ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ︽︿ᠭᠡᠷᠡᠴᠢ ᠪᠠ ᠦᠨᠡᠮᠯᠡᠯ ᠢ ᠰᠠᠯᠭᠠᠬᠤ﹀ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠮᠡᠳᠡᠭᠳᠡᠯ︾ | ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠂ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢᠨ ᠪᠦᠷᠢᠨ ᠪᠦᠷᠬᠦᠭᠦᠯᠬᠦ ᠶᠢ | ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠪᠦᠲᠦᠮᠵᠢᠲᠡᠶ | ᠬᠥᠭᠵᠢᠭᠡᠬᠦ ᠶᠢᠨ ᠲᠤᠰᠠᠳᠠ᠂ ᠪᠤᠭᠤᠲᠤ ᠬᠤᠲᠠ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠲᠠᠢ ᠬᠠᠷᠢᠴᠠᠭᠤᠯᠵᠤ᠂ ᠬᠤᠲᠠ ᠶᠢᠨ ᠲᠣᠰ ᠱᠠᠲᠤᠨ ᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ ᠶᠢ ᠡᠮᠬᠢᠯᠡᠨ ᠨᠡᠶᠢᠲᠡᠯᠡᠪᠡ᠃ ᠣᠳᠣᠬᠠᠨ ᠳᠤ᠂ ᠬᠤᠲᠠ ᠶᠢᠨ ᠲᠣᠰ ᠱᠠᠲᠤᠨ ᠤ ᠠᠵᠤ ᠠᠬᠤᠶᠢᠯᠠᠯ ᠤᠨ ᠡᠵᠡᠩᠨᠡᠯᠲᠡ ᠳᠤ | ᠬᠤᠯᠪᠣᠭᠳᠠᠬᠤ ᠵᠥᠪᠰᠢᠶᠡᠷᠡᠯ ᠤᠨ ᠵᠦᠢᠯᠡᠰ ᠨᠡᠶᠢᠲᠡ 105 ᠪᠣᠶ᠂ ᠡᠭᠦᠨ ᠳᠤ 14 ᠵᠦᠢᠯ ᠤᠨ ᠬᠢᠨᠠᠨ ᠵᠥᠪᠰᠢᠶᠡᠷᠡᠯ ᠢ ᠰᠢᠭᠤᠳ ᠬᠦᠴᠦᠨ ᠥᠬᠡᠶ ᠪᠣᠯᠭᠠᠵᠤ᠂ 6 | ᠵᠦᠢᠯ ᠤᠨ ᠬᠢᠨᠠᠨ ᠵᠥᠪᠰᠢᠶᠡᠷᠡᠯ ᠢ ᠥᠭᠡᠷᠡᠴᠢᠯᠡᠨ ᠳᠠᠩᠰᠠᠯᠠᠵᠦ᠂ 12 ᠵᠦᠢᠯ ᠤᠨ ᠬᠡᠷᠡᠭᠵᠢᠭᠦᠯᠦᠯᠲᠡ ᠶᠢᠨ ᠮᠡᠳᠡᠭᠳᠡᠬᠦ ᠠᠮᠠᠯᠠᠯᠲᠠ᠂ ᠬᠢᠨᠠᠨ ᠵᠥᠪᠰᠢᠶᠡᠷᠡᠯ ᠤᠨ | ᠦᠢᠯᠡᠴᠢᠯᠡᠭᠡ ᠶᠢ ᠰᠢᠯᠢᠳᠡᠭᠵᠢᠭᠦᠯᠦᠭᠰᠡᠨ ᠨᠢ 73 ᠵᠦᠢᠯ ᠪᠣᠶ᠃ ᠡᠭᠦᠨ ᠤ ᠬᠠᠮᠲᠤ᠂ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠤᠳ ᠥᠭᠡᠷᠡᠴᠢᠯᠡᠯᠲᠡ ᠶᠢᠨ ᠠᠷᠭ᠎ᠠ | ᠮᠠᠶ᠋ᠢᠭ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ | ᠵᠡᠷᠭᠡ ᠲᠠᠢ ᠬᠠᠷᠢᠴᠠᠭᠤᠯᠤᠨ᠂ ᠬᠡᠮᠵᠢᠶᠡᠵᠢᠭᠦᠯᠵᠦ ᠪᠣᠯᠬᠤ᠂ ᠬᠡᠷᠡᠭᠵᠢᠭᠦᠯᠵᠦ ᠪᠣᠯᠬᠤ ᠲᠤᠬᠠᠶᠢᠯᠠᠭᠰᠠᠨ ᠠᠵᠢᠯ ᠤᠨ ᠴᠤᠪᠤᠷᠠᠯ᠂ ᠠᠵᠢᠯ ᠤᠨ ᠲᠦᠷᠢᠮ᠂ ᠦᠢᠯᠡᠴᠢᠯᠡᠭᠡᠨ ᠤ | ᠵᠦᠭᠯᠡᠭᠦᠷ᠂ ᠠᠵᠢᠯ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠵᠡᠷᠭᠡ ᠲᠥᠰᠦᠯ ᠢ ᠪᠣᠶ ᠪᠣᠯᠭᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ ᠪᠠᠶᠢᠨ᠎ᠠ᠃ | |