ᠪᠥᠬᠦ ᠣᠷᠣᠨ ᠤ ᠬᠤᠶᠠᠳᠤᠭᠠᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ  ᠱᠢ ᠲᠠᠢ ᠹᠧᠩ ᠬᠤᠷᠠᠯ ᠳᠤ ᠣᠷᠣᠯᠴᠠᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/8/18

      8 ᠰᠠᠷ᠎ᠠ ᠶᠢᠨ 16 ᠤ ᠡᠳᠦᠷ᠂ ᠪᠦᠬᠦ ᠣᠷᠣᠨ ᠤ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠬᠤᠶᠠᠳᠤᠭᠠᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ᠮᠠᠨ ᠤ ᠣᠷᠣᠨ ᠤ ᠬᠤᠶᠠᠳᠤᠭᠠᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠴᠢ ᠹᠠᠨ᠂ ᠶᠠᠩ ᠸᠧᠢ ᠳ᠋ᠦᠩ᠂ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠵᠠᠢ᠃
      ᠱᠢ ᠲᠠᠢ ᠹᠧᠩ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠨᠠᠮ ᠪᠣᠯᠤᠨ ᠤᠯᠤᠰ ᠤᠨ ᠠᠵᠢᠯ ᠦᠶᠯᠡᠰ ᠤᠨ ᠬᠥᠭᠵᠢᠯᠲᠡ ᠶᠢᠨ ᠪᠥᠬᠦ ᠲᠠᠯ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠢᠮᠠᠭᠲᠠ ᠤᠯᠤᠰ ᠲᠦᠷᠦ ᠶᠢᠨ ᠲᠠᠯ᠎ᠠ ᠠᠴᠠ ᠬᠥᠮᠦᠵᠢᠯ ᠴᠡᠭᠴᠡᠯᠡᠯᠲᠡ ᠶᠢᠨ ᠠᠵᠢᠯ ᠳᠤ ᠬᠠᠨᠳᠤᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠪᠦᠬᠦ ᠲᠠᠯ᠎ᠠ ᠪᠠᠷ ᠬᠠᠷᠭᠤᠭᠤᠯᠤᠨ ᠪᠠᠷᠢᠮᠵᠢᠶᠠᠯᠠᠵᠤ᠂ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠰᠠᠨᠠᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠰᠡᠳᠬᠢᠯ ᠤᠨ ᠲᠠᠭᠤᠨ ᠪᠠ ᠬᠦᠰᠡᠯ ᠪᠠᠷᠠᠯᠠᠯ ᠳᠤ ᠢᠳᠡᠪᠬᠢᠲᠡᠶ ᠬᠠᠷᠢᠭᠤ ᠥᠭᠴᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠠᠷᠬᠠᠭ ᠬᠡᠮ ᠢ ᠬᠦᠴᠦᠯᠡᠨ ᠠᠷᠢᠯᠭᠠᠵᠤ᠂ ᠣᠶᠢᠷ᠎ᠠ ᠶᠢᠨ ᠵᠢᠯ ᠤᠨ ᠲᠤᠷᠰᠢ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠢᠯᠵᠠᠷᠠᠯ ᠢ ᠵᠠᠯᠬᠠᠭᠠᠨ ᠰᠢᠶᠳᠬᠡᠭᠰᠡᠨ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠳᠠᠭᠠᠨ ᠴᠢᠩᠭ᠎ᠠ ᠪᠤᠰᠤ ᠭᠤᠣᠯᠴᠢ ᠪᠤᠰᠤ ᠠᠷᠢᠭᠤᠨ ᠴᠢᠬᠡᠴᠢ ᠪᠤᠰᠤ ᠠᠰᠠᠭᠤᠳᠠᠯ ᠢ ᠰᠢᠢᠳᠪᠦᠷᠢᠯᠡᠭᠰᠡᠨ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠬᠦᠯᠦᠭᠰᠡᠨ ᠶᠡᠷᠦᠩᠬᠡᠶᠢᠯᠡᠭᠰᠡᠨ ᠦᠷ᠎ᠡ ᠨᠥᠯᠥᠭᠡ ᠶᠢ ᠪᠦᠲᠦᠮᠵᠢᠲᠡᠶ ᠪᠠᠷ ᠦᠷᠬᠡᠳᠬᠡᠵᠤ᠂ ᠦᠵᠡᠯ ᠰᠠᠨᠠᠭᠠᠨ ᠤ ᠲᠠᠯ᠎ᠠ ᠪᠠᠷ᠂ ᠤᠯᠤᠰ ᠲᠥᠷᠥ ᠶᠢᠨ ᠲᠠᠯ᠎ᠠ ᠪᠠᠷ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ᠂ ᠰᠤᠷᠲᠠᠯ ᠤᠨ ᠲᠠᠯ᠎ᠠ ᠪᠠᠷ ᠪᠦᠬᠦ ᠲᠠᠯ᠎ᠠ ᠪᠠᠷ ᠬᠦᠴᠦᠯᠡᠵᠦ᠂ ᠨᠢᠭᠡᠳᠦᠭᠡᠷ ᠪᠦᠯᠦᠭ ᠤᠨ ᠬᠥᠮᠦᠵᠢᠯ ᠴᠡᠭᠴᠡᠯᠡᠯᠲᠡ ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ ᠭᠡᠵᠦ ᠵᠢᠭᠠᠵᠤ ᠭᠠᠷᠭᠠᠪᠠ᠃
      ᠱᠢ ᠲᠠᠢ ᠹᠧᠩ᠂ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠢ ᠰᠠᠶᠢᠲᠤᠷ ᠥᠷᠨᠢᠭᠦᠯᠬᠦ ᠨᠢ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠶᠢᠷᠡᠬᠦᠯᠬᠦ ᠶᠢ ᠠᠬᠢᠭᠤᠯᠬᠤ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠴᠡᠪᠡᠷᠰᠢᠭᠦᠯᠬᠦ᠂ ᠬᠠᠤᠯᠢ ᠬᠡᠷᠡᠭᠵᠢᠭᠦᠯᠵᠤ ᠬᠠᠤᠯᠢ ᠪᠠᠷᠢᠬᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ᠂ ᠮᠠᠰᠢ ᠴᠢᠬᠤᠯᠠ ᠦᠶᠯᠡᠳᠦᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠪᠣᠯ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠢᠨ ᠭᠤᠤᠯ ᠴᠣᠭᠴᠠ ᠪᠠᠶᠢᠢᠵᠦ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠠᠷᠬᠠᠭ ᠬᠡᠮ ᠢ ᠰᠢᠶᠳᠪᠦᠷᠢᠯᠡᠵᠦ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠵᠠᠩᠭᠢᠯᠠᠭ᠎ᠠ ᠪᠣᠯᠤᠨ᠎ᠠ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠪᠠᠶᠢᠭᠤᠯᠭ᠎ᠠ᠂ ᠤᠳᠤᠷᠢᠳᠬᠤ ᠪᠠᠶᠢᠭᠤᠯᠭ᠎ᠠ᠂ ᠳᠠᠭᠤᠷᠢᠶᠠᠯ ᠪᠠᠶᠢᠭᠤᠯᠭ᠎ᠠ ᠶᠢᠨ ᠪᠠᠶᠢᠪᠠᠰᠤ ᠵᠣᠬᠢᠬᠤ ᠤᠬᠠᠮᠰᠠᠷ ᠪᠣᠯᠤᠨ ᠬᠢᠷᠢ ᠲᠦᠪᠰᠢᠨ ᠢᠶᠠᠷ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠶ᠃ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠢᠨ ᠶᠡᠷᠦᠩᠬᠡᠶ ᠱᠠᠭᠠᠷᠳᠠᠯᠭ᠎ᠠ ᠪᠣᠯᠤᠨ ᠠᠵᠢᠯ ᠤᠨ ᠵᠠᠷᠴᠢᠮ ᠢ ᠣᠨᠣᠪᠴᠢᠲᠠᠶ ᠡᠵᠡᠮᠰᠢᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠡᠯ᠎ᠡ ᠲᠠᠯ᠎ᠠ ᠪᠠ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠳᠣᠪᠤᠶᠢᠯᠭᠠᠵᠤ᠂ ᠳᠠᠭᠤᠷᠢᠶᠠᠯ ᠤᠨ ᠦᠶᠯᠡᠳᠦᠯ ᠢ ᠳᠣᠪᠤᠶᠢᠯᠭᠠᠵᠤ᠂ ᠳᠦᠷᠢᠮ ᠲᠣᠭᠲᠠᠭᠠᠯ ᠲᠣᠭᠲᠠᠭᠠᠬᠤ ᠶᠢ ᠳᠣᠪᠤᠶᠢᠯᠭᠠᠵᠤ᠂ ︽ᠳᠥᠷᠪᠡᠨ ᠵᠦᠶᠯ ᠤᠨ ᠡᠭᠦᠷᠭᠡ︾ ᠶᠢ ᠬᠦᠴᠦᠯᠡᠨ ᠰᠠᠶᠢᠲᠤᠷ ᠠᠳᠬᠤᠵᠤ᠂ ︽ᠭᠤᠷᠪᠠᠨ ᠭᠤᠭᠴᠤᠭ᠎ᠠ︾ ᠶᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦ ᠲᠠᠯ᠎ᠠ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠵᠤ ᠥᠪᠡᠷᠲᠡᠭᠡᠨ ᠵᠠᠰᠠᠬᠤ ᠣᠷᠣᠨ ᠤ ᠱᠠᠳᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠤᠯᠤᠰ ᠲᠥᠷᠥ ᠶᠢᠨ ᠠᠮᠢ ᠠᠬᠤᠶ ᠶᠢ ᠴᠢᠨᠠᠭᠰᠢᠳᠠ ᠰᠢᠯᠢᠳᠡᠭᠵᠢᠭᠦᠯᠵᠤ᠂ ᠰᠠᠬᠢᠯᠭ᠎ᠠ ᠪᠠᠲᠤ ᠣᠪᠣᠷ ᠰᠤᠷᠲᠠᠯ ᠢ ᠴᠢᠨᠠᠭᠰᠢᠳᠠ ᠰᠠᠶᠢᠵᠢᠷᠠᠭᠤᠯᠵᠤ᠂ ᠬᠡᠪ ᠴᠢᠨᠠᠷ ᠴᠢᠳᠠᠪᠤᠷᠢ ᠶᠢ ᠴᠢᠨᠠᠭᠰᠢᠳᠠ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠢᠲᠡᠭᠡᠭᠦᠯᠬᠦ ᠬᠦᠴᠦᠨ ᠢ ᠴᠢᠨᠠᠭᠰᠢᠳᠠ ᠳᠡᠭᠡᠭᠰᠢᠯᠡᠭᠦᠯᠵᠤ᠂ ᠪᠦᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠤᠪᠢᠰᠬᠠᠯᠵᠢᠬᠤ᠂ ᠵᠢᠩᠭᠢᠨᠢᠴᠢᠯᠡᠬᠦ᠂ ᠲᠤᠰᠬᠠᠶᠢᠵᠢᠬᠤ᠂ ᠮᠡᠷᠭᠡᠵᠢᠬᠦ ᠶᠢ ᠴᠢᠩᠭᠠᠳᠬᠠᠬᠤ ᠲᠠᠯ᠎ᠠ ᠪᠠᠷ ᠵᠢᠱᠢᠶ᠎ᠠ ᠦᠵᠡᠭᠦᠯᠦᠨ ᠳᠠᠶᠢᠴᠢᠯᠠᠵᠤ᠂ ᠨᠠᠮ ᠪᠠ ᠠᠷᠠᠳ ᠲᠦᠮᠡᠨ ᠳᠡᠭᠡᠨ ᠬᠦᠷᠢᠶᠡᠯᠡᠯ ᠲᠠᠢ᠂ ᠨᠠᠶᠢᠳᠠᠪᠤᠷᠢᠲᠠᠶ᠂ ᠢᠳᠡᠬᠡᠯ ᠲᠠᠢ ᠥᠨᠳᠥᠷ ᠬᠡᠪ ᠪᠣᠯᠪᠠᠰᠤᠷᠠᠯ ᠪᠦ᠋ᠬᠦᠢ ᠨᠢᠬᠡᠨ ᠰᠠᠯᠠᠭ᠎ᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠳᠠᠢ᠃ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠢᠨ ᠭᠤᠣᠯᠳᠠᠯᠭ᠎ᠠ ᠲᠠᠢ ᠡᠭᠦᠷᠭᠡ ᠪᠣᠯᠤᠨ ᠭᠤᠭᠴᠤᠭ᠎ᠠ ᠠᠷᠭ᠎ᠠ ᠬᠡᠮᠵᠢᠶ᠎ᠡ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠨᠢᠭᠡᠳᠦᠭᠡᠷ ᠪᠦᠯᠦᠭ ᠤᠨ ᠬᠦ᠋ᠮᠦᠵᠢᠯ ᠴᠡᠭᠴᠡᠯᠡᠯᠲᠡ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠢᠴᠡᠳ ᠰᠢᠩᠭᠡᠭᠡᠨ ᠠᠪᠴᠤ᠂ ᠨᠡᠩ ᠥᠨᠳᠥᠷ ᠭᠠᠷᠤᠭ᠎ᠠ᠂ ᠨᠡᠩ ᠥᠨᠳᠥᠷ ᠱᠠᠭᠠᠷᠳᠠᠯᠭ᠎ᠠ ᠶᠣᠰᠣᠭᠠᠷ ᠬᠤᠶᠠᠳᠤᠭᠠᠷ ᠪᠦᠯᠦᠭ ᠤᠨ ᠬᠥᠮᠦᠵᠢᠯ ᠴᠡᠭᠴᠡᠯᠡᠯᠲᠡ ᠶᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢᠶᠠᠷ ᠤᠳᠤᠷᠢᠳᠤᠮᠵᠢ ᠪᠣᠯᠭᠠᠵᠤ᠂ ᠤᠯᠤᠰ ᠲᠦᠷᠦ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭᠠᠲᠤᠷ ᠵᠢᠱᠢᠶᠡᠴᠢ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠲᠦᠷᠦ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠨᠡᠨᠴᠢ ᠰᠢᠳᠤᠷᠭᠤ ᠶᠢᠨ ᠰᠠᠭᠤᠷᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠪᠠᠷ ᠵᠠᠩᠭᠢᠯᠠᠭ᠎ᠠ ᠪᠣᠯᠭᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠵᠣᠬᠢᠶᠠᠨ ᠪᠠᠶᠢᠭᠤᠯᠤᠯᠳᠠ ᠠᠴᠠ ᠪᠠᠶᠢᠴᠠᠭᠠᠨ ᠰᠢᠢᠳᠪᠦᠷᠢᠯᠡᠬᠦ᠂ ᠠᠷᠬᠠᠭ ᠬᠡᠮ ᠢ ᠴᠡᠭᠴᠡᠯᠡᠨ ᠵᠠᠰᠠᠬᠤ ᠶᠢ ᠦᠨᠡᠨ ᠬᠦ ᠠᠳᠬᠤᠵᠤ᠂ ᠲᠦᠮᠡᠨ ᠢ ᠲᠦᠢᠳᠬᠡᠭᠴᠢ ᠶᠢ ᠬᠦᠴᠦᠯᠡᠨ ᠠᠷᠢᠯᠭᠠᠵᠤ᠂ ᠠᠷᠬᠠᠭ ᠭᠡᠮ ᠢ ᠴᠡᠭᠴᠡᠯᠡᠨ ᠵᠠᠰᠠᠬᠤ ᠬᠡᠷᠡᠭᠲᠡᠢ᠃ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠᠷ ᠬᠠᠷᠠᠯᠲᠠ ᠪᠣᠯᠭᠠᠵᠤ᠂ ᠲᠦᠷᠢᠮ ᠲᠣᠭᠲᠠᠭᠠᠯ ᠲᠣᠭᠲᠠᠭᠠᠬᠤ᠂ ᠳ᠋ᠦᠩᠨᠡᠨ ᠦᠨᠡᠯᠡᠬᠦ ᠶᠢ ᠲᠤᠪᠤᠶᠢᠯᠭᠠᠨ ᠰᠠᠶᠢᠲᠤᠷ ᠠᠳᠬᠤᠵᠤ᠂ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠦᠷ᠎ᠡ ᠪᠦᠲᠦᠭᠡᠯ ᠢ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃
      ᠱᠢ ᠲᠠᠢ ᠹᠧᠩ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢᠨ ᠠᠵᠢᠯ ᠢ ᠡᠷᠡᠰ ᠬᠦᠴᠦᠲᠡᠶ ᠭᠦᠨᠵᠡᠭᠡᠶᠢᠷᠡᠭᠦᠯᠵᠦ᠂ ᠡᠯ᠎ᠡ ᠵᠦᠶᠯ ᠤᠨ ᠬᠠᠷᠠᠯᠲᠠ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠱᠠᠳᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠲᠤᠰ ᠨᠢᠭᠡᠴᠢ ᠶᠢᠨ ᠢᠶᠠᠨ ᠬᠥᠮᠦᠵᠢᠯ ᠴᠡᠭᠴᠡᠯᠡᠯᠲᠡ ᠶᠢᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯ ᠬᠠᠷᠢᠭᠤᠴᠠᠯᠭᠠᠲᠠᠨ ᠨᠥᠬᠦᠳ ᠲᠦᠷᠦᠭᠦᠯᠡᠨ ᠶᠡᠷᠦᠩᠬᠡᠶ ᠳᠤᠨᠢ ᠠᠳᠬᠤᠵᠤ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠠᠵᠢᠯ ᠢᠶᠠᠨ ᠬᠤᠪᠢᠶᠠᠷᠢᠯᠠᠨ ᠬᠠᠷᠢᠭᠤᠴᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠠᠵᠢᠯ ᠢᠶᠠᠨ ᠰᠠᠶᠢᠲᠤᠷ ᠬᠢᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠬᠠᠮᠵᠢᠯᠴᠠᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠲᠤᠭᠤᠶᠢᠢᠯᠠᠩ ᠤᠨ ᠠᠯᠪᠠᠨ ᠬᠡᠷ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠪᠠᠨ ᠰᠠᠶᠢᠲᠤᠷ ᠡᠵᠡᠮᠳᠡᠵᠦ᠂ ᠵᠥᠪᠯᠡᠭᠴᠢ ᠲᠤᠰᠠᠯᠠᠭᠴᠢ᠂ ᠦᠶᠯᠡᠴᠢᠯᠡᠵᠤ ᠪᠠᠲᠤᠯᠠᠬᠤ᠂ ᠬᠠᠮᠢᠶᠠᠷᠴᠤ ᠵᠢᠯᠣᠭᠤᠳᠬᠤ᠂ ᠱᠠᠯᠠᠪᠳᠠᠭᠤᠯᠤᠨ ᠠᠬᠢᠭᠤᠯᠬᠤ ᠵᠡᠷᠭᠡ ᠦᠶᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠱᠠᠯᠠᠪᠳᠠᠭᠤᠯᠤᠨ ᠵᠢᠯᠣᠭᠤᠳᠴᠤ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠬᠤᠶᠠᠳᠤᠭᠠᠷ ᠪᠦᠯᠦᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠨ᠂ ᠡᠮᠦᠨ᠎ᠡ ᠬᠤᠶᠢᠨᠠᠬᠢ ᠶᠢ ᠵᠣᠯᠭᠠᠭᠤᠯᠬᠤ ᠶᠢ ᠴᠢᠩᠭᠠᠳᠬᠠᠵᠤ᠂ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ ᠶᠢ ᠠᠭᠢᠭᠤᠯᠵᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠤ᠂ ᠥᠩᠭᠡᠨ ᠲᠠᠯ᠎ᠠ ᠪᠠ ᠦᠨᠳᠦᠰᠦᠨ ᠠᠴᠠ ᠨᠢ ᠵᠡᠷᠬᠡ ᠪᠠᠷ ᠵᠠᠰᠠᠵᠤ᠂ ᠡᠯ᠎ᠡ ᠵᠦᠶᠯ ᠤᠨ ᠴᠡᠭᠴᠡᠯᠡᠨ ᠰᠠᠶᠢᠵᠢᠷᠠᠭᠤᠯᠬᠤ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ᠃ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠠᠷᠭ᠎ᠠ ᠶᠢ ᠰᠠᠶᠢᠲᠤᠷ ᠬᠡᠷᠡᠭᠯᠡᠵᠦ᠂ ᠤᠶᠠᠯᠳᠤᠭᠤᠯᠬᠤ ᠠᠵᠢᠯ ᠢ ᠰᠠᠶᠢᠲᠤᠷ ᠬᠢᠵᠦ᠂ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠠᠬᠢᠭᠤᠯᠬᠤ ᠶᠢ ᠬᠠᠷᠢᠯᠴᠠᠨ ᠠᠬᠢᠭᠤᠯᠵᠤ᠂ ᠬᠠᠷᠢᠯᠴᠠᠨ ᠬᠠᠪᠰᠤᠷᠴᠤ ᠬᠠᠷᠢᠯᠴᠠᠨ ᠲᠤᠪᠤᠶᠢᠢᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠯᠢᠨ ᠱᠤᠤ ᠴᠦᠨ ᠬᠤᠷᠠᠯ ᠢ ᠡᠷᠬᠢᠯᠡᠬᠦ ᠳᠡᠭᠡᠨ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠶᠢ ᠲᠤᠪᠤᠶᠢᠯᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠬᠥᠮᠦᠵᠢᠯ ᠴᠡᠭᠴᠡᠯᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠪᠠᠨ ᠦᠨᠡᠨ ᠬᠦ ᠪᠠᠬᠢᠵᠢᠭᠦᠯᠬᠦ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠯᠤᠰ ᠲᠦᠷᠦ ᠶᠢᠨ ᠪᠠᠶᠢᠭᠤᠯᠤᠯᠲᠠ᠂ ᠦᠯᠢᠭᠡᠷ ᠳᠠᠭᠤᠷᠢᠶᠠᠯ ᠤᠨ ᠦᠢᠯᠡᠳᠦᠯ ᠪᠠ ᠳᠦᠷᠢᠮ ᠲᠣᠭᠲᠠᠭᠠᠯ ᠲᠣᠭᠲᠠᠭᠠᠬᠤ ᠶᠢ ᠲᠤᠪᠤᠶᠢᠢᠯᠭᠠᠨ᠂ ᠥᠨᠳᠥᠷ ᠬᠡᠪ ᠪᠤᠯᠪᠠᠰᠤᠷᠠᠯ ᠲᠠᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠪᠣᠳᠠᠲᠤ ᠦᠷ᠎ᠡ ᠪᠦᠲᠦᠮᠵᠢ ᠣᠯᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠢᠬᠤᠯᠠᠴᠢᠯᠠᠵᠤ᠂ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠶᠡᠭᠡ ᠲᠠᠯ᠎ᠠ ᠳᠤ ᠦᠢᠯᠡᠴᠢᠯᠡᠬᠦ᠂ ᠤᠯᠠᠨ ᠲᠦᠮᠡᠨ ᠳᠤ ᠦᠢᠯᠡᠴᠢᠯᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠵᠦᠶᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ ᠬᠡᠵᠤ ᠵᠢᠭᠠᠵᠤ ᠭᠠᠷᠭᠠᠪᠠ᠃
      ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠵᠢᠴᠢ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ