ᠪᠥᠬᠦ ᠣᠷᠣᠨ ᠤ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠵᠢᠴᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2021/8/2

      7 ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠵᠢᠴᠢ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠸᠢᠳᠢᠣ᠋ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

      ᠬᠤᠷᠠᠯ ᠠᠴᠠ᠂ ᠡᠨᠡ ᠵᠢᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠭᠰᠡᠨ ᠪᠣᠯᠪᠠᠴᠤ ᠡᠯ᠎ᠡ ᠭᠠᠵᠠᠷ ᠤᠨ ᠠᠵᠢᠯ ᠤᠨ ᠠᠬᠢᠴᠠ ᠲᠡᠩᠴᠡᠭᠦᠷᠢ ᠥᠬᠡᠶ᠂ ᠪᠠᠯᠠ ᠣᠷᠣᠭᠤᠯᠤᠯᠲᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠠᠰᠠ ᠴᠥᠭᠡᠨ ᠪᠤᠰᠤ ᠬᠦᠴᠢᠷᠳᠡᠯ ᠣᠷᠣᠰᠢᠵᠤ ᠪᠠᠶᠢᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠳᠬᠤᠵᠤ᠂ ᠪᠠᠯᠠ ᠣᠷᠣᠭᠤᠯᠤᠯᠲᠠ ᠶᠢᠨ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠬᠡᠵᠦ ᠵᠢᠭᠠᠵᠦ ᠭᠠᠷᠭᠠᠪᠠ᠃

      ᠬᠤᠷᠠᠯ ᠠᠴᠠ᠂ ᠡᠮᠦᠨᠡᠬᠢ ᠬᠤᠭᠤᠴᠠᠭᠠᠨ ᠤ ᠠᠵᠢᠯ ᠪᠣᠯᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠦ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠵᠦ᠂ ᠠᠮᠠᠯᠳᠠᠭᠰᠠᠨ ᠵᠦᠢᠯ ᠢᠶᠠᠨ ᠪᠡᠶᠡᠯᠡᠭᠦᠯᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠠᠶᠢᠲᠤᠷ ᠬᠢᠵᠦ᠂ ︽ᠴᠢᠬᠤᠯᠠ ᠡᠯᠧᠮᠧᠨ᠋ᠲ ᠲᠦᠷᠦᠯ ᠵᠦᠢᠯ ᠢ ᠲᠠᠭᠠᠬᠤ︾᠎ ᠶᠢ ᠪᠠᠷᠢᠮᠲᠠᠯᠠᠵᠤ᠂ ᠭᠠᠵᠠᠷ ᠰᠢᠷᠣᠢ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠵᠠᠩᠭᠢᠯᠠᠭ᠎ᠠ ᠶᠢᠨ ᠡᠯᠧᠮᠧᠨ᠋ᠲ ᠢ ᠰᠠᠶᠢᠲᠤᠷ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠨᠥᠭᠡᠴᠡ ᠪᠣᠯᠤᠨ ᠠᠯᠤᠰ ᠬᠡᠲᠦ ᠶᠢᠨ ᠲᠥᠯᠥᠪᠵᠢᠭᠦᠯᠭᠡ ᠶᠢ ᠴᠢᠩᠭᠠᠳᠬᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠠᠯᠠ ᠣᠷᠣᠭᠤᠯᠤᠯᠲᠠ ᠶᠢᠨ ᠭᠤᠤᠯᠳᠠᠯᠭ᠎ᠠ ᠲᠠᠢ ᠴᠢᠭᠯᠡᠯ ᠢ ᠣᠨᠣᠪᠴᠢᠲᠠᠶ ᠡᠷᠢᠵᠦ᠂ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠲᠣᠭᠲᠠᠴᠠ ᠪᠠᠨ ᠪᠦᠷᠢᠨᠰᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠵᠡᠯ ᠰᠠᠨᠠᠭᠠᠨ ᠤ ᠲᠠᠯ᠎ᠠ ᠪᠠᠷ ᠳᠠᠬᠢᠨᠳᠠ ᠴᠢᠬᠤᠯᠠᠴᠢᠯᠠᠨ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨᠳᠠ ᠴᠢᠩᠭ᠎ᠠ ᠠᠳᠬᠤᠵᠤ᠂ ᠡᠷᠴᠢᠮ ᠤᠨ ᠲᠠᠯ᠎ᠠ ᠪᠠᠷ ᠳᠠᠬᠢᠨᠳᠠ ᠬᠦᠴᠦᠯᠡᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ