ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 14 ᠳ᠋ᠦ᠋ᠭᠡᠷ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/2
      7 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠶᠢᠨ ᠬᠡᠷᠡᠭᠵᠢᠭᠦᠯᠬᠦ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠥᠯᠥᠪᠵᠢᠭᠦᠯᠭᠡ︾ ᠵᠡᠷᠭᠡ ᠵᠦᠢᠯᠡᠰ ᠢ ᠰᠤᠳᠤᠯᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠶᠡᠭᠡ ᠦᠶᠡᠷ ᠢ ᠰᠡᠷᠭᠡᠶᠢᠯᠡᠬᠦ᠂ ᠶᠡᠭᠡ ᠠᠶᠤᠯ ᠠᠴᠠ ᠠᠪᠤᠷᠬᠠᠤ᠂ ᠶᠡᠭᠡ ᠭᠠᠮᠰᠢᠭ ᠠᠴᠠ ᠠᠪᠤᠷᠬᠠᠤ ᠶᠢ ᠪᠠᠷᠢᠮᠲᠠᠯᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢᠶᠠᠷ ᠭᠤᠤᠯ ᠪᠣᠯᠭᠠᠭᠰᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠲᠦᠭᠰᠢᠭᠦᠷᠢ ᠶᠢᠨ ᠳᠠᠯᠳᠠ ᠬᠡᠮ ᠰᠤᠭᠤᠭ ᠢ ᠰᠢᠭᠰᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠦᠭᠰᠢᠭᠦᠷᠢ ᠶᠢᠨ ᠳᠠᠯᠳᠠ ᠬᠡᠮ ᠰᠤᠭᠤᠭ ᠢ ᠡᠷᠡᠰ ᠠᠷᠢᠯᠭᠠᠬᠤ ᠬᠡᠷᠡᠭᠲᠡᠶ᠃ ᠴᠠᠭ ᠠᠭᠤᠷ ᠤᠨ ᠬᠢᠨᠠᠨ ᠬᠡᠮᠵᠢᠯᠲᠡ ᠶᠢ ᠨᠠᠷᠢᠯᠢᠭ ᠣᠨᠣᠪᠴᠢᠲᠠᠢ ᠰᠠᠶᠢᠲᠤᠷ ᠬᠢᠵᠦ᠂ ᠴᠠᠬ ᠳᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠪᠠ ᠪᠠᠲᠤᠯᠠᠭ᠎ᠠ ᠶᠢ ᠴᠢᠩᠭᠠᠳᠬᠠᠵᠤ᠂ ᠦᠶᠡᠷ ᠤᠨ ᠬᠤᠭᠤᠴᠠᠭᠠᠨ ᠤ 24 ᠴᠠᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠪᠠ ᠲᠣᠭᠤᠷᠢᠨ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠨᠠᠶᠢᠳᠠᠪᠤᠷᠢᠵᠢᠭᠤᠯᠵᠤ᠂ ᠴᠠᠭ ᠮᠦᠴᠡ ᠪᠤᠯᠭᠠᠨ ᠳᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠯᠳᠤᠭᠠᠨ ᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠭᠠᠮᠰᠢᠭᠳᠠᠭᠰᠠᠨ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠪᠠ ᠭᠠᠮᠰᠢᠭᠳᠠᠭᠰᠠᠨ ᠭᠠᠵᠠᠷ ᠣᠷᠣᠨ ᠤ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠶᠡᠭᠡ ᠭᠠᠮᠰᠢᠭ ᠤᠨ ᠳᠠᠷᠠᠭ᠎ᠠ ᠶᠡᠭᠡ ᠬᠢᠵᠢᠭ ᠳᠡᠯᠭᠡᠷᠡᠬᠦ︾ ᠪᠠ ᠭᠠᠮᠰᠢᠭ ᠠᠴᠠ ᠪᠣᠯᠵᠤ ᠳᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠳᠡᠢ ᠬᠡᠵᠥ ᠱᠠᠭᠠᠷᠳᠠᠪᠠ᠃      ᠬᠤᠷᠠᠯ ᠠᠴᠠ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠶᠢ ᠬᠡᠷᠡᠭᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠮᠠᠨ ᠤ ᠣᠷᠣᠨ ᠳᠤ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ ᠪᠠ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠵᠠᠰᠠᠯᠲᠠ ᠶᠢ ᠶᠡᠷᠦᠩᠬᠡᠶᠢᠯᠡᠭᠰᠡᠨ ᠴᠢᠨᠠᠷᠲᠠᠢ ᠰᠢᠰᠲ᠋ᠧᠮᠲᠦ ᠢᠨᠵᠧᠨᠧᠷᠢᠩ ᠪᠣᠯᠭᠠᠨ ᠠᠳᠬᠤᠵᠤ᠂ ᠤᠰᠤᠨ ᠤ ᠴᠢᠨᠠᠷ ᠢ ᠰᠠᠶᠢᠵᠢᠷᠠᠭᠤᠯᠬᠤ᠂ ᠤᠰᠤᠨ ᠤ ᠬᠡᠮᠵᠢᠶ᠎ᠡ ᠶᠢ ᠨᠡᠮᠡᠭᠳᠡᠭᠦᠯᠬᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ ᠡᠯ᠎ᠡ ᠵᠦᠢᠯ ᠤᠨ ᠵᠠᠰᠠᠯᠲᠠ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠵᠠᠰᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠷᠡᠭᠦᠯ ᠤᠰᠤᠨ ᠤ ᠠᠮᠢ ᠠᠬᠤᠶ ᠶᠢ ᠬᠠᠮᠠᠭᠠᠯᠠᠵᠤ᠂ ᠤᠰᠤᠨ ᠤ ᠠᠮᠤᠷ ᠲᠦᠪᠰᠢᠨ ᠢ ᠪᠠᠲᠤᠯᠠᠬᠤ ᠪᠣᠯ ᠤᠯᠤᠰ ᠤᠨ ᠪᠤᠳᠤᠯᠭ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠪᠠᠰᠠ ᠴᠤ ᠮᠠᠨ ᠤ ᠣᠷᠣᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠤᠰᠤ ᠶᠢ ᠰᠢᠰᠲ᠋ᠧᠮ ᠲᠠᠢ ᠵᠠᠰᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ︽ᠤᠰᠤᠨ ᠤ ᠬᠡᠮᠵᠢᠶ᠎ᠡ ᠪᠠᠷ ᠬᠢᠬᠦ᠂ ᠤᠰᠤ ᠠᠷᠪᠢᠯᠠᠬᠤ ᠪᠠᠷ ᠭᠤᠣᠯᠳᠠᠯᠭ᠎ᠠ ᠪᠣᠯᠭᠠᠬᠤ︾ ᠪᠠ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠤᠰᠤᠨ ᠤ ᠠᠮᠢ ᠠᠬᠤᠢ ᠶᠢᠨ ᠵᠠᠰᠠᠯᠲᠠ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠬᠯᠠᠬᠤ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ