ᠸᠠᠩ ᠯᠢ ᠰᠢᠶᠠ ᠪᠠᠶᠠᠨᠨᠠᠭᠤᠷ ᠤᠷᠳᠤᠰ ᠲᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2021/8/11

      8 ᠰᠠᠷ᠎ᠠ ᠶᠢᠨ 8 ᠠᠴᠠ 10 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠪᠠᠶᠠᠨᠨᠠᠭᠤᠷ ᠬᠤᠳᠠ᠂ ᠤᠷᠳᠤᠰ ᠬᠤᠳᠠ ᠳᠤ ᠭᠦᠨᠵᠡᠭᠡᠶᠢᠷᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠬᠠᠳᠤᠨ ᠭᠤᠣᠯ ᠤᠨ ᠭᠤᠣᠯ ᠤᠨ ᠵᠠᠮ ᠢ ᠴᠡᠭᠴᠡᠯᠡᠨ ᠵᠠᠰᠠᠬᠤ᠂ ᠦᠶᠡᠷ ᠢ ᠰᠡᠷᠭᠡᠶᠢᠯᠡᠬᠦ᠂ ᠤᠯᠠᠭᠠᠨᠰᠤᠬᠠᠢ ᠶᠢᠨ ᠶᠡᠷᠦᠩᠬᠡᠶᠢᠯᠡᠭᠰᠡᠨ ᠵᠠᠰᠠᠯᠳᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠲᠡᠷᠡ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ ᠥᠪᠥᠷ ᠮᠣᠩᠭᠤᠯ ᠤᠨ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠡᠷᠬᠡᠪᠰᠢ ᠰᠠᠶᠢᠲᠤᠷ ᠡᠭᠦᠷᠭᠡᠯᠡᠬᠦ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠪᠠᠰᠠ ᠴᠤ ᠪᠢᠳᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠯᠭᠠᠮ ᠱᠠᠭᠠᠷᠳᠠᠯᠭ᠎ᠠ ᠪᠠ ᠴᠢᠬᠤᠯᠠ ᠶᠡᠭᠡ ᠠᠵᠠ ᠲᠣᠬᠢᠶᠠᠯ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠠᠭᠠᠯᠠᠯᠳᠠ ᠶᠢ ᠴᠢᠩᠭᠠᠳᠬᠠᠵᠤ ᠨᠢᠭᠡᠳᠦᠯᠲᠡᠢ ᠲᠥᠯᠥᠪᠯᠡᠨ ᠬᠦᠭᠵᠢᠭᠦᠯᠵᠦ᠂ ᠬᠠᠳᠤᠨ ᠭᠤᠣᠯ ᠢ ᠦᠨᠡᠨ ᠬᠦ ᠠᠷᠠᠳ ᠲᠦᠮᠡᠨ ᠳᠤ ᠪᠤᠶᠠᠨ ᠦᠢᠯᠡᠳᠬᠦ ᠵᠢᠷᠭᠠᠯ ᠤᠨ ᠭᠤᠣᠯ ᠪᠣᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃

1.jpg


      ᠸᠠᠩ ᠯᠢ ᠰᠢᠶᠠ ᠬᠠᠩᠭᠢᠨ ᠬᠤᠶᠢᠲᠤ ᠬᠤᠰᠢᠭᠤ᠂ ᠯᠢᠨ ᠾᠧ ᠲᠣᠭᠤᠷᠢᠭ᠂ ᠤᠷᠠᠳ ᠤᠨ ᠡᠮᠦᠨᠡᠲᠦ ᠬᠤᠰᠢᠭᠤ᠂ ᠬᠠᠩᠭᠢᠨ ᠬᠤᠰᠢᠭᠤ᠂ ᠳᠠᠯᠠᠳ ᠬᠤᠰᠢᠭᠤ ᠶᠢᠨ ᠬᠠᠲᠤᠨ ᠭᠤᠤᠯ ᠳᠠᠭᠠᠤ ᠲᠤᠭᠤᠷᠢᠨ ᠪᠠᠶᠢᠴᠠᠭᠠᠵᠤ᠂ ᠭᠤᠤᠯ ᠤᠨ ᠵᠠᠮ ᠢ ᠴᠡᠭᠴᠡᠯᠡᠨ ᠵᠠᠰᠠᠬᠤ᠂ ᠭᠤᠤᠯ ᠤᠨ ᠲᠠᠩ ᠤᠨ ᠣᠷᠣᠨ ᠤ ᠠᠷᠠᠳ ᠢ ᠨᠡᠭᠦᠯᠭᠡᠵᠥ ᠪᠦᠳᠦᠬᠡᠨ ᠪᠠᠶᠢᠭᠤᠯᠬᠤ᠂ ᠦᠶᠡᠷ ᠢ ᠰᠠᠯᠭᠠᠵᠤ ᠦᠶᠡᠷ ᠬᠤᠷᠠᠭᠤᠯᠬᠤ ᠪᠠᠶᠢᠳᠠᠯ ᠢ ᠨᠠᠷᠢᠨ ᠣᠶᠢᠯᠠᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠬᠠᠲᠤᠨ ᠭᠤᠤᠯ ᠤᠨ ᠭᠤᠤᠯ ᠤᠨ ᠵᠠᠮ ᠢ ᠳᠤᠷ᠎ᠠ ᠪᠠᠷ ᠢᠶᠠᠨ ᠡᠵᠡᠯᠡᠬᠦ ᠳᠤᠷ᠎ᠠ ᠪᠠᠷ ᠢᠶᠠᠨ ᠪᠦᠳᠦᠬᠡᠨ ᠪᠠᠶᠢᠭᠤᠯᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ ᠶᠢ ᠡᠷᠡᠰ ᠰᠠᠶᠢᠲᠤᠷ ᠠᠳᠬᠤᠵᠤ᠂ ᠣᠯᠠᠨ ᠡᠬᠢᠲᠦ ᠪᠣᠬᠢᠷᠲᠤᠯ ᠢ ᠰᠠᠶᠢᠲᠤᠷ ᠡᠵᠡᠮᠳᠡᠵᠦ᠂ ᠭᠤᠤᠯ ᠳᠠᠭᠠᠤ ᠶᠢᠨ ᠠᠮᠢ ᠠᠬᠤᠶ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠭᠤᠤᠯ ᠤᠨ ᠲᠠᠩ ᠤᠨ ᠣᠷᠣᠨ ᠤ ᠠᠷᠠᠳ ᠢ ᠨᠡᠭᠦᠯᠭᠡᠵᠥ ᠪᠦᠳᠦᠬᠡᠨ ᠪᠠᠶᠢᠭᠤᠯᠬᠤ ᠶᠢ ᠰᠠᠶᠢᠲᠤᠷ ᠬᠢᠵᠦ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠦ ᠮᠠᠩᠬ᠎ᠠ ᠶᠢ ᠨᠢᠭᠡᠳᠦᠯᠲᠡᠶ ᠲᠥᠯᠥᠪᠵᠢᠭᠦᠯᠦᠨ ᠵᠠᠰᠠᠬᠤ ᠶᠢ ᠠᠬᠢᠭᠤᠯᠵᠤ᠂ ᠬᠠᠲᠤᠨ ᠭᠤᠤᠯ ᠤᠨ ᠤᠰᠤᠨ ᠤ ᠠᠮᠤᠷ ᠲᠦᠪᠰᠢᠨ᠂ ᠤᠰᠤᠨ ᠤ ᠡᠬᠢ ᠪᠠᠶᠠᠯᠢᠭ᠂ ᠤᠰᠤᠨ ᠤ ᠤᠷᠴᠢᠨ ᠲᠤᠭᠤᠷᠢᠨ᠂ ᠤᠰᠤᠨ ᠤ ᠠᠮᠢ ᠠᠬᠤᠢ ᠶᠢᠨ ᠪᠠᠳᠤᠯᠠᠭ᠎ᠠ ᠶᠢᠨ ᠳᠦᠪᠰᠢᠨ ᠢ ᠦᠷᠬᠦᠯᠵᠢᠯᠡᠨ ᠳᠡᠬᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
      ᠣᠲᠣᠬᠠᠨ ᠪᠣᠯ ᠶᠠᠭ ᠪᠥᠬᠦ ᠣᠷᠣᠨ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠸᠠᠩ ᠯᠢ ᠰᠢᠶᠠ ᠤᠷᠢᠳ ᠬᠤᠵᠢᠳ ᠪᠠᠶᠠᠨᠨᠠᠭᠤᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ᠂ ᠯᠢᠨ ᠾᠧ ᠲᠣᠭᠤᠷᠢᠭ ᠤᠨ ᠬᠠᠲᠤᠨ ᠭᠤᠤᠯ ᠤᠨ ᠠᠶᠤᠯᠲᠠᠶ ᠠᠵᠢᠯ ᠤᠨ ᠬᠡᠰᠡᠭ᠂ ᠳᠠᠯᠠᠳ ᠬᠤᠰᠢᠭᠤᠨ ᠤ ᠪᠸᠢ ᠬᠠᠶ ᠶᠢᠨ ᠠᠶᠤᠯᠲᠠᠶ ᠠᠵᠢᠯ ᠤᠨ ᠬᠡᠰᠡᠭ ᠲᠤ ᠬᠦᠷᠴᠦ᠂ ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠴᠤ᠂ ᠲᠤᠬᠠᠶ ᠶᠢᠨ ᠲᠠᠯᠠᠪᠠᠶ ᠳᠤ ᠬᠠᠰᠢᠯᠭ᠎ᠠ ᠶᠢ ᠪᠠᠬᠢᠵᠢᠭᠦᠯᠬᠦ ᠪᠠ ᠪᠠᠴᠢᠮ ᠪᠠᠶᠢᠳᠠᠯ ᠢ ᠠᠷᠭᠠᠴᠡᠭᠠᠨ ᠠᠶᠤᠯ ᠠᠴᠠ ᠠᠪᠤᠷᠬᠠᠤ ᠠᠷᠭ᠎ᠠ ᠬᠡᠮᠵᠢᠶ᠎ᠡ ᠶᠢ ᠪᠠᠶᠢᠴᠠᠭᠠᠨ ᠦᠵᠡᠵᠦ᠂ ᠬᠠᠲᠤᠨ ᠭᠤᠤᠯ ᠤᠨ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ᠂ ᠠᠶᠤᠯ ᠠᠴᠠ ᠠᠪᠤᠷᠠᠨ ᠪᠠᠬᠢᠵᠢᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
      ᠸᠠᠩ ᠯᠢ ᠰᠢᠶᠠ ᠤᠯᠠᠭᠠᠨᠰᠤᠬᠠᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠳᠠᠯ ᠢ ᠮᠠᠰᠢ ᠠᠩᠬᠠᠷᠴᠤ ᠪᠠᠶᠢᠯ᠎ᠠ᠃ ᠨᠠᠭᠤᠷ ᠳᠠᠭᠠᠤ ᠲᠣᠭᠤᠷᠢᠨ ᠪᠠᠶᠢᠴᠠᠭᠠᠬᠤ ᠳᠠᠭᠠᠨ ᠲᠡᠷᠡ᠂ ᠲᠥᠯᠥᠪᠵᠢᠭᠦᠯᠭᠡ ᠪᠠ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠳᠡᠭᠡᠳᠦ ᠲᠤᠤᠷᠠᠳᠤ ᠤᠷᠤᠰᠬᠠᠯ᠂ ᠬᠠᠭᠤᠷᠠᠢ ᠭᠠᠵᠠᠷ ᠤᠰᠤᠨ ᠳᠡᠭᠡᠷᠡᠬᠢ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠤᠰᠤᠨ ᠤ ᠴᠢᠨᠠᠷ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠲᠦᠷᠭᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

2.jpg


      ︽ᠲᠩᠷᠢ ᠶᠢᠨ ᠬᠡᠰᠢᠭᠲᠦ ᠪᠣᠷᠣᠲᠣᠬᠤᠶ︾ ᠶᠢᠨ ᠶᠡᠷᠦᠩᠬᠡᠶ ᠬᠡᠯᠲᠡᠰ ᠤᠨ ᠰᠠᠭᠤᠷᠢᠨ᠂ ᠬᠠᠲᠤᠨ ᠭᠤᠣᠯ ᠤᠨ ᠰᠠᠪᠠ ᠭᠠᠵᠠᠷ ᠤᠨ ᠪᠠᠷᠠᠭᠤᠨ ᠬᠤᠶᠢᠲᠤ ᠣᠷᠣᠨ ᠤ ᠦᠷ᠎ᠡ ᠡᠳ᠋ ᠤᠨ ᠭᠧᠨ ᠤ ᠬᠥᠮᠥᠷᠭᠡ᠂ ᠳᠠᠯᠠᠳ ᠬᠤᠰᠢᠭᠤᠨ ᠤ ᠭᠡᠷᠡᠯᠴᠢ ᠴᠡᠨᠡᠭ ᠤᠨ ᠬᠡᠷᠡᠭᠯᠡᠭᠡᠨ ᠤ ᠳᠠᠭᠠᠭᠤᠯᠤᠭᠴᠢ ᠰᠠᠭᠤᠷᠢᠨ ᠵᠡᠷᠭᠡ ᠬᠠᠳᠤᠨ ᠭᠤᠤᠯ ᠳᠠᠭᠠᠤ ᠠᠵᠤ ᠦᠢᠯᠡᠰ ᠤᠨ ᠬᠥᠭᠵᠢᠯᠲᠡ ᠶᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠳᠠᠭᠠᠨ᠂ ᠲᠡᠷᠡ᠂ ᠬᠠᠲᠤᠨ ᠭᠤᠤᠯ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ‌‍ᠶᠢᠨ ᠴᠢᠬᠤᠯᠠ ᠶᠡᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠥᠬᠦᠷᠡᠰᠢ ᠦᠭᠡᠶ ᠠᠳᠬᠤᠵᠤ᠂ ᠤᠳᠠᠭᠠᠨ ᠳᠠᠭᠠᠭᠠᠮᠠᠭᠠᠶ ᠵᠢᠳᠬᠦᠯ ᠴᠢᠷᠮᠠᠶᠢᠯᠭ᠎ᠠ ᠭᠠᠷᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠡᠨᠡ ᠬᠦ ᠲᠤᠮᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠤ᠂ ᠠᠮᠢ ᠠᠬᠤᠶ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠪᠣᠯᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠬᠤᠲᠠ ᠶᠢᠨ ᠰᠦᠷᠦᠭᠵᠢᠯ ᠤᠨ ᠬᠥᠭᠵᠢᠯᠲᠡ᠂ ᠬᠠᠲᠤᠨ ᠭᠤᠤᠯ ᠳᠠᠭᠠᠤ ᠶᠢᠨ ᠠᠵᠤ ᠦᠢᠯᠡᠰ ᠤᠨ ᠬᠥᠭᠵᠢᠯᠲᠡ ᠶᠢ ᠣᠷᠭᠠᠨᠢᠭ ᠢᠶᠠᠷ ᠤᠶᠠᠯᠳᠤᠭᠤᠯᠵᠤ᠂ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠴᠢᠨᠠᠷ ᠰᠠᠶᠢᠲᠠᠶ ᠬᠥᠭᠵᠢᠯᠲᠡ ᠳᠡᠭᠡᠷ᠎ᠡ ᠢᠯᠡᠷᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃
      ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠪᠠᠶᠠᠨᠨᠠᠭᠤᠷ ᠬᠤᠳᠠ ᠶᠢᠨ ᠡᠮᠨᠡᠯᠭᠡ ᠶᠢᠨ ᠬᠤᠷᠢᠶ᠎ᠠ ᠶᠢᠨ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ︽ᠭᠤᠷᠪᠠᠨ ᠲᠤᠭᠤᠷᠢᠭ ᠬᠤᠶᠠᠷ ᠨᠡᠪᠳᠡᠷᠡᠬᠦ ᠵᠠᠮ︾ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠭᠠᠵᠠᠷ ᠣᠷᠣᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠷᠢᠨ ᠪᠣᠳᠠᠲᠠᠢ ᠲᠦᠷᠭᠡᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ