|
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2021/8/16
|
|
8 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠴᠣᠬᠤᠯᠠᠪᠤᠷᠢ ᠶᠢ ᠤᠯᠠᠮᠵᠢᠯᠠᠨ ᠲᠤᠭᠤᠰᠢᠯᠠᠭᠤᠯᠵᠤ᠂ ᠮᠠᠨ ᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠲᠤᠬᠢᠷᠠᠭᠤᠯᠤᠨ ᠪᠠᠶᠢᠷᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠪᠣᠳᠠᠲᠠᠢ ᠠᠷᠭ᠎ᠠ ᠬᠡᠮᠵᠢᠶ᠎ᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ ︵ᠵᠠᠰᠠᠪᠤᠷᠢ ᠣᠷᠣᠭᠤᠯᠬᠤ ᠲᠥᠰᠦᠯ︶︾ ᠵᠡᠷᠭᠡ ᠵᠦᠢᠯ ᠢ ᠰᠤᠳᠤᠯᠪᠠ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠴᠢᠨᠠᠷ ᠪᠣᠯᠤᠨ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠦᠪᠴᠢ ᠶᠢ ᠴᠠᠭ ᠢᠮᠠᠭᠲᠠ ᠴᠢᠩᠭᠠᠯᠠᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠡᠷᠡᠰ ᠰᠠᠬᠢᠬᠤ ᠬᠡᠷᠡᠭᠲᠡᠢ ᠬᠡᠵᠥ ᠵᠢᠭᠠᠵᠥ ᠭᠠᠷᠭᠠᠪᠠ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠩᠭ᠎ᠠ᠂ ᠪᠠᠴᠢᠮ᠂ ᠳᠦᠷᠬᠡᠨ᠂ ᠨᠠᠷᠢᠯᠢᠭ ᠪᠠᠶᠢᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠭᠤᠭᠴᠤᠭ᠎ᠠ᠂ ᠪᠥᠬᠦ ᠶᠠᠪᠤᠴᠠ ᠳᠤ ᠨᠡᠶᠢᠳᠡᠮ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠤᠨ ᠬᠢᠵᠦ᠂ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠬᠡᠰᠡᠭ᠂ ᠭᠤᠤᠯᠳᠠᠯᠭ᠎ᠠ ᠲᠠᠢ ᠭᠤᠭᠴᠤᠭ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠴᠢᠩᠭᠠᠳᠬᠠᠵᠤ᠂ ᠬᠢᠵᠢᠭ ᠤᠨ ᠪᠠᠶᠢᠳᠠᠯ ᠦᠷᠪᠢᠰᠤᠨ ᠳᠡᠯᠭᠡᠷᠡᠬᠦ ᠶᠢ ᠡᠷᠡᠰ ᠬᠤᠷᠢᠬᠯᠠᠬᠤ ᠬᠡᠷᠡᠭᠲᠡᠶ᠃ ︽ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠠᠶᠤᠯ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠣᠷᠣᠨ ᠳᠤ ᠢᠷᠡᠬᠦ ︵ᠪᠤᠴᠠᠵᠤ ᠢᠷᠡᠬᠦ︶ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠ ᠨᠢᠭᠲᠠ ᠤᠢᠢᠷᠠᠳᠤᠭᠰᠠᠳ᠂ ᠲᠠᠮ ᠢᠶᠠᠷ ᠨᠢᠭᠲᠠ ᠤᠢᠢᠷᠠᠳᠤᠭᠰᠠᠳ ᠢ ᠬᠠᠮᠵᠢᠯᠴᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠠᠵᠢᠯ ᠢ ᠴᠢᠩᠭ᠎ᠠ ᠨᠢᠮᠪᠠᠶ ᠰᠠᠶᠢᠲᠤᠷ ᠬᠢᠵᠦ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠡᠰᠡᠭ ᠣᠯᠠᠨ ᠤᠯᠤᠰ ᠤᠨ ᠵᠢᠰᠢᠶᠠᠨ ᠤ ᠨᠢᠰᠬᠡᠯ ᠢᠶᠠᠷ ᠬᠢᠯᠢ ᠳᠤ ᠣᠷᠣᠵᠤ ᠢᠷᠡᠬᠦ ᠠᠶᠠᠨᠴᠢᠳ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠬᠢᠯᠢ ᠳᠤ ᠣᠷᠣᠬᠤ ᠵᠠᠮ ᠬᠠᠷᠢᠯᠴᠠᠭᠠᠨ ᠤ ᠪᠠᠭᠠᠵᠢ᠂ ᠡᠳ᠋ ᠪᠠᠷᠠᠭ᠎ᠠ᠂ ᠬᠤᠭ ᠨᠣᠪᠰᠢ ᠶᠢ ᠠᠷᠢᠭᠤᠳᠬᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠰᠢᠭᠤᠳ ᠦᠢᠯᠡᠴᠢᠯᠡᠵᠦ ᠪᠠᠲᠤᠯᠠᠬᠤ ᠬᠥᠮᠦᠰ ᠤᠨ ᠪᠢᠲᠡᠭᠦᠮᠵᠢᠯᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠢᠯᠢ ᠪᠠᠷ ᠣᠷᠣᠵᠤ ᠢᠷᠡᠬᠦ ᠬᠥᠮᠦᠰ ᠤᠨ ᠪᠣᠭᠤᠮᠲᠠ ᠶᠢᠨ ᠬᠢᠵᠢᠭ ᠪᠠᠶᠢᠴᠠᠭᠠᠬᠤ᠂ ᠳᠠᠮᠵᠢᠭᠤᠯᠤᠨ ᠲᠡᠭᠡᠭᠡᠪᠦᠷᠢᠯᠡᠵᠦ ᠬᠦᠷᠭᠡᠬᠦ᠂ ᠲᠤᠰᠠᠭᠠᠷᠯᠠᠵᠤ ᠬᠠᠮᠢᠶᠠᠷᠤᠨ ᠡᠵᠡᠮᠳᠡᠬᠦ ᠵᠡᠷᠭᠡ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠡᠳ᠋ ᠪᠠᠷᠠᠭ᠎ᠠ᠂ ᠲᠡᠷᠭᠡ ᠬᠥᠰᠬᠡ᠂ ᠣᠷᠴᠢᠨ ᠲᠣᠭᠤᠷᠢᠨ ᠢ ᠪᠠᠶᠢᠴᠠᠭᠠᠬᠤ ᠪᠠ ᠠᠷᠢᠭᠤᠳᠬᠠᠬᠤ ᠠᠵᠢᠯ ᠢ ᠬᠢᠨᠠᠮᠠᠭᠠᠶ ᠰᠠᠶᠢᠲᠤᠷ ᠬᠢᠬᠦ ᠭᠡᠷᠡᠭᠳᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ᠃ ︽ᠬᠤᠶᠠᠷ ᠥᠷᠲᠡᠭᠡ ᠨᠢᠭᠡ ᠲᠠᠯᠠᠪᠤᠷ︾ ᠪᠠ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠬᠠᠮᠢᠶᠠᠷᠤᠯᠲᠠ ᠶᠢ ᠴᠢᠩᠭᠠᠳᠬᠠᠬᠤ ᠭᠡᠷᠡᠭᠳᠠᠢ᠃ ᠴᠢᠬᠤᠯᠠ ᠶᠡᠭᠡ ᠠᠵᠢᠯᠯᠠᠭ᠎ᠠ ᠶᠢ ᠬᠠᠷᠢᠶ᠎ᠠ ᠭᠠᠵᠠᠷ ᠲᠤᠨᠢ ᠬᠢᠨᠠᠨ ᠵᠥᠪᠰᠢᠶᠡᠷᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠬᠤ ᠭᠡᠷᠡᠭᠳᠠᠢ᠃ ᠣᠯᠠᠨ ᠨᠡᠶᠢᠲᠡ ᠶᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠴᠢᠬᠤᠯᠠᠳᠠᠢ ᠪᠢᠰᠢ ᠪᠤᠯ ᠤᠷᠤᠨ ᠠᠴᠠ ᠭᠠᠷᠬᠤ ᠦᠭᠡᠢ ᠪᠠᠶᠢᠵᠤ᠂ ᠰᠤᠷᠤᠭᠴᠢᠳ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠬᠢᠨᠠᠨ ᠰᠢᠯᠭᠠᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠯᠭᠡᠬᠦ ᠭᠡᠷᠡᠭᠳᠠᠢ᠃ ᠡᠮᠴᠢᠯᠡᠭᠡᠨ ᠤ ᠪᠠᠶᠢᠭᠤᠯᠤᠮᠵᠢ ᠶᠢᠨ ᠠᠩᠬ᠎ᠠ ᠣᠨᠣᠰᠢᠯᠠᠬᠤ ᠬᠠᠷᠢᠭᠤᠴᠠᠯᠭ᠎ᠠ ᠪᠠ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠲᠤᠰᠬᠠᠶ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠭᠡᠷᠡᠭᠳᠠᠢ ᠭᠡᠵᠤ ᠱᠠᠭᠠᠷᠳᠠᠪᠠ᠃ ᠬᠤᠷᠠᠯ ᠠᠴᠠ᠂ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠭᠤᠣᠯ ᠬᠠᠷᠢᠭᠤᠴᠠᠯᠭᠠᠲᠠᠨ ᠨᠥᠬᠦᠳ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠡᠮᠦᠨ᠎ᠡ ᠹᠷᠣᠨᠲ ᠲᠤ ᠵᠢᠯᠣᠭᠤᠳᠴᠤ᠂ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠬᠢᠨ ᠪᠠᠶᠢᠯᠳᠤᠭᠠᠨ ᠤ ᠡᠮᠦᠨᠡᠬᠢ ᠪᠠᠶᠢᠳᠠᠯ ᠳᠤ ᠪᠦᠬᠦ ᠲᠠᠯ᠎ᠠ ᠪᠠᠷ ᠣᠷᠣᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠮᠠᠨ ᠤ ᠣᠷᠣᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠤ ᠬᠥᠭᠵᠢᠯᠲᠡ ᠶᠢ ᠠᠬᠢᠭᠤᠯᠬᠤ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ ᠬᠦᠷᠬᠦ᠂ ᠨᠡᠬᠦᠷᠡᠰᠦᠳᠦ᠋ᠷᠦᠭᠴᠢ ᠰᠠᠭᠠᠷᠮᠠᠬᠵᠢᠭᠤᠯᠬᠤ ᠶᠢ ᠪᠡᠶᠡᠯᠡᠭᠦᠯᠬᠦ ᠲᠠᠯ᠎ᠠ ᠪᠠᠷ ᠣᠷᠣᠯᠠᠭᠤᠯᠵᠤ ᠪᠣᠯᠤᠰᠢ ᠦᠭᠡᠢ ᠦᠢᠯᠡᠳᠦᠯ ᠲᠠᠢ ᠶᠤᠮ᠃ ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠡᠳᠤ ᠬᠦᠭᠵᠢᠯᠳᠡ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠬᠡᠷᠡᠭᠵᠢᠭᠦᠯᠦᠯᠲᠡ᠂ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠡᠷᠬᠡ ᠬᠠᠷᠢᠭᠤᠴᠠᠯᠭ᠎ᠠ ᠲᠣᠳᠣᠷᠬᠠᠢ᠂ ᠠᠵᠢᠯᠯᠠᠭ᠎ᠠ ᠵᠢᠷᠤᠮᠵᠢᠭᠤᠨ᠂ ᠬᠢᠨᠠᠯᠲᠠ ᠲᠠᠯᠪᠢᠯᠲᠠ ᠪᠦᠲᠦᠮᠵᠢᠲᠡᠢ᠂ ᠪᠠᠲᠤᠯᠠᠭ᠎ᠠ ᠬᠦᠴᠦᠲᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠪᠠᠶᠢᠭᠤᠯᠬᠤ ᠪᠣᠯ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠬᠤ᠂ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠲᠡᠭᠡᠷ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠪᠣᠯᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ ᠬᠥᠭᠵᠢᠯᠲᠡ ᠪᠣᠯᠤᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠤᠰᠬᠠᠶ ᠲᠥᠯᠥᠪᠵᠢᠭᠦᠯᠭᠡ ᠶᠢ ᠰᠤᠳᠤᠯᠪᠠ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|