ᠪᠥᠬᠦ ᠣᠷᠣᠨ ᠤ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠵᠢᠴᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2021/8/2
      7 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠪᠦᠬᠦ ᠣᠷᠣᠨ ᠤ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠵᠢᠴᠢ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠸᠢᠳᠢᠣ᠋ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠭᠰᠡᠨ ᠪᠣᠯᠪᠠᠴᠤ ᠡᠯ᠎ᠡ ᠭᠠᠵᠠᠷ ᠤᠨ ᠠᠵᠢᠯ ᠤᠨ ᠠᠬᠢᠴᠠ ᠲᠡᠩᠴᠡᠭᠦᠷᠢ ᠥᠬᠡᠶ᠂ ᠪᠠᠯᠠ ᠣᠷᠣᠭᠤᠯᠤᠯᠲᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠠᠰᠠ ᠴᠥᠭᠡᠨ ᠪᠤᠰᠤ ᠬᠦᠴᠢᠷᠳᠡᠯ ᠣᠷᠣᠰᠢᠵᠤ ᠪᠠᠶᠢᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠳᠬᠤᠵᠤ᠂ ᠪᠠᠯᠠ ᠣᠷᠣᠭᠤᠯᠤᠯᠲᠠ ᠶᠢᠨ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ ᠬᠡᠵᠦ ᠵᠢᠭᠠᠵᠦ ᠭᠠᠷᠭᠠᠪᠠ᠃      ᠬᠤᠷᠠᠯ ᠠᠴᠠ᠂ ᠡᠮᠦᠨᠡᠬᠢ ᠬᠤᠭᠤᠴᠠᠭᠠᠨ ᠤ ᠠᠵᠢᠯ ᠪᠣᠯᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠦ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠵᠦ᠂ ᠠᠮᠠᠯᠳᠠᠭᠰᠠᠨ ᠵᠦᠢᠯ ᠢᠶᠠᠨ ᠪᠡᠶᠡᠯᠡᠭᠦᠯᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠪᠣᠯᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠠᠶᠢᠲᠤᠷ ᠬᠢᠵᠦ᠂ ︽ᠴᠢᠬᠤᠯᠠ ᠡᠯᠧᠮᠧᠨ᠋ᠲ ᠲᠦᠷᠦᠯ ᠵᠦᠢᠯ ᠢ ᠲᠠᠭᠠᠬᠤ︾ ᠶᠢ ᠪᠠᠷᠢᠮᠲᠠᠯᠠᠵᠤ᠂ ᠭᠠᠵᠠᠷ ᠰᠢᠷᠣᠢ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠵᠠᠩᠭᠢᠯᠠᠭ᠎ᠠ ᠶᠢᠨ ᠡᠯᠧᠮᠧᠨ᠋ᠲ ᠢ ᠰᠠᠶᠢᠲᠤᠷ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠨᠥᠭᠡᠴᠡ ᠪᠣᠯᠤᠨ ᠠᠯᠤᠰ ᠬᠡᠲᠦ ᠶᠢᠨ ᠲᠥᠯᠥᠪᠵᠢᠭᠦᠯᠭᠡ ᠶᠢ ᠴᠢᠩᠭᠠᠳᠬᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠠᠯᠠ ᠣᠷᠣᠭᠤᠯᠤᠯᠲᠠ ᠶᠢᠨ ᠭᠤᠤᠯᠳᠠᠯᠭ᠎ᠠ ᠲᠠᠢ ᠴᠢᠭᠯᠡᠯ ᠢ ᠣᠨᠣᠪᠴᠢᠲᠠᠶ ᠡᠷᠢᠵᠦ᠂ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠲᠣᠭᠲᠠᠴᠠ ᠪᠠᠨ ᠪᠦᠷᠢᠨᠰᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠵᠡᠯ ᠰᠠᠨᠠᠭᠠᠨ ᠤ ᠲᠠᠯ᠎ᠠ ᠪᠠᠷ ᠳᠠᠬᠢᠨᠳᠠ ᠴᠢᠬᠤᠯᠠᠴᠢᠯᠠᠨ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨᠳᠠ ᠴᠢᠩᠭ᠎ᠠ ᠠᠳᠬᠤᠵᠤ᠂ ᠡᠷᠴᠢᠮ ᠤᠨ ᠲᠠᠯ᠎ᠠ ᠪᠠᠷ ᠳᠠᠬᠢᠨᠳᠠ ᠬᠦᠴᠦᠯᠡᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ