ᠪᠠᠶᠠᠨᠨᠠᠭᠤᠷ ᠬᠤᠲᠠ ᠶᠢᠨ ᠦᠶᠤᠸᠠᠨ ᠤ ᠰᠢᠷ᠎ᠠ ᠲᠥᠪᠡᠳ ᠬᠠᠰᠢ ᠶᠢ ᠨᠠᠷᠢᠯᠢᠭ ᠡᠳ᠋ᠰᠢᠭᠦᠯᠬᠦ ᠣᠶᠤᠨᠴᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2021/8/23

      8 ᠳ᠋ᠤᠭᠠᠷ ᠰᠠᠷ᠎ᠠ ᠶᠢᠨ 20 ᠤ ᠡᠳᠦᠷ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠮᠧᠶ ᠹᠠᠨ ᠯᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠯᠤᠭ᠎ᠠ ᠦᠶᠤᠸᠠᠨ ᠤ ᠰᠢᠷ᠎ᠠ ᠲᠥᠪᠡᠳ ᠬᠠᠰᠢ ᠶᠢ ᠨᠠᠷᠢᠯᠢᠭ ᠡᠳ᠋ᠰᠢᠭᠦᠯᠬᠦ ᠣᠶᠤᠨᠴᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠬᠤ ᠲᠥᠷᠥᠯ ᠵᠦᠢᠯ ᠤᠨ ᠲᠤᠬᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃
     ᠦᠶᠤᠸᠠᠨ ᠪᠣᠯ ᠪᠦᠬᠦ ᠤᠯᠤᠰ ᠤᠨ ᠰᠢᠷ᠎ᠠ ᠲᠥᠪᠡᠳ ᠬᠠᠰᠢ ᠶᠢᠨ ᠰᠢᠯᠢᠳᠡᠭ ᠲᠠᠷᠢᠮᠠᠯ ᠤᠨ ᠣᠷᠣᠨ ᠪᠣᠯᠤᠨ᠎ᠠ᠂ ᠦᠶᠤᠸᠠᠨ ᠤ ᠰᠢᠷ᠎ᠠ ᠲᠥᠪᠡᠳ ᠬᠠᠰᠢ ᠪᠣᠯ ᠨᠡᠩ ᠴᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠲᠡᠭᠲᠦ ᠶᠢ ᠬᠠᠮᠠᠭᠠᠯᠠᠬᠤ ᠪᠦᠲᠦᠭᠡᠭᠳᠡᠬᠦᠨ ᠪᠣᠯᠤᠨ᠎ᠠ᠃ ᠡᠨᠡ ᠬᠦ ᠲᠥᠷᠥᠯ ᠵᠦᠢᠯ ᠤᠨ ᠲᠤᠬᠠᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠪᠣᠯ ᠪᠣᠷᠣᠲᠣᠬᠤᠢ ᠶᠢᠨ ᠴᠢᠨᠠᠷᠯᠢᠭ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠬᠦᠷᠦᠩᠭᠡ ᠶᠢᠨ ᠵᠠᠬ᠎ᠠ ᠳᠡᠯᠭᠡᠭᠦᠷ ᠤᠨ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠭᠰᠠᠨ ᠠᠰᠢᠭᠲᠠᠢ ᠲᠤᠷᠰᠢᠯᠲᠠ ᠪᠣᠯᠤᠨ᠎ᠠ᠂ ᠡᠨᠡ ᠨᠢ ᠯᠠᠪᠳᠠᠶ᠎ᠠ ᠲᠥᠪᠡᠳ ᠬᠠᠰᠢ ᠶᠢᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠪᠦᠲᠦᠮᠵᠢᠲᠡᠢ ᠠᠬᠢᠭᠤᠯᠬᠤ ᠪᠣᠯᠤᠨ᠎ᠠ᠃
     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠮᠧᠶ ᠹᠠᠨ ᠯᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠦᠶᠤᠸᠠᠨ ᠤ ᠰᠢᠷ᠎ᠠ ᠲᠥᠪᠡᠳ ᠬᠠᠰᠢ ᠶᠢ ᠨᠠᠷᠢᠯᠢᠭ ᠪᠣᠯᠪᠠᠰᠤᠷᠠᠭᠤᠯᠬᠤ ᠣᠶᠤᠨᠴᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠪᠤᠢ᠃ ᠲᠤᠰ ᠲᠦᠷᠦᠯ ᠵᠦᠢᠯ ᠢ ᠭᠤᠷᠪᠠᠨ ᠬᠤᠭᠤᠴᠠᠭ᠎ᠠ ᠬᠤᠪᠢᠶᠠᠨ 5 ᠵᠢᠯ ᠳᠤ ᠪᠠᠶᠢᠭᠤᠯᠤᠨ ᠳᠠᠭᠤᠰᠬᠠᠵᠤ᠂ ᠦᠷ᠎ᠡ ᠶᠢ ᠰᠤᠳᠤᠯᠤᠨ ᠨᠡᠭᠡᠭᠡᠬᠦ᠂ ᠴᠢᠬᠢ ᠪᠤᠶᠢᠵᠢᠭᠤᠯᠬᠤ᠂ ᠲᠠᠷᠢᠵᠤ ᠤᠷᠭᠤᠭᠤᠯᠬᠤ᠂ ᠰᠢᠨ᠎ᠡ ᠰᠣᠷᠭᠤᠭ ᠵᠢᠮᠢᠰ ᠬᠤᠷᠢᠶᠠᠬᠤ᠂ ᠬᠦᠢᠳᠡᠨ ᠬᠡᠯᠬᠢᠶ᠎ᠡ ᠪᠠᠷ ᠵᠥᠭᠡᠭᠡᠪᠦᠷᠢᠯᠡᠬᠦ᠂ ᠨᠠᠷᠢᠯᠢᠭ ᠡᠳ᠋ᠰᠢᠭᠦᠯᠬᠦ ᠠᠴᠠ ᠪᠣᠷᠣᠯᠠᠭᠤᠯᠬᠤ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠥᠭᠵᠢᠭᠦᠯᠬᠦ ᠵᠠᠭᠪᠤᠷ ᠢ ᠪᠦᠷᠢᠯᠳᠦᠭᠦᠯᠵᠦ᠂ ᠪᠣᠷᠣᠲᠣᠬᠤᠢ ᠶᠢᠨ ᠭᠠᠵᠠᠷ ᠣᠷᠣᠨ ᠤ ᠲᠥᠪᠡᠳ ᠬᠠᠰᠢ ᠶᠢᠨ ᠠᠵᠤ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ