ᠨᠢᠭᠡ ᠳᠤ᠂ ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠪᠠ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠠᠳᠬᠤᠵᠤ ᠪᠠᠶᠢᠨ᠎ᠠ᠃ ᠥᠷᠲᠡᠭᠡᠨ ᠳᠤ ᠰᠠᠭᠤᠭ᠎ᠠ ᠬᠠᠤᠯᠢ ᠬᠡᠷᠡᠭᠵᠢᠭᠦᠯᠬᠦ ᠠᠵᠢᠯᠲᠠᠳ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠪᠠ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠡᠷᠡᠭᠰᠡᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠣᠷᠣᠨ ᠱᠠᠲᠤ ᠬᠤᠪᠢᠶᠠᠨ ᠰᠡᠷᠭᠡᠶᠢᠯᠡᠨ ᠡᠵᠡᠮᠳᠡᠬᠦ ᠵᠢᠭᠠᠪᠤᠷᠢ | ︵ᠲᠠᠪᠤᠳᠤᠭᠠᠷ ᠬᠡᠪᠯᠡᠯ︶︾ ᠶᠢ ᠨᠠᠶᠢᠳᠠᠪᠤᠷᠢᠵᠢᠭᠤᠯᠵᠤ᠂ ︽ᠠᠮᠠᠪᠴᠢ ᠵᠡᠭᠦᠬᠦ + ᠪᠡᠶ᠎ᠡ ᠶᠢᠨ ᠳᠤᠯᠠᠭᠠᠨ ᠢ ᠬᠡᠮᠵᠢᠬᠦ + ᠺᠣᠳ᠋ ᠰᠢᠷᠪᠢᠬᠦ︾ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠵᠢᠯᠣᠭᠤᠴᠢ᠂ ᠲᠡᠷᠭᠡ ᠬᠥᠰᠬᠡ᠂ ᠠᠵᠢᠯᠲᠠᠨ ᠵᠢᠴᠢ ᠬᠤᠯᠪᠣᠭᠳᠠᠯ | ᠪᠥᠬᠦᠶ ᠬᠤᠭ ᠨᠣᠪᠰᠢ ᠶᠢ ᠰᠢᠢᠳᠪᠦᠷᠢᠯᠡᠬᠦ᠂ ᠴᠡᠪᠡᠷᠯᠡᠭᠴᠢ ᠵᠡᠷᠭᠡ ᠠᠷᠤ ᠲᠠᠯ᠎ᠠ ᠶᠢᠨ ᠦᠢᠯᠡᠴᠢᠯᠡᠭᠡᠨ ᠤ ᠠᠵᠢᠯᠲᠠᠳ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠲᠣᠳᠣᠷᠬᠠᠶᠢᠯᠠᠪᠠ᠃ ︽ᠠᠶᠠᠨᠴᠢᠳ ᠤᠨ ᠮᠡᠳᠡᠭᠡ ᠵᠠᠩᠭᠢ ᠶᠢ ᠳᠠᠩᠰᠠᠯᠠᠭᠰᠠᠨ ᠡᠬᠡ ᠲᠠᠩᠰᠠ︾ ᠪᠠ ︽ᠲᠠᠯᠠᠪᠤᠷ ᠥᠷᠲᠡᠭᠡ ᠶᠢᠨ ᠪᠣᠭᠤᠮᠲᠠ ᠶᠢᠨ ᠬᠤᠪᠢ ᠬᠥᠮᠦᠨ ᠤ | ᠮᠡᠳᠡᠭᠡ ᠵᠠᠩᠭᠢ ᠶᠢᠨ ᠥᠪᠡᠰᠦᠪᠡᠨ ᠨᠡᠪᠲᠡᠷᠡᠬᠦ ᠰᠢᠰᠲ᠋ᠧᠮ︾ ᠢ ᠪᠠᠶᠢᠭᠤᠯᠵᠤ᠂ ︽ᠨᠢᠭᠡ ᠲᠡᠷᠭᠡᠨ ᠳᠤ ᠨᠢᠭᠡ ᠺᠣᠳ᠋᠂ ᠲᠡᠷᠭᠡᠨ ᠳᠤ ᠭᠠᠷᠴᠤ ᠲᠡᠷᠭᠡᠨ ᠠᠴᠠ ᠪᠠᠭᠤᠬᠤ ᠳᠤ | ᠺᠣᠳ᠋ ᠢ ᠰᠢᠷᠪᠢᠬᠦ︾ ᠵᠠᠭᠪᠤᠷ ᠢᠶᠠᠷ ᠬᠠᠮᠢᠶᠠᠷᠴᠤ᠂ ᠠᠶᠠᠨᠴᠢᠳ ᠤᠨ ᠠᠶᠠᠯᠠᠯ ᠢ ᠮᠥᠷᠳᠡᠵᠦ ᠪᠣᠯᠬᠤ ᠶᠢ ᠦᠨᠡᠨ ᠬᠦ ᠪᠠᠲᠤᠯᠠᠪᠠ᠃ | ᠬᠤᠶᠠᠷ ᠲᠤ᠂ ᠬᠢᠨᠠᠯᠲᠠ ᠲᠠᠯᠪᠢᠵᠤ ᠪᠠᠶᠢᠴᠠᠭᠠᠬᠤ ᠳᠠᠪᠲᠠᠮᠵᠢ ᠶᠢ ᠨᠡᠮᠡᠭᠳᠡᠭᠦᠯᠵᠦ᠂ ᠨᠡᠶᠢᠲᠡ ᠶᠢᠨ ᠮᠠᠰᠢᠨ᠂ ᠲᠦᠷᠢᠶᠡᠰᠦᠨ ᠮᠠᠰᠢᠨ᠂ ᠠᠶᠠᠨᠴᠢᠳ ᠤᠨ | ᠲᠡᠭᠡᠭᠡᠪᠦᠷᠢ ᠶᠢᠨ ᠡᠭᠡᠯᠵᠢ ᠶᠢᠨ ᠲᠡᠷᠭᠡ᠂ ᠡᠩ ᠤᠨ ᠪᠠᠷᠠᠭᠠᠨ ᠤ ᠲᠡᠷᠭᠡ ᠵᠡᠷᠭᠡ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠪᠠ᠃ 8 ᠳ᠋ᠤᠭᠠᠷ ᠰᠠᠷ᠎ᠠ ᠶᠢᠨ | ᠡᠬᠢᠨ ᠠᠴᠠ ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠳ ᠢ 3 ᠳᠤᠭᠤᠶᠢᠯᠠᠩ ᠬᠤᠪᠢᠶᠠᠵᠤ᠂ ᠨᠡᠶᠢᠲᠡ 124 ᠬᠥᠮᠦᠨ ᠤᠳᠠᠭ᠎ᠠ ᠲᠣᠬᠢᠷᠠᠭᠤᠯᠤᠨ᠂ | ᠨᠡᠶᠢᠲᠡ ᠶᠢᠨ ᠮᠠᠰᠢᠨ᠂ ᠲᠦᠷᠢᠶᠡᠰᠦᠨ ᠮᠠᠰᠢᠨ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡᠨ ᠤ ᠵᠢᠯᠣᠭᠤᠴᠢ ᠶᠢᠨ ᠠᠮᠠᠪᠴᠢ ᠵᠡᠭᠦᠭᠰᠡᠨ ᠡᠰᠡᠬᠦ᠂ ᠲᠡᠷᠭᠡ | ᠬᠥᠰᠬᠡ ᠪᠠᠨ ᠴᠠᠭ ᠲᠤᠬᠠᠶ ᠳᠤ ᠨᠢ ᠠᠷᠢᠭᠤᠳᠬᠠᠨ ᠰᠠᠯᠬᠢ ᠨᠡᠪᠲᠡᠷᠡᠭᠦᠯᠦᠭᠰᠡᠨ ᠡᠰᠡᠬᠦ᠂ ᠠᠶᠠᠨᠴᠢᠳ ᠤᠨ ᠺᠣᠳ᠋ ᠢ ᠰᠢᠷᠪᠢᠵᠦ ᠲᠡᠷᠭᠡᠨ ᠳᠤ ᠰᠠᠭᠤᠭᠰᠠᠨ ᠡᠰᠡᠬᠦ ᠵᠡᠷᠭᠡ ᠶᠢ | ᠪᠠᠶᠢᠴᠠᠭᠠᠵᠤ᠂ ᠠᠯᠳᠠᠭᠳᠠᠯ ᠲᠠᠢ ᠲᠠᠯ᠎ᠠ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠢᠯᠡᠴᠢᠯᠡᠭᠡᠨ ᠤ ᠶᠠᠰᠤ ᠴᠢᠨᠠᠷ ᠪᠠ ᠢᠲᠡᠭᠡᠮᠵᠢ ᠲᠠᠢ ᠬᠤᠯᠪᠣᠭᠳᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ | ᠨᠡᠶᠢᠳᠡᠮ ᠳᠤ ᠨᠢ ᠬᠠᠮᠤᠷᠤᠭᠤᠯᠬᠤ ᠶᠢ ᠠᠬᠢᠭᠤᠯᠪᠠ᠃ ᠣᠳᠣᠬᠠᠨ ᠳᠤ ᠡᠷᠢᠶᠡᠨ ᠬᠤᠲᠠ ᠠᠴᠠ ᠪᠡᠭᠡᠵᠢᠩ ᠬᠦᠷᠬᠦ ᠡᠭᠡᠯᠵᠢ ᠶᠢᠨ ᠲᠡᠷᠭᠡ ᠶᠢ ᠲᠦᠷ ᠵᠣᠭᠰᠣᠭᠠᠵᠤ᠂ | ᠲᠡᠭᠡᠭᠡᠪᠦᠷᠢ ᠶᠢᠨ ᠬᠤᠭᠤᠴᠠᠭᠠᠨ ᠳᠤ ᠠᠮᠠᠪᠴᠢ ᠵᠡᠭᠦᠭᠰᠡᠨ ᠦᠭᠡᠶ 2 ᠲᠦᠷᠢᠶᠡᠰᠦᠨ ᠮᠠᠰᠢᠨ ᠢ ᠲᠣᠷᠭᠤᠨ ᠰᠢᠢᠳᠬᠡᠵᠡᠢ᠃ | ᠭᠤᠷᠪᠠ ᠳᠤ᠂ ᠠᠵᠢᠯ ᠦᠢᠯᠡᠰ ᠡᠷᠬᠢᠯᠡᠭᠰᠡᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠭᠤᠯᠬᠤ ᠶᠢ ᠦᠷᠭᠦᠯᠵᠢᠯᠡᠨ ᠠᠬᠢᠭᠤᠯᠵᠤ᠂ | ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ ᠶᠢ ᠪᠦᠯᠦᠭ ᠬᠤᠪᠢᠶᠠᠨ ᠥᠷᠨᠢᠭᠦᠯᠪᠡ᠃ ᠠᠵᠢᠯ ᠦᠢᠯᠡᠰ ᠡᠷᠬᠢᠯᠡᠭᠰᠡᠳ ᠢ ᠳᠠᠶᠢᠴᠢᠯᠠᠨ ᠠᠷᠠᠳ ᠢᠷᠭᠡᠳ ᠤᠨ ᠡᠭᠦᠷᠭᠡ | ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠸᠠᠺᠼᠢᠨ ᠢ ᠢᠳᠡᠪᠬᠢᠲᠡᠶ ᠲᠠᠷᠢᠭᠤᠯᠵᠤ᠂ ︽ᠲᠠᠷᠢᠪᠠᠰᠤ ᠵᠣᠬᠢᠰᠲᠠᠢ ᠳᠤ ᠨᠢ ᠴᠢᠳᠠᠬᠤ ᠶᠢᠨ ᠬᠢᠷᠢ ᠪᠠᠷ ᠲᠠᠷᠢᠬᠤ︾ ᠶᠢ | ᠦᠨᠡᠨ ᠬᠦ ᠪᠠᠲᠤᠯᠠᠵᠤ᠂ ᠪᠥᠬᠦ ᠬᠤᠲᠠ ᠶᠢᠨ ᠡᠭᠡᠯᠢᠯᠡᠭᠡ ᠶᠢᠨ ᠬᠠᠯᠬᠠᠪᠴᠢ ᠶᠢ ᠬᠠᠮᠲᠤ ᠪᠠᠷ ᠪᠠᠶᠢᠭᠤᠯᠵᠤ ᠪᠠᠶᠢᠨ᠎ᠠ᠃ 8 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ᠂ | ᠨᠢᠭᠡᠨᠲᠡ ᠸᠠᠺᠼᠢᠨ ᠲᠠᠷᠢᠭᠤᠯᠤᠭᠰᠠᠨ ᠠᠵᠢᠯ ᠲᠥᠷᠥᠯ ᠤᠨ ᠨᠢᠭᠡᠴᠢ ᠵᠢᠴᠢ ᠠᠵᠢᠯ ᠦᠢᠯᠡᠰ ᠡᠷᠬᠢᠯᠡᠭᠰᠡᠳ᠄ ᠲᠦᠷᠢᠶᠡᠰᠦᠨ ᠮᠠᠰᠢᠨ ᠤ ᠵᠢᠯᠣᠭᠤᠴᠢ 502 ᠬᠥᠮᠦᠨ᠂ | ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ 54 ᠬᠥᠮᠦᠨ᠂ ᠨᠡᠶᠢᠲᠡ ᠶᠢᠨ ᠮᠠᠰᠢᠨ ᠤ ᠺᠣᠮᠫᠠᠨᠢ ᠶᠢᠨ 34 ᠬᠥᠮᠦᠨ ᠪᠠᠶᠢᠵᠤ᠂ ᠲᠠᠷᠢᠯᠭ᠎ᠠ | ᠲᠠᠷᠢᠭᠤᠯᠤᠭᠰᠠᠨ ᠨᠣᠷᠮ᠎ᠠ ᠨᠢ 94.82%᠂ 94.4% ᠪᠠ 91.17% ᠳᠤ ᠬᠦᠷᠴᠦ᠂ ᠲᠠᠷᠢᠯᠭ᠎ᠠ ᠲᠠᠷᠢᠭᠤᠯᠤᠭᠰᠠᠨ ᠦᠭᠡᠢ ᠨᠢ ᠭᠤᠤᠯᠳᠠᠭᠤ ᠤᠷᠲᠤ | ᠬᠤᠭᠤᠴᠠᠭ᠎ᠠ ᠪᠠᠷ ᠲᠣᠰ ᠬᠤᠲᠠ ᠳᠤ ᠰᠠᠭᠤᠬᠤ ᠥᠬᠡᠶ ᠬᠥᠮᠥᠰ ᠪᠠ ᠬᠦᠨᠳᠦ ᠡᠪᠡᠳᠴᠢᠲᠡᠨ ᠪᠣᠯᠤᠨ᠎ᠠ᠃ ᠣᠳᠣᠬᠠᠨ ᠳᠤ᠂ ᠬᠤᠲᠠ ᠶᠢᠨ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠣᠰᠣᠭᠠᠷ᠂ ᠲᠦᠷᠢᠶᠡᠰᠦᠨ ᠮᠠᠰᠢᠨ᠂ ᠨᠡᠶᠢᠲᠡ ᠶᠢᠨ ᠮᠠᠰᠢᠨ ᠤ ᠵᠢᠯᠣᠭᠤᠴᠢ ᠳᠤ ᠪᠦᠯᠦᠭ ᠬᠤᠪᠢᠶᠠᠨ ᠪᠥᠭᠡᠮ ᠬᠦᠴᠢᠯ ᠤᠨ | ᠪᠠᠶᠢᠴᠠᠭᠠᠨ ᠰᠢᠨᠵᠢᠯᠡᠯᠲᠡ ᠬᠢᠬᠦ ᠠᠵᠢᠯ ᠢ ᠶᠠᠭ ᠢᠳᠡᠪᠬᠢᠲᠡᠶ ᠠᠬᠢᠭᠤᠯᠵᠤ ᠪᠠᠶᠢᠨ᠎ᠠ᠃ |