ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠠᠵᠢᠯ ᠤᠨ ᠵᠥᠪᠯᠡᠯ ᠤᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/18

      8 ᠳ᠋ᠤᠭᠠᠷ ᠰᠠᠷ᠎ᠠ ᠶᠢᠨ 17᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠠᠵᠢᠯ ᠤᠨ ᠵᠥᠪᠯᠡᠯ ᠤᠨ ᠪᠥᠬᠦᠳᠡ ᠬᠤᠷᠠᠯ ᠢ ᠬᠥᠬᠡᠬᠤᠲᠠᠨ᠎ᠠ ᠬᠤᠷᠠᠯᠳᠤᠭᠤᠯᠵᠤ᠂ ᠬᠤᠷᠠᠯ ᠳᠡᠭᠡᠷ᠎ᠡ ᠪᠥᠬᠦ ᠣᠷᠣᠨ ᠤ ᠨᠠᠰᠤᠲᠠᠶᠢᠴᠤᠳ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠠᠵᠢᠯ ᠤᠨ ᠵᠥᠪᠯᠡᠯ ᠤᠨ ᠡᠷᠬᠢᠯᠡᠭᠴᠢ ᠶᠠᠩ ᠸᠧᠶ ᠳ᠋ᠦᠩ ᠬᠤᠷᠠᠯ ᠢ ᠡᠷᠭᠢᠯᠡᠭᠰᠡᠨ ᠮᠥᠷᠲᠡᠭᠡᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠡᠸᠤ ᠶᠠᠩ ᠰᠢᠶᠤᠤ ᠬᠤᠶ ᠪᠥᠬᠦ ᠤᠯᠤᠰ ᠤᠨ ᠥᠲᠡᠭᠦᠰ ᠤᠨ ᠠᠵᠢᠯ ᠤᠨ ᠵᠥᠪᠯᠡᠯ ᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠢ᠃
      ᠶᠠᠩ ᠸᠧᠢ ᠳ᠋ᠦᠩ᠂ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠦᠢᠯᠡᠰ ᠲᠦᠷᠭᠡᠨ ᠪᠥᠭᠡᠳ ᠲᠣᠭᠲᠠᠭᠤᠨ ᠢᠶᠠᠷ ᠬᠥᠭᠵᠢᠵᠦ᠂ ᠨᠠᠰᠤᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠤᠯᠠᠮ ᠴᠢᠨᠠᠭᠰᠢᠳᠠ ᠪᠦᠷᠢᠨᠰᠢᠵᠤ᠂ ᠨᠠᠰᠤᠲᠠᠶᠢᠴᠤᠳ ᠤᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠠᠯᠬᠤᠮ ᠠᠯᠬᠤᠮ ᠢᠶᠠᠷ ᠲᠡᠭᠦᠯᠳᠡᠷᠵᠢᠵᠦ᠂ ᠥᠲᠡᠭᠦᠰ ᠨᠠᠰᠤᠲᠠᠶᠢᠴᠤᠳ ᠲᠤ ᠨᠥᠬᠦᠷᠰᠡᠭ ᠨᠡᠶᠢᠭᠡᠮ ᠤᠨ ᠣᠷᠴᠢᠨ ᠲᠣᠭᠤᠷᠢᠨ ᠤᠯᠠᠮ ᠴᠢᠨᠠᠭᠰᠢᠳᠠ ᠰᠢᠯᠢᠳᠡᠭᠵᠢᠵᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠳᠦᠷᠰᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠰᠤᠵᠢᠯᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠵᠢᠯᠣᠭᠤᠳᠣᠯᠭ᠎ᠠ ᠪᠣᠯᠭᠠᠨ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠵᠤ᠂ ᠥᠲᠡᠭᠦᠰ ᠤᠨ ᠠᠵᠢᠯ ᠤᠨ ᠴᠢᠭᠯᠡᠭᠦᠯᠦᠯᠲᠦ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠥᠲᠡᠭᠦᠰ ᠨᠠᠰᠤᠲᠠᠳ ᠤᠨ ︽ᠪᠠᠴᠢᠮᠳᠠᠯ᠂ ᠭᠠᠴᠢᠭᠳᠠᠯ᠂ ᠵᠣᠪᠠᠨᠢᠯ᠂ ᠬᠦᠰᠡᠯ︾᠎ ᠳᠤ ᠠᠩᠬᠠᠷᠤᠯ ᠢᠶᠠᠨ ᠬᠠᠨᠳᠤᠭᠤᠯᠤᠨ᠂ ᠡᠷᠡᠭᠦᠯ ᠮᠡᠨᠳᠦ ᠶᠢᠨ ᠦᠶᠯᠡᠴᠢᠯᠡᠭᠡ ᠪᠠ ᠨᠠᠰᠤᠵᠢᠯ ᠤᠨ ᠦᠶᠯᠡᠴᠢᠯᠡᠭᠡ ᠶᠢ ᠴᠢᠩᠭᠠᠳᠬᠠᠵᠤ᠂ ᠨᠠᠰᠤᠲᠠᠶᠢᠴᠤᠳ ᠤᠨ ᠠᠵᠤ ᠦᠶᠯᠡᠰ ᠤᠨ ᠳᠠᠯᠳᠠ ᠬᠦᠴᠦᠨ ᠢ ᠭᠥᠭᠵᠢᠭᠡᠨ᠂ ᠥᠲᠡᠭᠦᠰ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠤᠳᠤᠯ ᠢᠶᠠᠷ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠤᠷᠤᠯᠴᠠᠯᠭ᠎ᠠ ᠶᠢ ᠭᠦᠢᠴᠡᠳ ᠲᠠᠶᠢᠴᠢᠯᠠᠨ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠳᠤᠲᠠᠭᠤᠳᠠᠯ ᠢ ᠨᠥᠬᠦᠪᠥᠷᠢᠯᠡᠨ᠂ ᠨᠠᠰᠤᠲᠠᠶᠢᠴᠤᠳ ᠲᠤ ᠨᠡᠩ ᠲᠦᠬᠦᠮ ᠨᠡᠩ ᠳᠣᠲᠣᠨᠣ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ