ᠪᠠᠶᠠᠨᠨᠠᠭᠤᠷ ᠬᠤᠲᠠ ᠬᠤᠲᠠ ᠣᠷᠣᠵᠤ ᠬᠦᠴᠦ ᠶᠠᠪᠤᠵᠤ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2021/8/16
      ᠰᠣᠷᠪᠤᠯᠵᠢᠯᠠᠭᠴᠢ ᠣᠶᠢᠷ᠎ᠠ ᠳᠤ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠬᠤᠲᠠ ᠣᠷᠣᠵᠤ ᠬᠦᠴᠦ ᠶᠠᠪᠤᠵᠤ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠬᠤᠲᠠ ᠣᠷᠣᠵᠤ ᠬᠦᠴᠦ ᠶᠠᠪᠤᠵᠤ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠤᠬᠡᠳ ᠤᠨ ᠳᠣᠲᠣᠷᠠᠬᠢ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠳᠤ ᠭᠠᠷ ᠭᠦᠢᠴᠡᠳᠬᠡᠯ ᠣᠯᠠᠨ᠂ ᠮᠠᠲ᠋ᠧᠷᠢᠶᠠᠯ ᠣᠯᠠᠨ᠂ ᠮᠠᠲ᠋ᠧᠷᠢᠶᠠᠯ ᠤᠨ ᠬᠢᠨᠠᠨ ᠪᠠᠶᠢᠴᠠᠭᠠᠯᠲᠠ ᠶᠠᠷᠰᠢᠭ ᠲᠦᠪᠡᠭᠲᠡᠶ᠂ ᠨᠡᠷ᠎ᠡ ᠮᠡᠳᠡᠭᠦᠯᠵᠦ ᠵᠢᠭᠰᠠᠭᠠᠬᠤ ᠴᠠᠭ ᠤᠷᠲᠤ᠂ ᠰᠤᠷᠭᠠᠭᠤᠯᠢ ᠶᠢᠨ ᠰᠣᠩᠭᠤᠯᠲᠠ ᠲᠣᠳᠣᠷᠬᠠᠶ ᠦᠭᠡᠶ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠣᠶᠢᠷ᠎ᠠ ᠳᠤ᠂ ᠪᠠᠶᠠᠨᠨᠠᠭᠤᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ︽ᠪᠠᠶᠠᠨᠨᠠᠭᠤᠷ ᠬᠤᠲᠠ ᠶᠢᠨ ᠬᠤᠲᠠ ᠣᠷᠣᠵᠤ ᠬᠦᠴᠦ ᠶᠠᠪᠤᠵᠤ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠤᠬᠡᠳ ᠤᠨ ᠰᠤᠷᠭᠠᠭᠤᠯᠢ ᠳᠤ ᠣᠷᠤᠬᠤ ︿ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ﹀ ᠠᠵᠢᠯ︾ ᠤᠨ ᠲᠥᠰᠦᠯ ᠢ ᠳᠠᠷᠤᠮᠠᠯᠯᠠᠨ ᠲᠠᠷᠬᠠᠭᠠᠪᠠ᠂ ᠤᠤᠯ ᠤᠨ ᠬᠤᠲᠠ ᠣᠷᠣᠵᠤ ᠬᠦᠴᠦ ᠶᠠᠪᠤᠵᠤ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠭᠤᠶᠤᠴᠢᠯᠠᠯ ᠢ ᠭᠦᠢᠴᠡᠳᠬᠡᠬᠦ ᠳᠤ ᠬᠤᠯᠪᠣᠭᠳᠠᠭᠰᠠᠨ ᠣᠯᠠᠨ ᠭᠤᠭᠴᠤᠭ᠎ᠠ ᠶᠢ ᠡᠮᠬᠢᠯᠡᠨ ᠨᠡᠶᠢᠯᠡᠭᠦᠯᠵᠦ᠂ ᠴᠤᠪᠤᠷᠠᠯ ᠢ ᠳᠠᠬᠢᠨ ᠵᠣᠬᠢᠶᠠᠵᠤ᠂ ᠬᠤᠲᠠ ᠣᠷᠣᠵᠤ ᠬᠦᠴᠦ ᠶᠠᠪᠤᠵᠤ ᠬᠤᠳᠠᠯᠳᠤᠭ᠎ᠠ ᠡᠷᠬᠢᠯᠡᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠪᠡ᠃ ᠭᠡᠷ ᠤᠨ ᠠᠬᠠᠮᠠᠳ ᠵᠥᠪᠬᠡᠨ ᠮᠠᠲ᠋ᠧᠷᠢᠶᠠᠯ ᠢᠶᠠᠨ ᠪᠦᠷᠢᠨ ᠪᠡᠯᠡᠳᠬᠡᠵᠦ᠂ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠭᠤᠶᠤᠴᠢᠯᠠᠨ ᠮᠡᠳᠡᠭᠦᠯᠵᠦ ᠳᠠᠩᠰᠠᠯᠠᠭᠤᠯᠪᠠᠯ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠬᠡᠷ ᠬᠥᠷᠥᠩᠭᠡ ᠲᠠᠢ ᠪᠠᠶᠢᠬᠤ᠂ ᠬᠡᠷ ᠬᠥᠷᠥᠩᠭᠡ ᠶᠢᠨ ᠦᠨᠡᠮᠯᠡᠯ ᠢᠶᠠᠷ ᠪᠠᠷᠢᠴᠠᠭᠠᠯᠠᠭᠰᠠᠨ᠂ ᠪᠤᠴᠠᠨ ᠨᠡᠭᠦᠬᠦ ᠬᠡᠷ ᠪᠠᠶᠢᠰᠢᠩ ᠲᠠᠢ ᠪᠠᠶᠢᠬᠤ᠂ ᠰᠦᠯᠵᠢᠶᠡᠨ ᠳᠡᠭᠡᠷ᠎ᠡ ᠭᠡᠷ᠎ᠡ ᠲᠣᠭᠲᠠᠭᠰᠠᠨ᠂ ᠬᠠᠭᠤᠴᠢᠨ ᠬᠡᠷ ᠪᠠᠶᠢᠰᠢᠩ ᠳᠤ ᠬᠡᠷ ᠬᠥᠷᠥᠩᠭᠡ ᠶᠢᠨ ᠦᠨᠡᠮᠯᠡᠯ ᠵᠢᠴᠢ ᠭᠤᠷᠪᠠᠨ ᠪᠢᠯᠧᠲ ᠥᠬᠡᠶ ᠪᠠᠶᠢᠬᠤ᠂ ᠬᠡᠷ ᠲᠦᠷᠢᠶᠡᠰᠦᠯᠡᠵᠦ ᠪᠠᠶᠢᠬᠤ ᠵᠡᠷᠭᠡ 6 ᠵᠦᠢᠯ ᠤᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠥᠬᠦᠶ ᠮᠠᠲ᠋ᠧᠷᠢᠶᠠᠯ᠂ ᠡᠷᠦᠬᠡ ᠠᠮᠠ ᠶᠢᠨ ᠳᠡᠪᠲᠡᠷ ᠢ ᠬᠢᠨᠠᠨ ᠬᠠᠷᠭᠤᠭᠤᠯᠵᠤ᠂ ᠭᠤᠶᠤᠴᠢᠯᠠᠭᠰᠠᠨ ᠵᠦᠢᠯᠡᠰ ᠨᠢ ᠬᠢᠨᠠᠨ ᠬᠠᠷᠭᠤᠭᠤᠯᠤᠯᠲᠠ ᠳᠤ ᠪᠠᠲᠤᠯᠠᠭᠳᠠᠭᠰᠠᠨ ᠤ ᠳᠠᠷᠠᠭ᠎ᠠ᠂ ᠠᠯᠢ ᠴᠢᠳᠠᠬᠤ ᠪᠠᠷ ᠣᠶᠢᠷ᠎ᠠ ᠬᠠᠪᠢ ᠳᠤ ᠨᠢ ᠲᠣᠬᠢᠷᠠᠭᠤᠯᠬᠤ ᠵᠠᠷᠴᠢᠮ ᠶᠣᠰᠣᠭᠠᠷ ᠰᠤᠷᠭᠠᠭᠤᠯᠢ ᠶᠢ ᠬᠤᠪᠢᠶᠠᠷᠢᠯᠠᠬᠤ ᠶᠢᠨ ᠬᠠᠮᠲᠤ᠂ 1 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠮᠡᠳᠡᠭᠳᠡᠬᠦ ᠪᠣᠯᠵᠠᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ