ᠦᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ 2021 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/23
      8 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠤᠯᠠᠮᠵᠢᠯᠠᠨ ᠰᠤᠷᠤᠯᠴᠠᠬᠤ ᠪᠠ ᠲᠤᠬᠢᠷᠠᠭᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠣᠯᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠠᠨ ᠳᠠᠬᠢ ᠠᠮᠤᠷ ᠲᠦᠪᠰᠢᠨ ᠲᠣᠭᠲᠠᠭᠤᠨ ᠪᠤᠯᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠲᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠴᠢᠨᠠᠭᠰᠢᠳᠠ ᠬᠥᠩᠭᠡᠷᠡᠭᠦᠯᠬᠦ ᠲᠤᠬᠠᠢ ᠵᠡᠷᠭᠡ ᠵᠦᠢᠯ ᠢ ᠰᠤᠳᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢ ᠠᠬᠢᠭᠤᠯᠬᠤ᠂ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠂ ᠪᠢᠳᠡ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠤ᠂ ᠭᠦᠨᠵᠡᠭᠡᠶ ᠣᠶᠢᠯᠠᠭᠠᠵᠤ᠂ ᠣᠨᠣᠪᠴᠢᠲᠠᠶ ᠡᠵᠡᠮᠳᠠᠨ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠂ ᠢᠯᠠᠩᠭᠤᠶ᠎ᠠ ᠵᠣᠷᠢᠯᠲᠠ ᠶᠢᠨ ᠤᠬᠠᠮᠰᠠᠷ ᠪᠠ ᠰᠠᠨᠠᠭᠠᠰᠢᠷᠠᠬᠤ ᠤᠬᠠᠮᠰᠠᠷ ᠢᠶᠠᠨ ᠴᠢᠨᠡᠬᠰᠢᠳᠠ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠤᠨ᠂ ᠵᠦᠪ ᠤᠨᠤᠪᠴᠢᠳᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠮᠲᠤ ᠪᠠᠷ ᠪᠠᠶᠠᠵᠢᠬᠤ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ ᠭᠡᠳᠡᠭ ᠢ ᠭᠦᠨᠵᠡᠭᠡᠶ ᠲᠠᠨᠢᠵᠤ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠪᠣᠯ ᠣᠳᠣᠬᠠᠨ ᠤ ᠬᠥᠭᠵᠢᠯᠲᠡ ᠶᠢᠨ ᠳᠤᠮᠳᠠᠬᠢ ᠲᠤᠪᠤᠶᠢᠮ᠎ᠠ ᠭᠤᠣᠯᠳᠠᠯᠭ᠎ᠠ ᠲᠠᠢ ᠠᠰᠠᠭᠤᠳᠠᠯ ᠪᠣᠯᠬᠤ ᠶᠢ ᠭᠦᠨᠵᠡᠭᠡᠢ ᠲᠠᠨᠢᠵᠤ᠂ ᠨᠠᠩ ᠡᠷᠡᠰ ᠪᠠᠲᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠪᠠ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠨᠢᠭᠡᠳᠦᠯᠲᠡᠢ ᠲᠥᠯᠥᠪᠵᠢᠬᠦᠯᠦᠨ ᠰᠠᠶᠢᠲᠤᠷ ᠬᠢᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠪᠠᠶᠢᠯᠳᠤᠬᠤ ᠪᠤᠳᠤᠯᠭ᠎ᠠ ᠪᠣᠯᠤᠨ ᠪᠦᠬᠦ ᠲᠠᠯ᠎ᠠ ᠶᠢᠨ ᠦᠨᠳᠦᠷᠴᠡ ᠠᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠶᠠᠮᠠᠷ ᠴᠤ ᠬᠦᠴᠢᠷ ᠠᠰᠠᠭᠤᠳᠠᠯ ᠢ ᠰᠢᠢᠳᠪᠦᠷᠢᠯᠡᠬᠦ ᠰᠥᠰᠥ ᠵᠣᠷᠢᠭ ᠢᠶᠠᠷ ᠰᠠᠶᠢᠲᠤᠷ ᠳᠠᠭᠠᠭᠤᠯᠤᠨ ᠵᠢᠱᠢᠶ᠎ᠡ ᠦᠵᠡᠭᠦᠯᠵᠦ᠂ ᠦᠨᠡᠨ ᠬᠦ ᠬᠠᠲᠠᠭᠤ ᠲᠠᠢ ᠨᠢ ᠬᠠᠯᠳᠠᠵᠤ᠂ ᠰᠤᠷᠲᠠᠯ ᠢᠶᠠᠨ ᠰᠠᠶᠢᠵᠢᠷᠠᠭᠤᠯᠵᠤ᠂ ᠬᠦᠴᠦᠲᠡᠢ ᠪᠦᠬᠡᠳ ᠪᠣᠳᠠᠲᠠᠢ ᠶᠢ ᠡᠷᠬᠢᠮᠯᠡᠭᠰᠡᠨ᠂ ᠬᠠᠨᠳᠤᠯᠭᠠᠳᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠲᠢᠩᠬᠢᠮ ᠲᠣᠪᠴᠢᠶ᠎ᠠ ᠨᠤᠭᠤᠳ ᠠᠵᠤ ᠠᠬᠤᠶᠢᠯᠠᠯ ᠳᠤ ᠦᠢᠯᠡᠴᠢᠯᠡᠬᠦ᠂ ᠦᠨᠳᠦᠰᠦᠨ ᠱᠠᠲᠤᠨ ᠳᠤ ᠦᠢᠯᠡᠴᠢᠯᠡᠬᠦ ᠦᠵᠡᠯ ᠤᠬᠠᠮᠰᠠᠷ ᠢ ᠪᠣᠶ ᠪᠣᠯᠭᠠᠵᠤ᠂ ᠵᠠᠰᠠᠭ ᠶᠠᠪᠤᠭᠤᠯᠬᠤ ᠪᠣᠯᠤᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠬᠤᠭᠤᠷᠣᠨᠳᠣᠬᠢ ᠬᠡᠰᠡᠭ ᠬᠤᠪᠢᠶᠠᠨ ᠰᠠᠯᠭᠠᠬᠤ᠂ ᠲᠤᠰ ᠲᠤᠰ ᠲᠠᠭᠠᠨ ᠡᠵᠡᠨ ᠮᠡᠳᠡᠬᠦ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠮᠡᠳᠡᠭᠡ ᠵᠠᠩᠭᠢ ᠶᠢᠨ ᠪᠠᠬᠢᠯᠡᠯᠲᠡ ᠶᠢ ᠦᠨᠡᠨ ᠬᠦ ᠨᠡᠪᠲᠡᠷᠡᠭᠦᠯᠬᠦ ᠬᠡᠷᠡᠭᠲᠡᠶ︔ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠬᠡᠷᠡᠭᠯᠡᠵᠤ ᠪᠠᠶᠢᠬᠤ ᠪᠠᠷ ᠴᠦᠬᠡᠨ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾᠂ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠬᠡᠬᠦ︾ ᠪᠠᠷ ᠠᠳᠬᠤᠴᠠ ᠪᠣᠯᠭᠠᠵᠤ᠂ ᠨᠡᠩ ᠤᠯᠠᠨ ᠶᠠᠪᠤᠳᠠᠯ ᠢ ᠰᠦᠯᠵᠢᠶᠠᠠ ᠲᠡᠭᠡᠷ᠎ᠠ ᠪᠦᠬᠦ ᠶᠠᠪᠤᠴᠠ ᠶᠢ ᠭᠦᠢᠴᠡᠳᠬᠡᠵᠦ ᠪᠣᠯᠬᠤ ᠶᠢ ᠠᠬᠢᠭᠤᠯᠬᠤ ᠬᠡᠷᠡᠭᠲᠡᠢ︔ ᠠᠵᠢᠯ ᠤᠨ ᠠᠬᠢᠴᠠ ᠲᠡᠩᠴᠡᠭᠦᠷᠢ ᠥᠬᠡᠶ᠂ ᠲᠦᠭᠵᠢᠷᠡᠯ ᠣᠯᠠᠨ᠂ ᠦᠷ᠎ᠡ ᠪᠦᠲᠦᠮᠵᠢ ᠪᠠᠷ ᠤᠳᠠᠭᠠᠨ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠤᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ ᠭᠡᠵᠤ ᠴᠢᠬᠤᠯᠠᠴᠢᠯᠠᠪᠠ᠃      ᠬᠤᠷᠠᠯ ᠠᠴᠠ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠠᠮᠤᠷ ᠲᠦᠪᠰᠢᠨ ᠲᠣᠭᠲᠠᠭᠤᠨ ᠤ ᠠᠵᠢᠯ ᠢ ᠰᠠᠶᠢᠲᠤᠷ ᠬᠢᠬᠦ ᠨᠢ ᠮᠠᠰᠢ ᠴᠢᠬᠤᠯᠠ ᠶᠤᠮ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠨ᠂ ᠠᠮᠤᠷ ᠲᠦᠪᠰᠢᠨ ᠲᠣᠭᠲᠠᠭᠤᠨ ᠤ ᠡᠯ᠎ᠡ ᠭᠤᠭᠴᠤᠭ᠎ᠠ ᠡᠯ᠎ᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠂ ᠠᠮᠤᠷ ᠲᠦᠪᠰᠢᠨ ᠲᠣᠭᠲᠠᠭᠤᠨ ᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ ᠵᠠᠰᠠᠵᠤ᠂ ᠤᠯᠠᠭᠠᠨ ᠱᠤᠭᠤᠮ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠬᠥᠩᠭᠡᠷᠡᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠲᠤᠬᠳᠠᠭᠠᠬᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠰᠤᠷᠤᠭᠴᠢᠳ ᠤᠨ ᠪᠥᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠤᠷᠭᠠᠨ ᠬᠥᠮᠦᠵᠢᠯ ᠤᠨ ᠲᠢᠩᠬᠢᠮ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠠᠶᠢᠮᠠᠭ ᠬᠤᠲᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠢᠭᠲᠠ ᠬᠠᠮᠵᠢᠯᠴᠠᠨ᠂ ᠬᠠᠮᠳᠤᠷᠠᠯ ᠬᠦᠴᠦᠨ ᠢ ᠪᠦᠷᠢᠯᠳᠦᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠯᠠᠪᠳᠠᠭᠤᠨ ᠪᠥᠭᠡᠳ ᠡᠮᠬᠢ ᠲᠢᠭᠯᠢᠮ ᠲᠠᠢ ᠪᠠᠷ ︽ᠬᠤᠶᠠᠷ ᠢ ᠬᠦᠩᠬᠡᠷᠡᠬᠦᠯᠬᠦ︾ ᠠᠵᠢᠯ ᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠵᠤ ᠫᠠᠶᠢᠰᠠ ᠡᠯᠭᠦᠬᠦ ᠶᠢ ᠱᠠᠩᠨᠠᠵᠤ ᠨᠥᠬᠦᠪᠥᠷᠢ ᠦᠭᠬᠦ ᠠᠷᠭ᠎ᠠ᠂ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ︶ ᠤᠨ ᠦᠨᠡᠯᠠᠯᠳᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶᠂ ᠬᠤᠲᠠ ᠶᠢᠨ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠬᠦᠯᠭᠡ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠦᠢᠯᠡᠰ ᠤᠨ ᠲᠥᠯᠥᠪᠵᠢᠭᠦᠯᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠮᠥᠩᠭᠦᠨ ᠭᠦᠢᠯᠭᠡᠭᠡᠨ ᠤ ᠬᠥᠭᠵᠢᠯᠲᠡ ᠪᠠ ᠥᠭᠡᠷᠡᠴᠢᠯᠡᠯᠲᠡ ᠶᠢᠨ ᠲᠥᠯᠥᠪᠵᠢᠭᠦᠯᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠬᠦᠯᠭᠡ ᠶᠢᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠦᠢᠯᠡᠰ ᠤᠨ ᠲᠥᠯᠥᠪᠵᠢᠭᠦᠯᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠬᠦᠯᠭᠡ ᠶᠢᠨ ᠰᠠᠭᠤᠷᠢ ᠭᠡᠮᠵᠢᠠ ᠵᠢᠷᠤᠬᠤ ᠲᠦᠯᠦᠪᠵᠢᠭᠦᠯᠭᠡ ᠶᠢ ᠰᠤᠲᠤᠯᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ