︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/8/12

ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                          ᠦᠪᠦᠷ ᠵᠠᠰᠠᠭ ᠠᠯᠪᠠᠨ ᠲᠠᠷᠬᠠᠭᠠᠭᠰᠠᠨ ﹇2021﹈ 30 ᠳ᠋ᠤᠭᠠᠷ ᠲᠣᠭᠠᠲᠤ

              ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ

            ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠶ

          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂

ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ

ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ

ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃

                                                                           2021 ᠣᠨ ᠤ 7 ᠳ᠋ᠤᠭᠠᠷ ᠰᠠᠷ᠎ᠠ ᠶᠢᠨ 1 ᠤ ᠡᠳᠦᠷ

                                                                           ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

                                       

                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ

                    ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶

     ᠨᠢᠭᠡᠳᠦᠭᠡᠷ ᠪᠦᠯᠦᠭ ᠶᠡᠷᠦᠩᠬᠡᠢ ᠳᠦᠷᠢᠮ

     ᠨᠢᠭᠡᠳᠦᠭᠡᠷ ᠵᠦᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ

ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ

ᠨᠠᠶᠢᠳᠠᠪᠤᠷᠢᠵᠢᠭᠤᠯᠵᠤ᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠭᠦᠨᠵᠡᠭᠡᠶ ᠬᠡᠷᠡᠭᠵᠢᠭᠦᠯᠦᠨ᠂ ᠡᠵᠡᠩᠨᠡᠨ

ᠬᠤᠳᠠᠯᠳᠤᠭᠠᠯᠠᠬᠤ ᠣᠷᠴᠢᠨ ᠨᠥᠬᠦᠴᠡᠯ ᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠰᠢᠨᠵᠢᠯᠡᠬᠦ ᠤᠬᠠᠭᠠᠨᠴᠢ ᠪᠠᠷ ᠵᠢᠷᠤᠮᠵᠢᠯ ᠲᠠᠢ ᠦᠨᠡᠯᠡᠨ ᠵᠢᠱᠢᠵᠦ᠂

ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ ᠨᠥᠬᠦᠴᠡᠯ ᠢ ᠪᠠᠶᠢᠭᠤᠯᠬᠤ ᠠᠯᠬᠤᠴᠠ ᠪᠠᠨ ᠲᠦᠷᠭᠡᠳᠬᠡᠨ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂

ᠵᠢᠱᠢᠵᠦ ᠪᠣᠯᠬᠤᠶᠢᠴᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ

ᠲᠠᠰᠤᠷᠠᠯᠲᠠ ᠥᠬᠡᠶ ᠬᠥᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃

     ᠬᠤᠶᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠢ ᠥᠷᠨᠢᠭᠦᠯᠬᠦ ᠳᠤ᠂ ᠵᠠᠬ᠎ᠠ ᠳᠡᠯᠭᠡᠭᠦᠷᠴᠢᠯᠡᠬᠦ᠂

ᠬᠠᠤᠯᠢᠵᠢᠭᠤᠯᠬᠤ᠂ ᠳᠡᠯᠡᠬᠡᠶᠢᠴᠢᠯᠡᠬᠦ ᠵᠠᠷᠴᠢᠮ ᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠ ᠪᠣᠳᠠᠲᠠᠢ ᠣᠶᠢᠯᠠᠭᠠᠯᠲᠠ ᠪᠠᠷ

ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠭᠦᠨᠵᠡᠭᠡᠢ ᠬᠤᠪᠢᠷᠠᠭᠤᠯᠬᠤ ᠪᠠᠷ ᠭᠤᠣᠯ ᠪᠣᠯᠭᠠᠨ᠂ ᠳᠡᠯᠡᠬᠡᠢ ᠶᠢᠨ ᠪᠠ ᠤᠯᠤᠰ ᠤᠨ

ᠳᠣᠲᠣᠭᠠᠳᠤ ᠶᠢᠨ ᠲᠡᠷᠢᠭᠦᠨ ᠤ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠥᠪᠥᠷ ᠮᠣᠩᠭᠤᠯ ᠤᠨ ᠣᠨᠴᠠᠯᠢᠭ ᠲᠠᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ

ᠦᠨᠡᠯᠡᠨ ᠵᠢᠱᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠪᠠ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠦᠨᠡᠯᠡᠨ ᠵᠢᠱᠢᠬᠦ ᠪᠠᠷ ᠥᠭᠡᠷᠡᠴᠢᠯᠡᠨ

ᠰᠠᠶᠢᠵᠢᠷᠠᠭᠤᠯᠬᠤ ᠶᠢ ᠠᠬᠢᠭᠤᠯᠬᠤ᠂ ᠦᠨᠡᠯᠡᠨ ᠵᠢᠱᠢᠬᠦ ᠪᠠᠷ ᠰᠢᠯᠢᠳᠡᠭᠵᠢᠭᠦᠯᠬᠦ ᠶᠢ ᠠᠬᠢᠭᠤᠯᠬᠤ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ

ᠣᠷᠴᠢᠨ ᠨᠥᠬᠦᠴᠡᠯ ᠢ ᠲᠦᠷᠭᠡᠳᠬᠡᠨ ᠰᠠᠶᠢᠵᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠳᠤ ᠲᠠᠭᠠᠰᠢᠶᠠᠭᠳᠠᠬᠤ ᠲᠡᠷᠢᠭᠦᠨ ᠤ ᠣᠷᠴᠢᠨ

ᠨᠥᠬᠦᠴᠡᠯ ᠢ ᠪᠤᠢ ᠪᠣᠯᠭᠠᠬᠤ ᠬᠡᠷᠡᠭᠲᠡᠢ᠃

     ᠬᠤᠶᠠᠳᠤᠭᠠᠷ ᠪᠦᠯᠦᠭ ᠦᠨᠡᠯᠡᠨ ᠵᠢᠱᠢᠭᠦᠯᠦᠭᠴᠢ ᠪᠠ ᠠᠭᠤᠯᠭ᠎ᠠ

     ᠭᠤᠷᠪᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠢ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ

ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠡᠵᠡᠩᠨᠡᠨ ᠬᠤᠳᠠᠯᠳᠤᠭᠠᠯᠠᠬᠤ ᠣᠷᠴᠢᠨ

ᠨᠥᠬᠦᠴᠡᠯ ᠤᠨ ᠳᠤᠭᠤᠶᠢᠯᠠᠩ ᠤᠨ ᠪᠦᠷᠢᠯᠳᠦᠬᠦᠨ ᠨᠢᠭᠡᠴᠢ ᠪᠣᠯᠣᠨ ᠬᠠᠮᠢᠶ᠎ᠠ ᠪᠥᠬᠦᠶ ᠭᠦᠢᠴᠡᠳᠬᠡᠯ ᠲᠤᠭ᠎ᠠ ᠳᠤ ᠬᠤᠯᠪᠣᠭᠳᠠᠭᠰᠠᠨ ᠰᠠᠯᠠᠭ᠎ᠠ ᠮᠥᠴᠢᠷ᠂ ᠠᠵᠤ ᠠᠬᠤᠶᠢᠯᠠᠯ

ᠬᠠᠮᠲᠤ ᠪᠠᠷ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠣᠳᠠᠲᠠᠶ ᠵᠣᠬᠢᠶᠠᠨ ᠪᠠᠶᠢᠭᠤᠯᠵᠤ

ᠬᠡᠷᠡᠭᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠤᠰ ᠤᠨ ᠠᠵᠢᠯ ᠲᠥᠷᠥᠯ ᠨᠢᠭᠡᠲᠡᠢ ᠶᠠᠮᠤᠨ ᠵᠥᠪᠯᠡᠯ ᠯᠦᠭᠡ ᠵᠣᠯᠭᠠᠭᠤᠯᠬᠤ ᠶᠢ

ᠴᠢᠩᠭᠠᠳᠬᠠᠵᠤ᠂ ᠦᠨᠡᠯᠡᠨ ᠵᠢᠱᠢᠵᠦ ᠲᠠᠶᠢᠯᠪᠤᠷᠢᠯᠠᠨ ᠣᠶᠢᠯᠠᠭᠠᠭᠤᠯᠬᠤ ᠪᠠ ᠲᠤᠰᠬᠠᠶ ᠮᠡᠷᠭᠡᠵᠢᠯ ᠤᠨ ᠵᠢᠭᠠᠨ ᠵᠢᠯᠣᠭᠤᠳᠬᠤ ᠠᠵᠢᠯ ᠢ ᠦᠨᠡᠨ ᠬᠦ ᠰᠠᠶᠢᠲᠤᠷ ᠬᠢᠬᠦ

ᠬᠡᠷᠡᠭᠲᠡᠶ᠃

     ᠳᠥᠷᠪᠡᠳᠦᠭᠡᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠦᠨᠡᠯᠡᠨ ᠵᠢᠱᠢᠭᠦᠯᠦᠭᠴᠢ ᠪᠣᠯ ᠡᠯ᠎ᠡ ᠠᠶᠢᠮᠠᠭ ᠤᠨ ᠵᠠᠬᠢᠷᠭ᠎ᠠ᠂ ᠲᠣᠭᠤᠷᠢᠭ

ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠡᠰᠡᠭ ᠬᠤᠰᠢᠭᠤ ᠰᠢᠶᠠᠨ ︵ᠬᠤᠲᠠ᠂

ᠲᠣᠭᠤᠷᠢᠭ︶᠂ ᠨᠡᠭᠡᠭᠡᠯᠲᠡ ᠬᠢᠬᠦ ᠲᠣᠭᠤᠷᠢᠭ᠂ ᠲᠤᠷᠰᠢᠯᠲᠠ ᠶᠢᠨ ᠲᠣᠭᠤᠷᠢᠭ ᠢ ᠰᠣᠩᠭᠤᠵᠤ ᠦᠨᠡᠯᠡᠨ ᠵᠢᠱᠢᠯᠲᠡ ᠬᠢᠵᠦ ᠪᠣᠯᠤᠨ᠎ᠠ᠃

     ᠲᠠᠪᠤᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠪᠣᠯ ᠳᠡᠯᠡᠬᠡᠶ ᠶᠢᠨ

ᠪᠠᠩᠬᠢ ᠪᠠ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠦᠨᠡᠯᠡᠯᠲᠡ ᠬᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠨᠢ

ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠪᠠᠶᠢᠭᠤᠯᠵᠤ᠂ 4 ᠬᠡᠮᠵᠢᠯ᠂ 20 ᠵᠦᠢᠯ ᠤᠨ ᠨᠢᠭᠡᠳᠦᠭᠡᠷ ᠳᠡᠰ ᠤᠨ ᠭᠦᠢᠴᠡᠳᠬᠡᠯ

ᠲᠤᠭ᠎ᠠ᠂ 92 ᠵᠦᠢᠯ ᠤᠨ ᠬᠤᠶᠠᠳᠤᠭᠠᠷ ᠳᠡᠰ ᠤᠨ ᠭᠦᠢᠴᠡᠳᠬᠡᠯ ᠲᠤᠭ᠎ᠠ ᠭᠡᠵᠦ ᠬᠤᠪᠢᠶᠠᠨ᠎ᠠ᠃

     ᠭᠤᠷᠪᠠᠳᠤᠭᠠᠷ ᠪᠦᠯᠦᠭ ᠦᠨᠡᠯᠡᠨ ᠵᠢᠱᠢᠬᠦ ᠠᠷᠭ᠎ᠠ

     ᠵᠢᠷᠭᠤᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ

ᠵᠥᠪᠯᠡᠯ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠬᠦ ᠠᠷᠭ᠎ᠠ ᠪᠠᠷ ᠰᠠᠭᠤᠷᠢ

ᠪᠣᠯᠭᠠᠵᠤ᠂ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠲᠤᠰᠠᠭᠠᠷ ᠥᠷᠨᠢᠭᠦᠯᠦᠨ᠂ ᠢᠷᠡᠬᠦ ᠵᠢᠯ ᠤᠨ ᠬᠢᠨᠢ 1 ᠳ᠋ᠣᠬᠡᠷ ᠰᠠᠷ᠎ᠠ ᠶᠢᠨ

ᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢᠨ ᠬᠠᠮᠲᠤ᠂ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠵᠦ ᠵᠢᠱᠢᠭᠰᠡᠨ ᠮᠡᠳᠡᠭᠦᠯᠦᠯᠲᠡ ᠶᠢ

ᠨᠠᠶᠢᠷᠠᠭᠤᠯᠤᠨ ᠵᠣᠬᠢᠶᠠᠬᠤ ᠬᠡᠷᠡᠭᠲᠡᠶ᠃

     ᠳᠣᠯᠣᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠵᠦ ᠵᠢᠱᠢᠭᠰᠡᠨ ᠳ᠋ᠠᠶᠢᠲ᠋ᠠ ᠳᠤ ᠠᠶᠢᠮᠠᠭ ᠤᠨ ᠵᠠᠬᠢᠷᠭ᠎ᠠ᠂ ᠲᠣᠭᠤᠷᠢᠭ

ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠳᠡᠭᠡᠷ ᠤᠨ ᠰᠠᠯᠠᠭ᠎ᠠ ᠮᠥᠴᠢᠷ ᠤᠨ ᠳ᠋ᠠᠶᠢᠲ᠋ᠠ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ

ᠲᠠᠭᠠᠰᠢᠶᠠᠯ ᠤᠨ ᠪᠠᠶᠢᠳᠠᠯ ᠤᠨ ᠪᠠᠶᠢᠴᠠᠭᠠᠯᠲᠠ ᠶᠢᠨ ᠳ᠋ᠠᠶᠢᠲ᠋ᠠ ᠶᠢ ᠪᠠᠭᠲᠠᠭᠠᠬᠤ ᠬᠡᠷᠡᠭᠲᠡᠶ᠃

     ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠳᠡᠭᠡᠷ ᠤᠨ ᠰᠠᠯᠠᠭ᠎ᠠ ᠮᠥᠴᠢᠷ ᠤᠨ ᠳ᠋ᠠᠶᠢᠲ᠋ᠠ ᠳᠤ

ᠢᠯᠡ ᠪᠣᠯᠭᠠᠭᠰᠠᠨ ᠳ᠋ᠠᠶᠢᠲ᠋ᠠ ᠶᠢ ᠨᠢ ᠵᠠᠳᠠᠯᠬᠤ᠂ ᠰᠢᠰᠲ᠋ᠧᠮ ᠤᠨ ᠳ᠋ᠠᠶᠢᠲ᠋ᠠ ᠶᠢ ᠨᠢ ᠭᠠᠷᠭᠠᠨ ᠠᠪᠬᠤ᠂ ᠪᠣᠳᠠᠲᠠᠶ ᠠᠵᠢᠯ ᠶᠠᠪᠤᠳᠠᠯ ᠤᠨ ᠵᠢᠱᠢᠶ᠎ᠡ᠂ ᠵᠢᠱᠢᠶᠡᠯᠡᠭᠰᠡᠨ ᠠᠵᠢᠯ

ᠶᠠᠪᠤᠳᠠᠯ ᠤᠨ ᠵᠢᠱᠢᠶ᠎ᠡ᠂ ᠥᠯᠢᠭᠡᠷ ᠪᠣᠯᠬᠤ ᠠᠵᠤ ᠠᠬᠤᠶᠢᠯᠠᠯ᠂ ᠰᠦᠯᠵᠢᠶ᠎ᠡ ᠪᠠᠷ ᠮᠠᠲ᠋ᠧᠷᠢᠶᠠᠯ ᠲᠤᠰᠢᠶᠠᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ ᠣᠯᠬᠤ ᠬᠡᠷᠡᠭᠲᠡᠶ᠃

     ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠠᠭᠠᠰᠢᠶᠠᠯ ᠤᠨ ᠪᠠᠶᠢᠳᠠᠯ ᠤᠨ ᠪᠠᠶᠢᠴᠠᠭᠠᠯᠲᠠ ᠶᠢᠨ ᠳ᠋ᠠᠶᠢᠲ᠋ᠠ ᠶᠢ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂

ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ᠂ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ ᠤᠯᠬᠤ ᠬᠡᠷᠡᠭᠲᠡᠶ᠃

     ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠤᠭ᠎ᠠ᠂ ᠲᠦᠷᠢᠮ᠂ ᠪᠠᠷᠢᠮᠵᠢᠶ᠎ᠠ᠂ ᠠᠰᠠᠭᠤᠯᠲᠠ ᠶᠢᠨ ᠬᠠᠭᠤᠳᠠᠰᠤ

ᠵᠡᠷᠭᠡ ᠪᠠᠨ ᠤᠷᠢᠳᠴᠢᠯᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃

     ᠨᠠᠢᠮᠠᠳᠤᠭᠠᠷ ᠵᠦᠢᠯ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠦᠨᠡᠯᠡᠨ ᠵᠢᠱᠢᠬᠦ ᠪᠠᠶᠢᠴᠠᠭᠠᠯᠲᠠ ᠳᠤ ᠪᠡᠶ᠎ᠡ ᠪᠠᠨ ᠳᠠᠭᠠᠭᠠᠨ ᠣᠷᠣᠯᠴᠠᠬᠤ ᠪᠠ ᠪᠠᠶᠢᠳᠠᠯ ᠢᠶᠠᠨ

ᠲᠤᠰᠬᠠᠵᠤ ᠪᠣᠯᠤᠨ᠎ᠠ᠂ ᠦᠨᠡᠯᠡᠨ ᠵᠢᠱᠢᠬᠦ ᠳᠤ ᠣᠷᠣᠯᠴᠠᠭᠰᠠᠨ ᠣᠷᠣᠨ ᠨᠤᠲᠤᠭ ᠨᠢ ᠭᠠᠷ ᠳᠦᠷᠦᠨ ᠬᠠᠮᠢᠶᠠᠷᠴᠤ ᠪᠣᠯᠬᠤ ᠥᠬᠡᠶ᠂ ᠵᠠᠬ᠎ᠠ ᠳᠡᠯᠭᠡᠭᠦᠷ ᠤᠨ ᠭᠤᠤᠯ

ᠴᠣᠭᠴᠠ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠵᠦ ᠪᠣᠯᠬᠤ ᠥᠬᠡᠶ᠃

     ᠶᠢᠰᠦᠳᠦᠭᠡᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠭᠡᠳ ᠣᠯᠤᠭᠰᠠᠨ ᠳ᠋ᠠᠶᠢᠲ᠋ᠠ ᠶᠢ ᠭᠤᠷᠪᠠᠳᠠᠬᠢ ᠡᠲᠡᠭᠡᠳ ᠤᠨ ᠲᠤᠰᠬᠠᠶ

ᠪᠠᠶᠢᠭᠤᠯᠤᠮᠵᠢ ᠨᠢ ᠵᠠᠳᠠᠯᠤᠯᠲᠠ ᠶᠢᠨ ᠰᠢᠰᠲ᠋ᠧᠮ ᠢ ᠬᠡᠷᠡᠭᠯᠡᠵᠦ ᠬᠠᠷᠭᠤᠭᠤᠯᠤᠨ ᠰᠢᠯᠭᠠᠵᠤ᠂ ᠭᠦᠢᠴᠡᠳᠬᠡᠬᠦ ᠭᠤᠭᠴᠤᠭ᠎ᠠ᠂ ᠴᠠᠭ ᠬᠤᠭᠤᠴᠠᠭ᠎ᠠ᠂ ᠥᠪᠡᠷ ᠤᠨ ᠥᠷᠲᠡᠭ

ᠵᠡᠷᠭᠡ ᠪᠠᠶᠢᠳᠠᠯ ᠳᠤ ᠪᠥᠬᠦ ᠬᠡᠯᠬᠢᠶᠡᠰᠦ ᠪᠠᠷ ᠳᠠᠬᠢᠨᠲᠠ ᠬᠠᠷᠭᠤᠭᠤᠯᠤᠨ᠂ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠲᠠᠭᠯᠠᠵᠤ ᠮᠡᠳᠡᠭᠦᠯᠦᠭᠰᠡᠨ ᠳ᠋ᠠᠶᠢᠲ᠋ᠠ ᠶᠢ

ᠰᠣᠯᠪᠢᠴᠠᠨ ᠭᠡᠷᠡᠴᠢᠯᠡᠵᠦ᠂ ᠬᠡᠪ ᠤᠨ ᠪᠤᠰᠤ ᠳ᠋ᠠᠶᠢᠲ᠋ᠠ ᠶᠢ ᠠᠷᠢᠯᠭᠠᠨ᠂ ᠳᠤᠲᠠᠭᠳᠠᠵᠤ ᠪᠠᠶᠢᠭ᠎ᠠ ᠳ᠋ᠠᠶᠢᠲ᠋ᠠ ᠶᠢ ᠨᠥᠬᠦᠪᠥᠷᠢᠯᠡᠵᠦ᠂ ᠪᠠᠶᠢᠴᠠᠭᠠᠯᠲᠠ ᠶᠢᠨ ᠳ᠋ᠠᠶᠢᠲ᠋ᠠ ᠶᠢᠨ

ᠦᠨᠡᠨ ᠪᠣᠳᠠᠲᠠᠶ ᠪᠥᠭᠡᠳ ᠪᠦᠷᠢᠨ ᠪᠦᠲᠦᠨ ᠪᠤᠰᠤᠳᠴᠢ ᠪᠠᠶᠢᠬᠤ ᠪᠠ ᠦᠨᠡᠯᠡᠵᠦ ᠵᠢᠱᠢᠭᠰᠡᠨ ᠦᠷ᠎ᠡ ᠳ᠋ᠦᠩ ᠨᠢ ᠦᠨᠡᠨ ᠢ ᠪᠠᠷᠢᠮᠲᠠᠯᠠᠭᠰᠠᠨ ᠪᠠᠶᠢᠬᠤ ᠶᠢ ᠦᠨᠡᠨ ᠬᠦ

ᠪᠠᠲᠤᠯᠠᠬᠤ ᠬᠡᠷᠡᠭᠲᠡᠢ᠃

     ᠠᠷᠪᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠵᠦ ᠬᠤᠪᠢ ᠲᠣᠭᠲᠠᠭᠠᠬᠤ ᠳᠤ ᠳᠡᠯᠡᠬᠡᠶ ᠶᠢᠨ ᠪᠠᠩᠬᠢ ᠶᠢᠨ ᠦᠨᠡᠯᠡᠯᠲᠡ

ᠪᠠ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢᠨ ᠲᠡᠷᠢᠭᠦᠨ ᠪᠠᠶᠢᠷᠢ ᠶᠢᠨ ᠵᠠᠶ ᠪᠠᠷ ᠬᠤᠪᠢ ᠣᠯᠭᠤᠬᠤ ᠠᠷᠭ᠎ᠠ ᠶᠢ

ᠬᠡᠷᠡᠭᠯᠡᠨ᠎ᠡ᠂ ᠬᠤᠪᠢ ᠤᠯᠬᠤ ᠬᠡᠪᠴᠢᠶ᠎ᠡ ᠨᠢ 0 - 100 ᠬᠤᠪᠢ ᠪᠣᠯᠤᠨ᠎ᠠ᠃ ᠵᠦᠢᠯ ᠪᠦᠷᠢ ᠶᠢᠨ ᠬᠤᠶᠠᠳᠤᠭᠠᠷ ᠳᠡᠰ ᠤᠨ ᠭᠦᠢᠴᠡᠳᠬᠡᠯ ᠲᠣᠭᠠᠨ ᠤ ᠢᠯᠡᠷᠡᠯ ᠨᠢ

ᠬᠠᠮᠤᠭ ᠤᠨ ᠰᠢᠯᠢᠳᠡᠭ ᠪᠣᠯᠬᠤ ᠲᠡᠷᠢᠭᠦᠨ ᠪᠠᠶᠢᠷᠢ ᠶᠢᠨ ᠠᠶᠢᠮᠠᠭ ᠬᠤᠲᠠ ᠨᠢ 100 ᠬᠤᠪᠢ ᠣᠯᠵᠤ᠂ ᠪᠤᠰᠤᠳ ᠠᠶᠢᠮᠠᠭ ᠬᠤᠲᠠ ᠶᠢᠨ ᠣᠯᠬᠤ ᠬᠤᠪᠢ ᠶᠢ ᠨᠢ ᠣᠯᠬᠤ

ᠬᠤᠪᠢ ᠬᠢᠭᠡᠳ ᠲᠡᠷᠢᠭᠦᠨ ᠪᠠᠶᠢᠷᠢ ᠶᠢᠨ ᠬᠡᠮᠵᠢᠭᠳᠡᠯ ᠤᠨ ᠵᠥᠷᠢᠶ᠎ᠡ ᠶᠢ ᠦᠨᠳᠦᠰᠦᠯᠡᠨ ᠪᠣᠳᠣᠵᠤ ᠣᠯᠭᠤᠨ᠎ᠠ᠃ ᠬᠤᠶᠠᠳᠤᠭᠠᠷ ᠳᠡᠰ ᠤᠨ ᠪᠥᠬᠦ ᠭᠦᠢᠴᠡᠳᠬᠡᠯ ᠲᠣᠭᠠᠨ ᠤ

ᠣᠯᠬᠤ ᠬᠤᠪᠢ ᠳᠤ ᠨᠢᠭᠡᠳᠦᠭᠡᠷ ᠳᠡᠰ ᠤᠨ ᠭᠦᠢᠴᠡᠳᠬᠡᠯ ᠲᠣᠭᠠᠨ ᠤ ᠣᠯᠬᠤ ᠬᠤᠪᠢ ᠶᠢ ᠲᠣᠣᠬᠠᠶᠢᠯᠠᠨ ᠪᠤᠳᠤᠵᠤ᠂ ᠨᠢᠭᠡᠳᠦᠭᠡᠷ ᠳᠡᠰ ᠤᠨ ᠪᠥᠬᠦ ᠭᠦᠢᠴᠡᠳᠬᠡᠯ

ᠲᠣᠭᠠᠨ ᠤ ᠣᠯᠬᠤ ᠬᠤᠪᠢ ᠶᠢ ᠲᠤᠤᠬᠠᠶᠢᠯᠠᠨ ᠪᠣᠳᠣᠭᠠᠳ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠵᠦ ᠵᠢᠱᠢᠭᠰᠡᠨ ᠶᠡᠷᠦᠩᠬᠡᠶ

ᠬᠤᠪᠢ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠨᠡᠷᠡᠰ ᠢ ᠵᠢᠭᠰᠠᠭᠠᠬᠤ ᠦᠨᠳᠦᠰᠦᠯᠡᠯ ᠪᠣᠯᠭᠠᠨ᠎ᠠ᠃

     ᠳᠥᠷᠪᠡᠳᠦᠭᠡᠷ ᠪᠦᠯᠦᠭ ᠦᠷ᠎ᠡ ᠳ᠋ᠦᠩ ᠢ ᠬᠡᠷᠡᠭᠯᠡᠬᠦ

     ᠠᠷᠪᠠᠨ ᠨᠢᠭᠡᠳᠦᠭᠡᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠢ ᠥᠪᠡᠷᠲᠡᠭᠡᠨ ᠵᠠᠰᠠᠬᠤ ᠣᠷᠣᠨ ᠠᠴᠠ ᠠᠶᠢᠮᠠᠭ

ᠬᠤᠲᠠ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠣᠭᠠᠨ ᠤ ᠲᠣᠭᠲᠠᠯᠴᠠᠭ᠎ᠠ ᠳᠤ ᠣᠷᠣᠭᠤᠯᠵᠤ᠂ ᠦᠷ᠎ᠡ ᠳ᠋ᠦᠩ ᠢ ᠨᠢ ᠠᠶᠢᠮᠠᠭ ᠬᠤᠲᠠ ᠶᠢᠨ

ᠡᠵᠡᠩᠨᠡᠨ ᠬᠤᠳᠠᠯᠳᠤᠭᠠᠯᠠᠬᠤ ᠠᠵᠢᠯ ᠤᠨ ᠲᠥᠬᠦᠮ ᠦᠵᠡᠭᠦᠯᠬᠦ ᠪᠠᠷᠢᠮᠵᠢᠶᠠᠯᠠᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠺᠠᠳ᠋ᠷ ᠢ ᠰᠢᠯᠭᠠᠨ

ᠬᠢᠨᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ ᠳᠣᠭᠢᠷᠠᠭᠤᠯᠵᠤ᠂ ᠪᠣᠳᠠᠲᠠᠶ ᠠᠵᠢᠯ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠂ ᠨᠡᠭᠡᠭᠡᠯᠲᠡ ᠬᠢᠬᠦ

ᠲᠣᠭᠤᠷᠢᠭ᠂ ᠲᠤᠷᠰᠢᠯᠲᠠ ᠶᠢᠨ ᠲᠣᠭᠤᠷᠢᠭ ᠤᠨ ᠦᠨᠡᠯᠡᠨ ᠵᠢᠱᠢᠭᠰᠡᠨ ᠦᠷ᠎ᠡ ᠳ᠋ᠦᠩ ᠢ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ

ᠰᠠᠨᠠᠭᠤᠯᠭ᠎ᠠ ᠥᠭᠬᠦ ᠶᠢᠨ ᠯᠠᠪᠯᠠᠯᠲᠠ ᠪᠣᠯᠭᠠᠨ᠎ᠠ᠂ ᠠᠮᠵᠢᠯᠲᠠ ᠪᠦᠲᠦᠮᠵᠢ ᠶᠢ ᠨᠢ ᠰᠢᠯᠭᠠᠨ ᠬᠢᠨᠠᠬᠤ ᠠᠵᠢᠯ ᠪᠣᠯᠭᠠᠬᠤ ᠬᠡᠷᠡᠭ ᠥᠬᠡᠶ᠃ ᠦᠨᠡᠯᠡᠵᠦ ᠵᠢᠱᠢᠭᠰᠡᠨ ᠦᠷ᠎ᠡ

ᠳ᠋ᠦᠩ ᠢ ᠨᠢ ᠵᠣᠬᠢᠰᠲᠠᠶ ᠠᠷᠭ᠎ᠠ ᠬᠡᠯᠪᠡᠷᠢ ᠪᠠᠷ ᠨᠡᠶᠢᠲᠡᠯᠡᠬᠦ ᠪᠤᠶᠤ ᠨᠡᠪᠲᠡᠷᠡᠭᠦᠯᠬᠦ ᠬᠡᠷᠡᠭᠲᠡᠶ᠃

     ᠠᠷᠪᠠᠨ ᠬᠤᠶᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ

ᠡᠮᠬᠢᠯᠡᠨ ᠲᠢᠭᠯᠡᠵᠦ᠂ ᠥᠪᠡᠷᠮᠢᠴᠡ ᠴᠢᠨᠠᠷᠲᠠᠶ ᠠᠰᠠᠭᠤᠳᠠᠯ ᠢ ᠴᠠᠭ ᠲᠤᠬᠠᠶ ᠳᠤ ᠨᠢ ᠡᠯ᠎ᠡ ᠭᠠᠵᠠᠷ ᠣᠷᠣᠨ ᠳᠤ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠵᠤ᠂

ᠨᠡᠶᠢᠲᠡᠯᠢᠭ ᠴᠢᠨᠠᠷᠲᠠᠶ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠠᠶᠢᠵᠤ ᠰᠢᠯᠢᠳᠡᠭᠵᠢᠭᠦᠯᠬᠦ

ᠰᠠᠨᠠᠭᠤᠯᠭ᠎ᠠ ᠳᠤᠷᠠᠳᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠦᠨᠡᠯᠡᠨ ᠵᠢᠱᠢᠬᠦ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠬᠤ ᠪᠠ

ᠳᠤᠲᠠᠭᠤᠳᠠᠯ ᠢᠶᠠᠨ ᠭᠦᠢᠴᠡᠳ ᠨᠥᠬᠦᠪᠦᠷᠢᠯᠡᠬᠦ ᠶᠢ ᠨᠢ ᠠᠬᠢᠭᠤᠯᠬᠤ ᠬᠡᠷᠡᠭᠲᠡᠶ᠃

     ᠠᠷᠪᠠᠨ ᠭᠤᠷᠪᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ ᠡᠯ᠎ᠡ ᠭᠠᠵᠠᠷ ᠣᠷᠣᠨ ᠤ ᠡᠵᠡᠩᠨᠡᠨ ᠬᠤᠳᠠᠯᠳᠤᠭᠠᠯᠠᠬᠤ

ᠣᠷᠴᠢᠨ ᠨᠥᠬᠦᠴᠡᠯ ᠢᠶᠠᠨ ᠰᠢᠯᠢᠳᠡᠭᠵᠢᠭᠦᠯᠦᠭᠰᠡᠨ ᠲᠡᠷᠢᠭᠦᠨ ᠤ ᠲᠤᠷᠰᠢᠯᠭ᠎ᠠ ᠪᠠ ᠰᠢᠨ᠎ᠡ ᠶᠢ ᠡᠭᠦᠳᠦᠭᠰᠡᠨ ᠦᠢᠯᠡᠴᠢᠯᠡᠭᠡ ᠳᠤ ᠳ᠋ᠦᠩᠨᠡᠯᠲᠡ ᠬᠢᠬᠦ ᠶᠢ ᠨᠢ ᠠᠩᠬᠠᠷᠤᠨ

ᠴᠢᠬᠤᠯᠠᠴᠢᠯᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠯᠢᠳᠡᠭ ᠨᠡᠶᠢᠲᠡᠯᠢᠭ ᠵᠢᠱᠢᠶ᠎ᠡ ᠪᠣᠯᠭᠠᠵᠤ ᠵᠢᠷᠤᠮᠯᠠᠨ ᠳᠠᠭᠠᠵᠤ ᠳᠡᠯᠭᠡᠷᠡᠭᠦᠯᠦᠨ᠂ ᠨᠠᠩ ᠣᠯᠠᠨ

ᠭᠠᠵᠠᠷ ᠣᠷᠣᠨ ᠤ ᠦᠨᠡᠯᠡᠨ ᠵᠢᠱᠢᠬᠦ ᠪᠠᠷ ᠰᠢᠯᠢᠳᠡᠭᠵᠢᠭᠦᠯᠬᠦ ᠶᠢ ᠠᠬᠢᠭᠤᠯᠬᠤ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢ ᠵᠦᠢ ᠵᠣᠬᠢᠰᠲᠠᠶ ᠬᠥᠲᠥᠯᠥᠨ

ᠵᠢᠯᠣᠭᠤᠳᠬᠤ ᠬᠡᠷᠡᠭᠲᠡᠶ᠃ ᠦᠨᠡᠯᠡᠨ ᠵᠢᠱᠢᠬᠦ ᠠᠵᠢᠯ ᠤᠨ ᠬᠥᠲᠥᠯᠥᠨ ᠵᠢᠯᠣᠭᠤᠳᠬᠤ ᠪᠠ ᠰᠢᠮᠳᠠᠭᠤᠯᠤᠨ ᠠᠬᠢᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂

ᠪᠣᠳᠠᠲᠤ ᠦᠷ᠎ᠡ ᠪᠦᠲᠦᠮᠵᠢ ᠲᠠᠢ ᠪᠣᠯᠬᠤ ᠶᠢ ᠡᠷᠬᠢᠮᠯᠡᠨ᠂ ︽ᠨᠡᠷᠡᠰ ᠲᠤ ᠵᠢᠭᠰᠠᠭᠠᠭᠳᠠᠬᠤ ᠶᠢ ᠯᠠ ᠬᠥᠭᠡᠭᠡᠴᠡᠯᠳᠦᠬᠦ ᠣᠨᠣᠯ︾ ᠢ ᠡᠷᠡᠰ ᠠᠷᠢᠯᠭᠠᠬᠤ ᠬᠡᠷᠡᠭᠲᠡᠶ᠃

     ᠠᠷᠪᠠᠨ ᠳᠥᠷᠪᠡᠳᠦᠭᠡᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ

ᠣᠷᠴᠢᠨ ᠨᠥᠬᠦᠴᠡᠯ ᠤᠨ ᠦᠨᠡᠯᠡᠯᠲᠡ ᠶᠢᠨ ᠬᠠᠮᠤᠭ ᠤᠨ ᠰᠠᠶᠢᠨ ᠵᠢᠱᠢᠶ᠎ᠡ᠂ ᠬᠠᠮᠤᠭ ᠤᠨ ᠰᠢᠯᠢᠳᠡᠭ ᠭᠦᠢᠴᠡᠳᠬᠡᠯ ᠲᠤᠭ᠎ᠠ ᠪᠠᠷ ᠲᠡᠷᠢᠭᠦᠨ ᠪᠠᠶᠢᠷᠢ ᠶᠢᠨ ᠬᠡᠪ ᠳᠠᠭᠤᠷᠢᠶᠠᠯ

ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠶᠢ ᠭᠦᠨᠵᠡᠭᠡᠶ ᠵᠠᠳᠠᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ

ᠵᠢᠭᠠᠨ ᠵᠢᠯᠣᠭᠤᠳᠴᠤ ᠪᠠᠶᠢᠭᠠᠳ ᠲᠡᠷᠢᠭᠦᠨ ᠤ ᠬᠢᠷᠢ ᠲᠦᠪᠰᠢᠨ ᠲᠠᠢ ᠪᠠᠷᠢᠮᠵᠢᠶᠠᠯᠠᠨ ᠬᠠᠷᠢᠴᠠᠭᠤᠯᠵᠤ᠂ ᠳᠠᠪᠠᠯᠲᠠ ᠲᠠᠢ ᠳᠡᠭᠡᠭᠰᠢᠯᠡᠬᠦ ᠶᠢ ᠪᠡᠶᠡᠯᠡᠭᠦᠯᠬᠦ ᠪᠠᠷ ᠰᠤᠳᠤᠯᠵᠤ

ᠰᠦᠪᠡᠭᠴᠢᠯᠡᠬᠦ ᠬᠡᠷᠡᠭᠲᠡᠶ᠃

     ᠲᠠᠪᠤᠳᠤᠭᠠᠷ ᠪᠦᠯᠦᠭ ᠬᠡᠷᠡᠭᠵᠢᠭᠦᠯᠬᠦ ᠪᠠᠲᠤᠯᠠᠭ᠎ᠠ

     ᠠᠷᠪᠠᠨ ᠲᠠᠪᠤᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ

ᠣᠷᠣᠨ ᠤ ᠪᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠨᠡᠯᠡᠨ ᠵᠢᠱᠢᠬᠦ ᠳᠤ

ᠣᠷᠣᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ

ᠦᠨᠡᠯᠡᠨ ᠵᠢᠱᠢᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ ᠠᠶᠢᠮᠠᠭ ᠬᠤᠲᠠ ᠵᠢᠴᠢ ᠲᠡᠳᠡᠭᠡᠷ ᠠᠴᠠ ᠳᠣᠷᠣᠭᠰᠢᠬᠢ ᠠᠷᠠᠳ ᠤᠨ ᠵᠠᠰᠠᠭ ᠤᠨ ᠣᠷᠳᠣᠨ ᠨᠢ

ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ︵ᠦᠨᠡᠯᠡᠯᠲᠡ ᠬᠢᠬᠦ︶ ᠠᠵᠢᠯ ᠢ ᠳᠠᠭᠢᠵᠤ ᠥᠷᠨᠢᠭᠦᠯᠬᠦ ᠥᠬᠡᠶ᠃

     ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠳᠤ ᠨᠠᠶᠢᠳᠠᠵᠤ

ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠦᠨᠡᠯᠡᠨ ᠵᠢᠱᠢᠬᠦ ᠬᠠᠮᠢᠶ᠎ᠠ ᠪᠥᠬᠦᠶ ᠵᠠᠷᠤᠳᠠᠯ ᠢᠶᠠᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠣᠨ ᠤ

ᠲᠥᠰᠦᠪ ᠲᠤ ᠣᠷᠣᠭᠤᠯᠬᠤ ᠬᠡᠷᠡᠭᠲᠡᠶ᠃

     ᠠᠷᠪᠠᠨ ᠳᠣᠯᠣᠳᠤᠭᠠᠷ ᠵᠦᠢᠯ ᠭᠤᠷᠪᠠᠳᠠᠬᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠬᠤ ᠳᠤ ᠪᠠᠨ ᠵᠠᠰᠠᠭ ᠤᠨ ᠣᠷᠳᠣᠨ ᠤ ᠬᠤᠳᠠᠯᠳᠤᠨ ᠠᠪᠬᠤ

ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠶᠢ ᠬᠡᠷᠡᠭᠯᠡᠵᠦ ᠶᠠᠪᠤᠭᠳᠠᠭᠤᠯᠬᠤ ᠬᠡᠷᠡᠭᠲᠡᠢ᠃

     ᠠᠷᠪᠠᠨ ᠨᠠᠢᠮᠠᠳᠤᠭᠠᠷ ᠵᠦᠢᠯ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠨᠢ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠠᠯ᠎ᠠ ᠪᠠᠷ ᠬᠢ ᠠᠵᠢᠯ ᠤᠨ

ᠲᠤᠷᠰᠢᠯᠭ᠎ᠠ ᠲᠠᠢ᠂ ᠨᠡᠯᠢᠶᠡᠳ ᠴᠢᠩᠭ᠎ᠠ ᠲᠤᠰᠬᠠᠶ ᠮᠡᠷᠭᠡᠵᠢᠯ ᠤᠨ ᠪᠦᠯᠬᠦᠮ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠴᠢᠳᠠᠪᠤᠷᠢ ᠲᠠᠢ ᠪᠠᠶᠢᠵᠤ᠂ ᠦᠨᠡᠯᠡᠨ ᠵᠢᠱᠢᠬᠦ ᠳᠤ

ᠪᠤᠰᠤᠳᠴᠢ ᠴᠢᠨᠠᠷ ᠪᠠ ᠦᠨᠡᠨ ᠪᠣᠳᠠᠲᠤ ᠴᠢᠨᠠᠷ ᠲᠠᠢ ᠪᠠᠶᠢᠬᠤ ᠶᠢ ᠦᠨᠡᠨ ᠬᠦ ᠪᠠᠲᠤᠯᠠᠵᠤ ᠴᠢᠳᠠᠬᠤ ᠬᠡᠷᠡᠭᠲᠡᠶ᠃

     ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠦᠨᠡᠯᠡᠵᠦ ᠵᠢᠱᠢᠭᠰᠡᠨ ᠳ᠋ᠠᠶᠢᠲ᠋ᠠ ᠶᠢ ᠠᠰᠢᠭᠯᠠᠨ ᠠᠰᠢᠭ ᠣᠯᠬᠤ ᠶᠢ ᠴᠢᠩᠭ᠎ᠠ

ᠬᠤᠷᠢᠭᠯᠠᠬᠤ ᠬᠡᠷᠡᠭᠲᠡᠶ᠃ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠨᠢ ᠵᠠᠶᠢᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠦᠨᠡᠯᠡᠨ ᠵᠢᠱᠢᠬᠦ ᠳᠤ

ᠣᠷᠣᠯᠴᠠᠭᠰᠠᠨ ᠠᠶᠢᠮᠠᠭ ᠬᠤᠲᠠ ᠳᠤ ᠦᠨᠡᠯᠡᠯᠲᠡ ᠬᠢᠬᠦ ᠯᠠᠪᠯᠠᠯᠭ᠎ᠠ᠂ ᠪᠣᠯᠪᠠᠰᠤᠷᠠᠯ᠂ ᠰᠡᠳᠦᠪ ᠤᠨ ᠰᠤᠳᠤᠯᠤᠯ᠂ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ

ᠵᠡᠷᠭᠡ ᠵᠠᠰᠠᠭ ᠤᠨ ᠣᠷᠳᠣᠨ ᠤ ᠡᠯ᠎ᠡ ᠲᠥᠷᠥᠯ ᠤᠨ ᠬᠤᠳᠠᠯᠳᠤᠨ ᠠᠪᠬᠤ ᠲᠥᠷᠥᠯ ᠵᠦᠢᠯ ᠢ ᠶᠠᠮᠠᠷᠪᠠ ᠨᠡᠷ᠎ᠡ ᠪᠠᠷ ᠳᠠᠭᠠᠭᠠᠨ ᠠᠪᠴᠤ ᠪᠣᠯᠬᠤ ᠦᠭᠡᠶ᠃ ᠦᠨᠡᠯᠡᠨ

ᠵᠢᠱᠢᠬᠦ ᠳᠤ ᠣᠷᠣᠯᠴᠠᠭᠰᠠᠨ ᠠᠶᠢᠮᠠᠭ ᠬᠤᠲᠠ ᠨᠢ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠳᠤ ᠶᠠᠮᠠᠷᠪᠠ ᠬᠡᠯᠪᠡᠷᠢ ᠪᠠᠷ ᠠᠰᠢᠭ ᠲᠤᠰᠠ ᠬᠦᠷᠭᠡᠵᠦ ᠪᠣᠯᠬᠤ

ᠥᠬᠡᠶ᠃

     ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠡᠯ᠎ᠡ ᠭᠠᠵᠠᠷ ᠣᠷᠣᠨ ᠡᠯ᠎ᠡ ᠰᠠᠯᠠᠭ᠎ᠠ

ᠮᠥᠴᠢᠷ ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠣᠭᠠᠨ ᠤ

ᠲᠣᠭᠲᠠᠯᠴᠠᠭ᠎ᠠ᠂ ᠠᠷᠭ᠎ᠠ ᠬᠡᠯᠪᠡᠷᠢ ᠪᠠ ᠠᠷᠭ᠎ᠠ ᠪᠠᠷᠢᠯ᠂ ᠲᠥᠷᠥ ᠶᠢᠨ ᠪᠣᠳᠣᠯᠭ᠎ᠠ ᠲᠦᠷᠢᠮ ᠵᠢᠴᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠠᠰᠤᠷᠠᠯᠲᠠ ᠥᠬᠡᠶ

ᠲᠡᠭᠦᠯᠳᠡᠷᠵᠢᠭᠦᠯᠵᠦ᠂ ᠦᠨᠡᠯᠡᠨ ᠵᠢᠱᠢᠬᠦ ᠨᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠠᠷᠭ᠎ᠠ ᠪᠠᠷᠢᠯ ᠨᠢ ᠪᠠᠷᠢᠮᠵᠢᠶ᠎ᠠ ᠵᠢᠷᠤᠮᠵᠢᠯ ᠲᠠᠢ᠂ ᠦᠷ᠎ᠡ ᠳ᠋ᠦᠩ ᠨᠢ ᠪᠤᠰᠤᠳᠴᠢ

ᠪᠥᠭᠡᠳ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠡᠯᠡᠨ ᠵᠢᠱᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠳᠡᠯᠡᠬᠡᠶ ᠶᠢᠨ ᠪᠠᠩᠬᠢ ᠪᠠ

ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢᠨ ᠬᠤᠪᠢᠷᠠᠯᠲᠠ ᠶᠢᠨ

ᠪᠠᠶᠢᠳᠠᠯ ᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠬᠤ ᠬᠡᠷᠡᠭᠲᠡᠶ᠃

     ᠬᠤᠷᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠡᠯ᠎ᠡ ᠵᠦᠢᠯ ᠤᠨ ᠭᠦᠢᠴᠡᠳᠬᠡᠯ

ᠲᠣᠭᠠᠨ ᠤ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠬᠠᠮᠲᠤᠷᠠᠯᠴᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ

ᠪᠣᠯᠪᠠᠰᠤᠷᠠᠭᠤᠯᠵᠤ ᠵᠢᠭᠠᠨ ᠵᠢᠯᠣᠭᠤᠳᠬᠤ ᠠᠵᠢᠯ ᠢ ᠬᠠᠮᠲᠤ ᠪᠠᠷ ᠰᠠᠶᠢᠲᠤᠷ ᠬᠢᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠬᠦ

ᠲᠣᠭᠠᠵᠢᠭᠤᠯᠤᠭᠰᠠᠨ ᠲᠠᠪᠴᠠᠩ ᠢ ᠰᠤᠳᠤᠯᠤᠨ ᠪᠠᠶᠢᠭᠤᠯᠵᠤ᠂ ᠦᠨᠡᠯᠡᠨ ᠵᠢᠱᠢᠵᠦ ᠵᠠᠳᠠᠯᠤᠯᠲᠠ ᠬᠢᠬᠦ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃

     ᠬᠤᠷᠢᠨ ᠬᠤᠶᠠᠳᠤᠭᠠᠷ ᠵᠦᠢᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠨᠡᠪᠲᠡᠷᠡᠯᠴᠡᠨ ᠣᠶᠢᠯᠠᠭᠠᠯᠴᠠᠵᠤ ᠬᠠᠷᠢᠭᠤ ᠲᠤᠰᠬᠠᠬᠤ ᠲᠣᠭᠲᠠᠴᠠ ᠶᠢ

ᠪᠠᠶᠢᠭᠤᠯᠵᠤ᠂ ᠦᠨᠡᠯᠡᠨ ᠵᠢᠱᠢᠵᠦ ᠢᠯᠡᠷᠡᠭᠦᠯᠦᠭᠰᠡᠨ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠵᠦ᠂ ᠡᠯ᠎ᠡ ᠭᠠᠵᠠᠷ ᠣᠷᠣᠨ ᠤ ᠡᠵᠡᠩᠨᠡᠨ ᠬᠤᠳᠠᠯᠳᠤᠭᠠᠯᠠᠬᠤ

ᠣᠷᠴᠢᠨ ᠨᠥᠬᠦᠴᠡᠯ ᠢᠶᠠᠨ ᠰᠢᠯᠢᠳᠡᠭᠵᠢᠭᠦᠯᠦᠭᠰᠡᠨ ᠰᠢᠨ᠎ᠡ ᠡᠭᠦᠳᠦᠯᠲᠡ ᠲᠠᠢ ᠦᠢᠯᠡᠴᠢᠯᠡᠭᠡ ᠶᠢ ᠳ᠋ᠦᠩᠨᠡᠨ ᠳᠡᠯᠭᠡᠷᠡᠭᠦᠯᠵᠦ᠂ ᠪᠥᠬᠦ ᠣᠷᠣᠨ ᠤ ᠡᠵᠡᠩᠨᠡᠨ

ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠶ᠃

     ᠬᠤᠷᠢᠨ ᠭᠤᠷᠪᠠᠳᠤᠭᠠᠷ ᠵᠦᠢᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ᠂ ᠵᠠᠭᠤᠴᠢᠯᠠᠭᠤᠷ ᠤᠨ ᠲᠤᠰᠬᠠᠶ

ᠪᠤᠯᠤᠩ ᠭᠠᠷᠭᠠᠬᠤ ᠵᠡᠷᠭᠡ ᠬᠡᠯᠪᠡᠷᠢ ᠶᠢ ᠬᠡᠷᠡᠭᠯᠡᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠪᠠ ᠠᠵᠢᠯ ᠤᠨ

ᠠᠮᠵᠢᠯᠲᠠ ᠪᠦᠲᠦᠮᠵᠢ ᠶᠢ ᠶᠡᠭᠡ ᠪᠠᠷ ᠤᠬᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ ᠪᠥᠬᠦ ᠨᠡᠶᠢᠭᠡᠮ ᠢᠶᠠᠷ ᠢᠶᠠᠨ

ᠠᠩᠬᠠᠷᠤᠯ ᠲᠠᠯᠪᠢᠬᠤ᠂ ᠣᠷᠣᠯᠴᠠᠬᠤ ᠪᠠ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃

     ᠬᠤᠷᠢᠨ ᠳᠥᠷᠪᠡᠳᠦᠭᠡᠷ ᠵᠦᠢᠯ ᠨᠡᠶᠢᠭᠡᠮ ᠤᠨ ᠪᠤᠰᠤᠳ ᠪᠠᠶᠢᠭᠤᠯᠤᠮᠵᠢ ᠶᠢᠨ ᠥᠪᠡᠰᠦᠪᠡᠨ ᠦᠨᠡᠯᠡᠨ ᠵᠢᠱᠢᠬᠦ ︵ᠦᠨᠡᠯᠡᠯᠲᠡ ᠬᠢᠬᠦ︶ ᠠᠵᠢᠯ ᠢ ᠥᠷᠨᠢᠭᠦᠯᠦᠭᠡᠳ

ᠵᠢᠭᠰᠠᠭᠠᠭᠰᠠᠨ ᠨᠡᠷᠡᠰ ᠤᠨ ᠬᠤᠯᠪᠣᠭᠳᠠᠯ ᠪᠥᠬᠦᠶ ᠮᠡᠳᠡᠭᠡ ᠵᠠᠩᠭᠢ ᠪᠠᠨ ᠳᠤᠷ᠎ᠠ ᠪᠠᠷ ᠨᠡᠶᠢᠲᠡᠯᠡᠵᠦ ᠪᠣᠯᠬᠤ ᠥᠬᠡᠶ᠃

     ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ

     ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃

     ᠳᠠᠭᠠᠯᠳᠤᠭᠤᠯᠤᠯ᠄ 1 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ

ᠭᠦᠢᠴᠡᠳᠬᠡᠯ ᠲᠣᠭᠠᠨ ᠤ ᠲᠣᠭᠲᠠᠯᠴᠠᠭ᠎ᠠ

     2 . ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠵᠦ ᠬᠤᠪᠢ ᠲᠣᠭᠲᠠᠭᠠᠬᠤ ᠪᠤᠳᠤᠬᠤ ᠲᠣᠮᠢᠶ᠎ᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ