ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠠᠵᠢᠯ ᠤᠨ ᠵᠥᠪᠯᠡᠯ ᠤᠨ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/18

      8 ᠳ᠋ᠤᠭᠠᠷ ᠰᠠᠷ᠎ᠠ ᠶᠢᠨ 17 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠠᠵᠢᠯ ᠤᠨ ᠵᠥᠪᠯᠡᠯ ᠤᠨ ᠪᠥᠬᠦᠳᠡ ᠬᠤᠷᠠᠯ ᠢ ᠬᠥᠬᠡᠬᠤᠲᠠᠨ᠎ᠠ ᠬᠤᠷᠠᠯᠳᠤᠭᠤᠯᠵᠤ᠂ ᠬᠤᠷᠠᠯ ᠳᠡᠭᠡᠷ᠎ᠡ ᠪᠥᠬᠦ ᠣᠷᠣᠨ ᠤ ᠨᠠᠰᠤᠲᠠᠶᠢᠴᠤᠳ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠠᠵᠢᠯ ᠤᠨ ᠵᠥᠪᠯᠡᠯ ᠤᠨ ᠡᠷᠬᠢᠯᠡᠭᠴᠢ ᠶᠠᠩ ᠸᠧᠶ ᠳ᠋ᠦᠩ ᠬᠤᠷᠠᠯ ᠢ ᠡᠷᠭᠢᠯᠡᠭᠰᠡᠨ ᠮᠥᠷᠲᠡᠭᠡᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠡᠸᠤ ᠶᠠᠩ ᠰᠢᠶᠤᠤ ᠬᠤᠶ ᠪᠥᠬᠦ ᠤᠯᠤᠰ ᠤᠨ ᠥᠲᠡᠭᠦᠰ ᠤᠨ ᠠᠵᠢᠯ ᠤᠨ ᠵᠥᠪᠯᠡᠯ ᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠢ᠃
      ᠶᠠᠩ ᠸᠧᠢ ᠳ᠋ᠦᠩ᠂ ᠥᠪᠡᠷᠲᠡᠭᠡᠨ ᠵᠠᠰᠠᠬᠤ ᠣᠷᠣᠨ ᠤ ᠥᠲᠡᠭᠦᠰ ᠤᠨ ᠦᠢᠯᠡᠰ ᠲᠦᠷᠭᠡᠨ ᠪᠥᠭᠡᠳ ᠲᠣᠭᠲᠠᠭᠤᠨ ᠢᠶᠠᠷ ᠬᠥᠭᠵᠢᠵᠦ᠂ ᠨᠠᠰᠤᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠤᠯᠠᠮ ᠴᠢᠨᠠᠭᠰᠢᠳᠠ ᠪᠦᠷᠢᠨᠰᠢᠵᠤ᠂ ᠨᠠᠰᠤᠲᠠᠶᠢᠴᠤᠳ ᠤᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠠᠯᠬᠤᠮ ᠠᠯᠬᠤᠮ ᠢᠶᠠᠷ ᠲᠡᠭᠦᠯᠳᠡᠷᠵᠢᠵᠦ᠂ ᠥᠲᠡᠭᠦᠰ ᠨᠠᠰᠤᠲᠠᠶᠢᠴᠤᠳ ᠲᠤ ᠨᠥᠬᠦᠷᠰᠡᠭ ᠨᠡᠶᠢᠭᠡᠮ ᠤᠨ ᠣᠷᠴᠢᠨ ᠲᠣᠭᠤᠷᠢᠨ ᠤᠯᠠᠮ ᠴᠢᠨᠠᠭᠰᠢᠳᠠ ᠰᠢᠯᠢᠳᠡᠭᠵᠢᠵᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠳᠦᠷᠰᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠰᠤᠵᠢᠯᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠵᠢᠯᠣᠭᠤᠳᠣᠯᠭ᠎ᠠ ᠪᠣᠯᠭᠠᠨ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶᠴᠡᠳ ᠲᠠᠨᠢᠵᠤ᠂ ᠥᠲᠡᠭᠦᠰ ᠤᠨ ᠠᠵᠢᠯ ᠤᠨ ᠴᠢᠭᠯᠡᠭᠦᠯᠦᠯᠲᠦ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠥᠲᠡᠭᠦᠰ ᠨᠠᠰᠤᠲᠠᠳ ᠤᠨ ︽ᠪᠠᠴᠢᠮᠳᠠᠯ᠂ ᠭᠠᠴᠢᠭᠳᠠᠯ᠂ ᠵᠣᠪᠠᠨᠢᠯ᠂ ᠬᠦᠰᠡᠯ︾ ᠳᠤ ᠠᠩᠬᠠᠷᠤᠯ ᠢᠶᠠᠨ ᠬᠠᠨᠳᠤᠭᠤᠯᠤᠨ᠂ ᠡᠷᠡᠭᠦᠯ ᠮᠡᠨᠳᠦ ᠶᠢᠨ ᠦᠶᠯᠡᠴᠢᠯᠡᠭᠡ ᠪᠠ ᠨᠠᠰᠤᠵᠢᠯ ᠤᠨ ᠦᠶᠯᠡᠴᠢᠯᠡᠭᠡ ᠶᠢ ᠴᠢᠩᠭᠠᠳᠬᠠᠵᠤ᠂ ᠨᠠᠰᠤᠲᠠᠶᠢᠴᠤᠳ ᠤᠨ ᠠᠵᠤ ᠦᠶᠯᠡᠰ ᠤᠨ ᠳᠠᠯᠳᠠ ᠬᠦᠴᠦᠨ ᠢ ᠭᠥᠭᠵᠢᠭᠡᠨ᠂ ᠥᠲᠡᠭᠦᠰ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠢ ᠲᠦᠷᠭᠡᠳᠬᠡᠨ ᠪᠠᠶᠢᠭᠤᠯᠬᠤ ᠬᠡᠷᠡᠭᠲᠡᠶ᠃ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠤᠳᠤᠯ ᠢᠶᠠᠷ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠤᠷᠤᠯᠴᠠᠯᠭ᠎ᠠ ᠶᠢ ᠭᠦᠢᠴᠡᠳ ᠲᠠᠶᠢᠴᠢᠯᠠᠨ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠳᠤᠲᠠᠭᠤᠳᠠᠯ ᠢ ᠨᠥᠬᠦᠪᠥᠷᠢᠯᠡᠨ᠂ ᠨᠠᠰᠤᠲᠠᠶᠢᠴᠤᠳ ᠲᠤ ᠨᠡᠩ ᠲᠦᠬᠦᠮ ᠨᠡᠩ ᠳᠣᠲᠣᠨᠣ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ