ᠬᠥᠬᠡᠬᠤᠲᠠ ᠶᠢᠨ ᠢᠯᠴᠢ ᠬᠡᠷᠡᠭᠯᠡᠭᠴᠢᠳ ᠬᠡᠷ ᠠᠴᠠ ᠪᠠᠨ ᠭᠠᠷᠬᠤ ᠥᠬᠡᠶ ᠪᠠᠷ ᠰᠦᠯᠵᠢᠶᠡᠨ ᠳᠡᠭᠡᠷ᠎ᠡ ᠬᠠᠩᠭᠠᠯᠭ᠎ᠠ ᠵᠣᠭᠰᠣᠭᠠᠬᠤ ᠲᠤᠬᠠᠶᠢᠯᠠᠭᠰᠠᠨ ᠠᠵᠢᠯ ᠢ ᠭᠦᠶᠴᠡᠳᠬᠡᠵᠦ ᠪᠣᠯᠤᠨ᠎ᠠ
ᠨᠡᠶᠢᠲᠡᠯᠡᠭᠰᠡᠨ ᠴᠠᠭ᠄
2021/8/17
     ᠬᠥᠬᠡᠬᠤᠲᠠ ᠶᠢᠨ ᠰᠢᠲᠠᠮᠠᠬᠠᠶ ᠬᠡᠶ ᠶᠢᠨ ᠢᠯᠴᠢ ᠶᠢᠨ ᠬᠦᠴᠦᠨ ᠤ ᠪᠦᠯᠦᠭᠯᠡᠯ ᠺᠣᠮᠫᠠᠨᠢ ᠠᠴᠠ ᠣᠶᠢᠯᠠᠭᠠᠭᠰᠠᠨ ᠢᠶᠠᠷ᠂ ᠡᠨᠡ ᠵᠢᠯ᠂ ᠪᠦᠯᠦᠭᠯᠡᠯ ᠤᠨ ᠬᠤᠪᠢᠶᠠᠷᠢ ᠺᠣᠮᠫᠠᠨᠢ ᠶᠢᠨ ᠬᠤᠲᠠ ᠶᠢᠨ ᠴᠧᠩ ᠹᠠ ᠢᠯᠴᠢ ᠬᠠᠩᠭᠠᠬᠤ ᠺᠣᠮᠫᠠᠨᠢ᠂ ᠬᠤᠲᠠ ᠶᠢᠨ ᠹᠦ᠋ ᠲᠠᠢ ᠢᠯᠴᠢ ᠶᠢᠨ ᠬᠦᠴᠦᠨ ᠤ ᠺᠣᠮᠫᠠᠨᠢ ᠨᠢ ︽ᠢᠨᠲ᠋ᠧᠷ ᠰᠦᠯᠵᠢᠶ᠎ᠡ +︾  ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ︽ᠠᠯᠠᠭᠠᠨ ᠳᠡᠭᠡᠷ᠎ᠡ ᠪᠠᠨ ᠭᠦᠶᠴᠡᠳᠬᠡᠬᠦ᠂ ᠰᠦᠯᠵᠢᠶᠡᠨ ᠳᠡᠭᠡᠷ᠎ᠡ ᠭᠦᠶᠴᠡᠳᠬᠡᠬᠦ᠂ ᠨᠢᠭᠡ ᠴᠦ ᠭᠦᠶᠦᠯᠭᠡᠬᠦ ᠥᠬᠡᠶ︾ ᠦᠶᠯᠡᠴᠢᠯᠡᠭᠡ ᠬᠠᠩᠭᠠᠵᠤ᠂ ᠢᠯᠴᠢ ᠬᠡᠷᠡᠭᠯᠡᠭᠴᠢᠳ ᠬᠡᠷ ᠠᠴᠠ ᠪᠠᠨ ᠭᠠᠷᠬᠤ ᠥᠬᠡᠶ ᠪᠠᠷ ᠰᠦᠯᠵᠢᠶᠡᠨ ᠳᠡᠭᠡᠷ᠎ᠡ ᠢᠯᠴᠢ ᠬᠠᠩᠭᠠᠬᠤ ᠶᠢ ᠵᠣᠭᠰᠣᠭᠠᠬᠤ ᠲᠤᠬᠠᠶᠢᠯᠠᠭᠰᠠᠨ ᠠᠵᠢᠯ ᠢ ᠭᠦᠶᠴᠡᠳᠬᠡᠵᠦ᠂ ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠬᠤ ᠪᠠᠷ ᠪᠠᠶᠢᠨ᠎ᠠ᠃      ᠰᠦᠯᠵᠢᠶᠡᠨ ᠳᠡᠭᠡᠷ᠎ᠡ ᠭᠦᠶᠴᠡᠳᠬᠡᠬᠦ ᠳᠤ ᠵᠥᠪᠬᠡᠨ ᠬᠥᠬᠡᠬᠤᠲᠠ ᠶᠢᠨ ᠴᠧᠩ ᠹᠠ ᠢᠯᠴᠢ ᠬᠠᠩᠭᠠᠬᠤ ᠺᠣᠮᠫᠠᠨᠢ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠬᠥᠬᠡᠬᠤᠲᠠ ᠶᠢᠨ ᠹᠦ᠋ ᠲᠠᠢ ᠢᠯᠴᠢ ᠶᠢᠨ ᠬᠦᠴᠦᠨ ᠤ ᠺᠣᠮᠫᠠᠨᠢ ᠶᠢᠨ ᠦᠶᠯᠡᠴᠢᠯᠡᠭᠡᠨ ᠤ ᠲᠠᠪᠴᠠᠩ ᠤᠨ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠬᠡᠷᠡᠭᠯᠡᠭᠴᠢᠳ ᠲᠣᠰ ᠲᠣᠰ ᠤᠨ ᠢᠶᠠᠨ ᠢᠯᠴᠢ ᠬᠠᠩᠭᠠᠬᠤ ᠣᠷᠣᠨ ᠪᠦᠰᠡ ᠶᠣᠰᠣᠭᠠᠷ ︽ᠬᠤᠲᠠ ᠶᠢᠨ ᠢᠯᠴᠢ ᠬᠠᠩᠭᠠᠬᠤ︾ ᠪᠢᠴᠢᠯ ᠡᠵᠡᠩᠨᠡᠯᠲᠡ ᠶᠢᠨ ᠲᠢᠩᠬᠢᠮ᠂     ︽ᠬᠥᠬᠡᠬᠤᠲᠠ ᠶᠢᠨ ᠹᠦ᠋ ᠲᠠᠢ ᠢᠯᠴᠢ ᠶᠢᠨ ᠬᠦᠴᠦᠨ ᠤ ᠺᠣᠮᠫᠠᠨᠢ ᠶᠢᠨ ᠦᠶᠯᠡᠴᠢᠯᠡᠭᠡᠨ ᠤ ᠲᠠᠪᠴᠠᠩ︾ ᠤᠨ ᠦᠶᠯᠡᠴᠢᠯᠡᠭᠡᠨ ᠤ ᠲᠢᠩᠬᠢᠮ ᠳᠤ ᠣᠴᠢᠪᠠᠯ᠂ ᠰᠦᠯᠵᠢᠶᠡᠨ ᠳᠡᠭᠡᠷ᠎ᠡ ᠭᠦᠢᠴᠡᠳᠬᠡᠭᠦᠯᠵᠦ ᠪᠣᠯᠤᠨ᠎ᠠ᠃ ᠡᠭᠦᠨ ᠠᠴᠠ ᠭᠠᠳᠠᠨ᠎ᠠ᠂ ᠬᠥᠬᠡᠬᠤᠲᠠ ᠶᠢᠨ ᠴᠧᠩ ᠹᠠ ᠢᠯᠴᠢ ᠬᠠᠩᠭᠠᠬᠤ ᠺᠣᠮᠫᠠᠨᠢ᠂ ᠬᠥᠬᠡᠬᠤᠲᠠ ᠶᠢᠨ ᠹᠦ᠋ ᠲᠠᠢ ᠢᠯᠴᠢ  ᠶᠢᠨ ᠬᠦᠴᠦᠨ ᠤ ᠺᠣᠮᠫᠠᠨᠢ ᠶᠢᠨ ᠦᠶᠯᠡᠴᠢᠯᠡᠭᠡᠨ ᠤ ᠲᠠᠪᠴᠠᠩ᠂ ᠬᠥᠬᠡᠬᠤᠲᠠ ᠶᠢᠨ ᠰᠢᠲᠠᠮᠠᠬᠠᠶ ᠬᠡᠶ ᠢᠯᠴᠢ ᠶᠢᠨ ᠬᠦᠴᠦᠨ ᠤ ᠡᠵᠡᠩᠨᠡᠯᠲᠡ ᠶᠢᠨ ᠣᠷᠣᠯᠭ᠎ᠠ ᠶᠢᠨ ᠦᠶᠯᠡᠴᠢᠯᠡᠭᠡᠨ ᠤ ᠲᠠᠪᠴᠠᠩ ᠵᠡᠷᠭᠡ ᠸᠢᠴᠠᠲ ᠤᠨ ᠨᠡᠶᠢᠲᠡ ᠶᠢᠨ ᠳ᠋ᠤᠭᠠᠷ ᠨᠢ ᠴᠥᠮ ᠰᠦᠯᠵᠢᠶᠡᠨ ᠳᠡᠭᠡᠷ᠎ᠡ ᠰᠦᠶᠳᠬᠡᠯ ᠲᠤᠰᠢᠶᠠᠬᠤ ᠶᠢ ᠪᠡᠶᠡᠯᠡᠭᠦᠯᠬᠦ ᠪᠣᠯᠤᠨ᠎ᠠ᠃      ᠡᠨᠡ ᠵᠢᠯ᠂ ᠬᠥᠬᠡᠬᠤᠲᠠ ᠶᠢᠨ ᠰᠢᠲᠠᠮᠠᠬᠠᠶ ᠬᠡᠶ ᠢᠯᠴᠢ ᠶᠢᠨ ᠬᠦᠴᠦᠨ ᠤ ᠪᠦᠯᠦᠭᠯᠡᠯ ᠺᠣᠮᠫᠠᠨᠢ ᠨᠢ ᠢᠯᠴᠢ ᠬᠠᠩᠭᠠᠬᠤ ᠶᠢ ᠵᠣᠭᠰᠣᠭᠠᠬᠤ ᠠᠵᠢᠯ ᠢ ᠭᠦᠶᠴᠡᠳᠬᠡᠬᠦ ᠴᠠᠭ ᠢ ᠰᠠᠷ᠎ᠠ ᠬᠠᠭᠠᠰ᠂ ᠳᠠᠷᠤᠢ 8 ᠳ᠋ᠤᠭᠠᠷ ᠰᠠᠷ᠎ᠠ ᠶᠢᠨ 15 ᠤ ᠡᠳᠦᠷ ᠠᠴᠠ 9 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠪᠠ᠃ ᠬᠠᠩᠭᠠᠬᠤ ᠶᠢ ᠵᠣᠭᠰᠣᠭᠠᠬᠤ ᠭᠠᠷᠳᠠᠮ ᠭᠦᠶᠴᠡᠳᠬᠡᠬᠦ ᠴᠢᠬᠤᠯᠠᠲᠠᠶ ᠬᠤᠲᠠ ᠶᠢᠨ ᠠᠷᠠᠳ 8 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠥᠪᠡᠷᠰᠡᠳ ᠤᠨ ᠢᠯᠴᠢ ᠬᠠᠩᠭᠠᠬᠤ ᠣᠷᠣᠨ ᠳᠤ ᠬᠦᠷᠴᠦ ᠢᠯᠴᠢ ᠬᠠᠩᠭᠠᠬᠤ ᠶᠢ ᠵᠣᠭᠰᠣᠭᠠᠬᠤ ᠭᠠᠷᠳᠠᠮ ᠭᠦᠶᠴᠡᠳᠬᠡᠵᠦ ᠪᠣᠯᠤᠨ᠎ᠠ᠃      ᠬᠤᠲᠠ ᠶᠢᠨ ᠠᠷᠠᠳ ᠬᠡᠷᠪᠡ ᠠᠰᠠᠭᠤᠳᠠᠯ ᠲᠠᠢ ᠪᠣᠯ ᠡᠯ᠎ᠡ ᠬᠠᠷᠢᠶ᠎ᠠ ᠢᠯᠴᠢ ᠬᠠᠩᠭᠠᠬᠤ ᠣᠷᠣᠨ ᠪᠦᠰᠡ ᠶᠢᠨ ᠬᠠᠮᠢᠶ᠎ᠠ ᠪᠦᠬᠦᠢ ᠤᠲᠠᠰᠤ ᠪᠠᠷ ᠠᠰᠠᠭᠤᠨ ᠯᠠᠪᠯᠠᠵᠤ ᠪᠣᠯᠤᠨ᠎ᠠ᠃      ᠤᠤᠯ ᠤᠨ ᠬᠤᠲᠠ ᠶᠢᠨ ᠴᠧᠩ ᠹᠠ ᠺᠣᠮᠫᠠᠨᠢ ᠨᠢ ᠬᠤᠲᠠ ᠶᠢᠨ ᠰᠢᠲᠠᠮᠠᠬᠠᠶ ᠬᠡᠶ ᠢᠯᠴᠢ ᠶᠢᠨ ᠬᠦᠴᠦᠨ ᠤ ᠪᠦᠯᠦᠭᠯᠡᠯ ᠺᠣᠮᠫᠠᠨᠢ᠂ ᠤᠤᠯ ᠤᠨ ᠹᠦ᠋ ᠲᠠᠢ ᠢᠯᠴᠢ  ᠶᠢᠨ ᠬᠦᠴᠦᠨ ᠤ ᠺᠣᠮᠫᠠᠨᠢ᠂ ᠰᠢᠲᠠᠮᠠᠬᠠᠶ ᠬᠡᠶ ᠢᠯᠴᠢ ᠶᠢᠨ ᠬᠦᠴᠦᠨ ᠤ ᠺᠣᠮᠫᠠᠨᠢ ᠶᠢᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ᠶᠢ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠦᠭᠡᠳ ᠪᠦᠯᠦᠭᠯᠡᠯ ᠺᠣᠮᠫᠠᠨᠢ ᠳᠤ ᠣᠷᠣᠭᠤᠯᠪᠠ᠃ ᠬᠤᠲᠠ ᠶᠢᠨ ᠰᠢᠲᠠᠮᠠᠬᠠᠶ ᠬᠡᠶ ᠢᠯᠴᠢ ᠶᠢᠨ ᠬᠦᠴᠦᠨ ᠤ ᠪᠦᠯᠦᠭᠯᠡᠯ ᠺᠣᠮᠫᠠᠨᠢ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ᠬᠤᠲᠠ ᠶᠢᠨ ᠴᠧᠩ ᠹᠠ ᠢᠯᠴᠢ ᠬᠠᠩᠭᠠᠬᠤ ᠺᠣᠮᠫᠠᠨᠢ᠂ ᠬᠤᠲᠠ ᠶᠢᠨ ᠹᠦ᠋ ᠲᠠᠢ ᠢᠯᠴᠢ ᠶᠢᠨ ᠬᠦᠴᠦᠨ ᠤ ᠺᠣᠮᠫᠠᠨᠢ᠂ ᠬᠤᠲᠠ ᠶᠢᠨ ᠰᠢᠲᠠᠮᠠᠬᠠᠶ ᠬᠡᠶ ᠢᠯᠴᠢ ᠶᠢᠨ ᠬᠦᠴᠦᠨ ᠤ ᠺᠣᠮᠫᠠᠨᠢ ᠵᠡᠷᠭᠡ ᠢᠯᠴᠢ ᠬᠠᠩᠭᠠᠬᠤ ᠭᠤᠷᠪᠠᠨ ᠬᠤᠪᠢᠶᠠᠷᠢ ᠺᠣᠮᠫᠠᠨᠢ ᠶᠢ ᠪᠠᠶᠢᠭᠤᠯᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ