠᠯ᠎ᠠ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭ᠎ᠠ ᠶᠢ 191 ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠵᠦ᠂ ᠪᠥᠬᠦ ᠬᠤᠲᠠ ᠶᠢᠨ ᠶᠡᠷᠦᠩᠬᠡᠶ ᠲᠣᠭᠠᠨ ᠤ 24% ᠶᠢ | ᠡᠵᠡᠯᠡᠪᠡ᠃ | |