ᠣᠷᠳᠣᠰ ᠪᠣᠭᠤᠮᠲᠠ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠣᠷᠣᠨ ᠨᠤᠲᠤᠭ ᠲᠠᠢ ᠵᠣᠯᠭᠠᠯᠴᠠᠵᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠣᠷᠣᠨ ᠤ ᠴᠢᠨᠠᠷᠯᠢᠭ ᠬᠥᠭᠵᠢᠯᠲᠡ ᠶᠢ ᠬᠠᠮᠲᠤ ᠪᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2021/8/18

      ᠣᠷᠣᠨ ᠨᠤᠲᠤᠭ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠣᠷᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠦᠨᠡᠯᠡᠨ ᠵᠢᠱᠢᠬᠦ ᠱᠠᠭᠠᠷᠳᠠᠯᠭ᠎ᠠ ᠳᠤ ᠲᠠᠶᠢᠯᠤᠮᠵᠢ ᠬᠢᠵᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠲᠥᠰᠦᠯ ᠢ ᠬᠠᠮᠵᠢᠨ ᠲᠣᠭᠲᠠᠭᠠᠵᠤ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠣᠷᠣᠨ ᠤ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ᠤᠯᠠᠷᠢᠯ ᠪᠦᠷᠢ ᠬᠠᠮᠲᠤᠷᠠᠭᠰᠠᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ ᠪᠤᠢ︔ ᠶᠡᠷᠦᠩᠬᠡᠶᠢᠯᠡᠭᠰᠡᠨ ᠪᠠᠲᠤᠯᠠᠭ᠎ᠠ ᠶᠢᠨ ᠣᠷᠣᠨ ᠤ ᠬᠤᠶᠠᠳᠤᠭᠠᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠠᠬᠢᠭᠤᠯᠵᠤ᠂ ᠬᠠᠮᠢᠶᠠᠷᠤᠯᠲᠠ ᠶᠢᠨ ᠵᠥᠪᠯᠡᠯ ᠯᠦᠭᠡ ᠣᠯᠠᠨ ᠤᠳᠠᠭ᠎ᠠ ᠬᠠᠷᠢᠯᠴᠠᠵᠤ ᠣᠶᠢᠯᠠᠭᠠᠯᠴᠠᠭᠰᠠᠨ ᠪᠥᠭᠡᠳ ᠰᠠᠭᠤᠭ᠎ᠠ ᠭᠠᠵᠠᠷ ᠤᠨ ᠵᠠᠰᠠᠭ ᠤᠨ ᠣᠷᠳᠣᠨ ᠳᠤ ᠮᠡᠳᠡᠭᠦᠯᠵᠦ᠂ ᠣᠷᠣᠨ ᠨᠤᠲᠤᠭ ᠠᠴᠠ ᠨᠢᠭᠡᠳᠦᠯᠲᠡᠶ ᠲᠥᠯᠥᠪᠯᠡᠬᠦ ᠪᠠ ᠵᠣᠬᠢᠴᠠᠭᠤᠯᠤᠨ ᠠᠬᠢᠭᠤᠯᠬᠤ ᠶᠢ ᠰᠢᠪᠠᠳᠠᠨ ᠱᠠᠭᠠᠷᠳᠠᠪᠠ︔ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠮᠥᠷᠭᠡ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠣᠷᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠳᠤ ᠤᠬᠠᠭᠤᠯᠤᠨ ᠲᠠᠶᠢᠯᠪᠤᠷᠢᠯᠠᠯᠲᠠ ᠬᠢᠵᠦ᠂

︽ᠰᠦᠯᠵᠢᠶ᠎ᠡ ᠪᠠᠷ ᠬᠤᠳᠠᠯᠳᠤᠨ ᠠᠪᠬᠤ ᠶᠢᠨ ᠭᠠᠶᠢᠯᠢ ᠶᠢ ᠪᠠᠲᠤᠯᠠᠵᠤ ᠭᠠᠳᠠᠭᠠᠳᠤ ᠠᠴᠠ ᠣᠷᠣᠭᠤᠯᠬᠤ ︵1210︶︾ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠲᠤ ᠵᠠᠳᠠᠯᠤᠯᠲᠠ ᠬᠢᠵᠦ᠂ ᠪᠠᠷᠢᠯᠭ᠎ᠠ ᠶᠢᠨ ᠨᠢᠭᠡᠴᠢ ᠶᠢ ᠬᠠᠮᠵᠢᠨ ᠣᠷᠣᠨ ᠪᠦᠰᠡ ᠶᠢᠨ ᠲᠥᠯᠥᠪᠵᠢᠭᠦᠯᠭᠡ᠂ ᠲᠤᠭ᠎ᠠ ᠪᠠᠷᠢᠮᠲᠠ ᠶᠢ ᠵᠣᠯᠭᠠᠭᠤᠯᠬᠤ ᠵᠡᠷᠭᠡ ᠪᠡᠯᠡᠳᠬᠡᠯ ᠠᠵᠢᠯ ᠢ ᠥᠷᠨᠢᠭᠦᠯᠵᠦ᠂ ᠣᠳᠣᠬᠠᠨ ᠳᠤ ᠲᠣᠰ ᠲᠠᠪᠴᠠᠩ ᠢ ᠨᠢᠭᠡᠨᠲᠡ ᠪᠠᠶᠢᠭᠤᠯᠵᠤ ᠳᠠᠭᠤᠰᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ