ᠣᠷᠳᠣᠰ ᠬᠤᠲᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ 13 ᠱᠠᠩᠨᠠᠯ ᠢ ᠲᠣᠰᠪᠠ
ᠨᠡᠶᠢᠲᠡᠯᠡᠭᠰᠡᠨ ᠴᠠᠭ᠄
2021/8/13

     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2020 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠲᠤᠬᠠᠶ ᠲᠣᠭᠲᠠᠭᠠᠯ︾᠎ ᠢ ᠳᠠᠷᠤᠮᠠᠯᠯᠠᠨ ᠲᠠᠷᠬᠠᠭᠠᠵᠤ᠂ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠬᠦᠷᠲᠡᠭᠰᠡᠨ 124 ᠲᠥᠷᠦᠯ ᠤᠨ ᠦᠷ᠎ᠡ ᠪᠦᠲᠦᠭᠡᠯ ᠤᠨ ᠨᠡᠷᠡᠰ ᠢ ᠨᠡᠶᠢᠲᠡᠯᠡᠭᠡᠳ᠂ ᠮᠠᠨ ᠤ ᠬᠤᠲᠠ 13 ᠲᠥᠷᠦᠯ ᠤᠨ ᠱᠠᠩᠨᠠᠯ ᠲᠣᠰᠪᠠ᠃ ᠡᠭᠦᠨ ᠳᠤ ︽ᠣᠷᠳᠣᠰ ᠤᠨ ᠬᠤᠲᠣᠭᠤᠷ ᠤᠨ ᠬᠤᠶᠢᠲᠤ ᠬᠡᠰᠡᠭ ᠳᠠᠬᠢ ᠭᠦᠨ ᠪᠣᠯᠠᠭᠳᠠᠭᠴᠠ ᠶᠢᠨ ᠨᠡᠭᠦᠷᠡᠰᠦᠨ ᠳᠠᠪᠬᠤᠷᠭ᠎ᠠ ᠶᠢᠨ ᠲᠦᠷᠭᠡᠨ ᠬᠤᠳᠳᠤᠭ ᠢ ᠪᠠᠶᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ︾ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠨᠢᠭᠡᠳᠦᠭᠡᠷ ᠳᠡᠰ ᠤᠨ ᠱᠠᠩᠨᠠᠯ ᠬᠦᠷᠲᠡᠪᠡ︔ ︽ᠪᠠᠷᠠᠭᠤᠨ ᠣᠷᠣᠨ ᠳᠠᠬᠢ ᠭᠦᠨ ᠪᠣᠯᠠᠭᠳᠠᠭᠴᠠ ᠶᠢᠨ ᠨᠡᠭᠦᠷᠡᠰᠦᠨ ᠭᠤᠳᠤᠮᠵᠢ ᠶᠢᠨ ᠵᠠᠳᠠᠭᠠᠶ ᠵᠠᠶ ᠳᠤ ᠵᠠᠩᠭᠤᠤᠳᠠᠵᠤ ᠲᠦᠷᠭᠡᠨ ᠮᠠᠯᠲᠠᠬᠤ ᠮᠡᠷᠭᠡᠵᠢᠯ ᠵᠢᠴᠢ ᠬᠡᠷᠡᠭᠯᠡᠯᠲᠡ︾ ᠵᠡᠷᠭᠡ 3 ᠲᠥᠷᠥᠯ ᠵᠦᠶᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠲᠣᠰᠪᠠ︔ ︽ᠹᠢᠱᠧᠷ ᠲᠷᠤᠫᠱ ᠠᠯᠺᠠᠨ ᠦᠢᠯᠡᠳᠬᠦ ᠰᠢᠷᠢᠰ ᠴᠢᠨᠠᠷ ᠰᠠᠶᠢᠲᠠᠢ ᠵᠢᠩᠬᠢᠨᠢ᠂ ᠣᠨᠳᠣᠣᠰᠢᠯ ᠠᠯᠺᠠᠨ ᠤ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ︾ ᠵᠡᠷᠭᠡ 9 ᠲᠦᠷᠦᠯ ᠵᠦᠢᠯ ᠨᠢ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠭᠤᠷᠪᠠᠳᠤᠭᠠᠷ ᠳᠡᠰ ᠤᠨ ᠱᠠᠩᠨᠠᠯ ᠢ

ᠬᠦᠷᠲᠡᠵᠡᠢ᠃
     ᠣᠶᠢᠷ᠎ᠠ ᠶᠢᠨ ᠵᠢᠯ ᠤᠳ ᠲᠤ᠂ ᠣᠷᠳᠣᠰ ᠬᠤᠲᠠ ᠰᠢᠨ᠎ᠡ ᠶᠢ ᠡᠭᠦᠳᠬᠦ ᠬᠡᠯᠬᠢᠶ᠎ᠡ ᠠᠵᠤ ᠦᠶᠯᠡᠰ ᠤᠨ ᠬᠡᠯᠬᠢᠶ᠎ᠡ ᠶᠢᠨ ᠠᠭᠤᠰᠤᠯᠴᠠᠯ ᠢ ᠯᠠᠪᠳᠠᠭᠤᠨ ᠪᠠᠲᠤᠲᠠᠶ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠴᠢᠩᠭ᠎ᠠ ᠠᠳᠬᠤᠭᠰᠠᠨ ᠠᠴᠠ ᠨᠢᠭᠡ ᠪᠦᠯᠦᠭ ᠰᠢᠯᠢᠳᠡᠭ ᠦᠷ᠎ᠡ ᠪᠦᠲᠦᠭᠡᠯ ᠤᠳ ᠴᠣᠯᠭᠤᠷᠠᠨ ᠭᠠᠷᠴᠤ᠂ ᠠᠵᠤ ᠠᠬᠤᠶ ᠨᠡᠶᠢᠭᠡᠮ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠳᠡᠮᠵᠢᠬᠦ᠂ ᠤᠳᠤᠷᠢᠳᠤᠨ ᠳᠠᠭᠠᠭᠤᠯᠬᠤ ᠦᠶᠯᠡᠳᠦᠯ  ᠢ ᠲᠠᠰᠤᠷᠠᠯᠲᠠ ᠥᠬᠡᠶ ᠴᠢᠩᠭᠠᠳᠬᠠᠪᠠ᠃
     ᠬᠤᠶᠢᠰᠢᠳᠠ᠂ ᠣᠷᠳᠣᠰ ᠬᠤᠲᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠭᠥᠭᠵᠢᠭᠦᠯᠬᠦ︾ ᠠᠵᠢᠯᠯᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠶᠢ ᠡᠭᠦᠳᠬᠦ ᠮᠠᠶ᠋ᠢᠭ ᠤᠨ ᠬᠤᠲᠠ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠤᠯᠤᠰ ᠤᠨ ᠨᠥᠭᠡᠴᠡᠲᠡᠢ ᠬᠥᠭᠵᠢᠯᠲᠡ ᠶᠢᠨ ᠵᠥᠪᠯᠡᠬᠦ ᠠᠯᠬᠤᠮ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ᠂ ᠬᠥᠬᠡᠬᠤᠲᠠ ᠪᠤᠭᠤᠲᠤ ᠣᠷᠳᠣᠰ ᠤᠨ ᠤᠯᠤᠰ ᠠᠴᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠢ ᠪᠦᠲᠦᠭᠡᠨ ᠪᠠᠶᠢᠭᠤᠯᠬᠤ ᠪᠠᠷ ᠭᠤᠤᠯ ᠱᠤᠭᠤᠮ ᠪᠣᠯᠭᠠᠵᠤ᠂ ᠠᠵᠤ ᠦᠶᠯᠡᠰ ᠤᠨ ᠬᠡᠯᠬᠢᠶ᠎ᠡ ᠪᠠ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢᠶᠠᠷ ᠰᠢᠪᠲᠤᠯᠤᠯᠲᠠ ᠪᠣᠯᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ︾᠎ ᠢ ᠭᠦᠨᠵᠡᠭᠡᠶ ᠨᠠᠶᠢᠳᠠᠪᠤᠷᠢᠵᠢᠭᠤᠯᠵᠤ᠂ ᠨᠡᠩ ᠪᠦᠷᠢᠨ ᠲᠡᠭᠦᠯᠳᠡᠷ ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠪᠠ ᠪᠠᠶᠢᠭᠤᠯᠤᠯ ᠲᠣᠭᠲᠠᠴᠠ ᠶᠢ  ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ᠂ ᠡᠯᠧᠮᠧᠨ᠋ᠲ ᠴᠤᠭᠯᠠᠭᠤᠯᠬᠤ ᠴᠢᠳᠠᠪᠤᠷᠢ᠂ ᠠᠵᠤ ᠦᠢᠯᠡᠰ ᠤᠨ ᠲᠤᠯᠭᠠᠭᠤᠷᠢᠯᠠᠬᠤ ᠴᠢᠳᠠᠪᠤᠷᠢ ᠪᠠ ᠦᠷ᠎ᠡ ᠪᠦᠲᠦᠭᠡᠯ ᠢ ᠬᠤᠪᠢᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠦᠴᠦᠨ ᠢ ᠬᠠᠨᠳᠢᠪᠯᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ