︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠣᠯᠳᠡ ᠶᠢᠨ ᠠᠷᠭ᠎ᠠ︾
ᠨᠡᠶᠢᠲᠡᠯᠡᠭᠰᠡᠨ ᠴᠠᠭ᠄
2021/8/25
          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠵᠠᠷᠯᠢᠭ                                      249 ᠳ᠋ᠣᠬᠡᠷ ᠲᠣᠭᠠᠲᠤ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠣᠯᠳᠡ ᠶᠢᠨ ᠠᠷᠭ᠎ᠠ︾ ᠶᠢ 2021 ᠣᠨ ᠤ 5 ᠳ᠋ᠤᠭᠠᠷ ᠰᠠᠷ᠎ᠠ ᠶᠢᠨ 12 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 8 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ 2021 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠣ ᠬᠡᠷᠩᠵᠢᠭᠦᠯᠣᠨ᠎ᠡ᠃                                                        ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ                                                        2021 ᠣᠨ ᠤ 6 ᠳ᠋ᠤᠭᠠᠷ ᠰᠠᠷ᠎ᠠ ᠶᠢᠨ 7 ᠤ ᠡᠳᠣᠷ                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ                  ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠣᠯᠳᠡ ᠶᠢᠨ ᠠᠷᠭ᠎ᠠ      ᠨᠢᠭᠡᠳᠦᠭᠡᠷ ᠵᠦᠢᠯ  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠂ ᠰᠠᠭᠤᠷᠢ ᠮᠦᠩᠭᠦᠨ ᠤ ᠠᠮᠣᠷ ᠲᠦᠪᠰᠢᠨ ᠪᠠᠶᠢᠬᠤ ᠶᠢ ᠪᠠᠲᠤᠯᠠᠵᠤ᠂ ᠠᠷᠠᠳ ᠢᠷᠭᠡᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠦᠨᠳᠦᠰᠦᠨ ᠡᠮᠴᠢᠯᠡᠭᠡᠨ ᠤ ᠳᠠᠭᠠᠳᠬᠠᠯ ︵ᠬᠦᠩᠭᠡᠵᠢᠯ ᠤᠨ ᠳᠠᠭᠠᠳᠬᠠᠯ ᠪᠠᠭᠲᠠᠨ᠎ᠠ︶ ᠤᠨ ᠰᠠᠭᠤᠷᠢ ᠮᠥᠩᠭᠦ᠂ ᠡᠮᠴᠢᠯᠡᠭᠡᠨ ᠤ ᠠᠪᠣᠷᠠᠨ ᠲᠤᠰᠠᠯᠠᠬᠤ ᠰᠠᠭᠤᠷᠢ ᠮᠥᠩᠭᠦ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠬᠢᠭᠡᠳ ᠬᠢᠨᠠᠯᠲᠠ ᠬᠠᠮᠢᠶᠠᠷᠤᠯᠲᠠ ᠳᠤ ᠲᠤᠰ ᠠᠷᠭ᠎ᠠ ᠶᠢ ᠲᠣᠬᠢᠷᠠᠭᠤᠯᠣᠨ ᠬᠡᠷᠩᠯᠡᠨ᠎ᠡ᠃      ᠭᠤᠷᠪᠠᠳᠤᠭᠠᠷ ᠵᠦᠢᠯ  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠳᠤ ᠠᠷᠠᠳ ᠲᠦᠮᠡᠨ ᠤ ᠡᠷᠡᠭᠦᠯ ᠮᠡᠨᠳᠤ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠲᠣᠬᠢᠷᠠᠯᠴᠠᠭᠤᠯᠵᠣ᠂ ᠬᠠᠤᠯᠢ ᠶᠣᠰᠣᠴᠢ᠂ ᠠᠮᠤᠷ ᠲᠦᠪᠰᠢᠨ᠂ ᠢᠯᠡ ᠲᠣᠳᠣ᠂ ᠠᠷᠠᠳ ᠲᠤ ᠲᠥᠬᠦᠮ ᠦᠵᠡᠭᠦᠯᠬᠦ ᠵᠠᠷᠴᠢᠮ ᠢ ᠵᠢᠷᠤᠮᠯᠠᠨ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠨᠡᠶᠢᠭᠡᠮ ᠤᠨ ᠬᠢᠨ ᠬᠢᠨᠠᠯᠲᠠ ᠲᠠᠯᠪᠢᠬᠤ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠬᠤ ᠪᠠ ᠬᠤᠪᠢ ᠬᠥᠮᠦᠨ ᠢᠲᠡᠭᠡᠮᠵᠢ ᠲᠠᠢ ᠪᠠᠶᠢᠬᠤ ᠶᠢ ᠤᠶᠠᠯᠳᠤᠭᠤᠯᠤᠭᠰᠠᠨ ᠬᠢᠨᠠᠯᠲᠠ ᠲᠠᠯᠪᠢᠬᠤ ᠲᠣᠭᠲᠠᠴᠠ ᠶᠢ ᠬᠡᠷᠩᠵᠢᠭᠦᠯᠭᠦ ᠬᠡᠷᠩᠳᠠᠢ᠃      ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠳᠠᠬᠢ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃      ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠬᠤ ᠬᠡᠷᠩᠳᠠᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠳ᠋ ᠤᠨ ᠵᠠᠰᠠᠭ᠂ ᠬᠢᠨᠠᠨ ᠪᠤᠳᠤᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃      ᠵᠢᠷᠭᠤᠳᠤᠭᠠᠷ ᠵᠦᠢᠯ  ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠢ ᠵᠣᠷᠢᠭᠵᠢᠭᠤᠯᠣᠨ ᠳᠡᠮᠵᠢᠵᠣ ᠪᠠᠶᠢᠭᠠᠣᠨ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠡᠮᠴᠢᠯᠡᠭᠡᠨ ᠤ ᠪᠠᠲᠤᠯᠠᠭ᠎ᠠ ᠶᠢᠨ ᠮᠡᠳᠡᠯᠭᠡ ᠶᠢᠨ ᠳᠠᠯ᠎ᠡ ᠪᠠᠷ ᠬᠢ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠦᠷᠨᠢᠭᠦᠯᠣᠨ᠎ᠠ᠃ ᠡᠮᠴᠢᠯᠡᠭᠡᠨ ᠤ ᠪᠠᠲᠤᠯᠠᠭ᠎ᠠ ᠳᠤ ᠬᠤᠯᠪᠣᠭᠳᠠᠭᠰᠠᠨ ᠤᠬᠠᠭᠤᠯᠭ᠎ᠠ ᠮᠡᠳᠡᠭᠡᠯᠡᠯ ᠨᠢ ᠦᠨᠡᠨ ᠪᠣᠳᠠᠲᠠᠶ᠂ ᠲᠥᠪ ᠭᠤᠣᠯᠴᠢ ᠪᠠᠶᠢᠬᠤ ᠬᠡᠷᠡᠭᠲᠡᠶ᠃      ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ ᠳᠡᠮᠵᠢᠨ᠎ᠡ᠃      ᠳᠣᠯᠣᠳᠤᠭᠠᠷ ᠵᠦᠢᠯ  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠩᠯᠡᠯᠳᠡ ᠶᠢ ᠤᠯᠤᠰ ᠤᠨ ᠲᠣᠭᠲᠠᠭᠠᠭᠰᠠᠨ ᠲᠣᠭᠠᠴᠠᠭ᠎ᠠ ᠬᠢᠬᠦ ᠬᠡᠪᠴᠢᠶᠡᠨ ᠳᠤ ᠨᠡᠶᠢᠴᠡᠭᠦᠯᠭᠦ ᠬᠡᠷᠡᠭᠲᠡᠶ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠲᠣᠭᠲᠠᠭᠠᠭᠰᠠᠨ ᠡᠷᠬᠡ ᠶᠢᠨ ᠬᠢᠵᠠᠭᠠᠷ ᠪᠠ ᠲᠡᠰ ᠳᠠᠷᠠᠭᠠᠯᠠᠯ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠳᠠᠬᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠠᠴᠠ ᠲᠣᠭᠠᠴᠠᠵᠤ ᠥᠭᠬᠦ ᠪᠣᠳᠠᠲᠠᠶ ᠲᠥᠷᠥᠯ ᠵᠦᠢᠯ ᠪᠠ ᠪᠠᠷᠢᠮᠵᠢᠶ᠎ᠠ ᠶᠢ ᠨᠥᠬᠦᠪᠥᠷᠢᠯᠡᠨ ᠲᠣᠭᠲᠠᠭᠠᠬᠤ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠳᠣᠣᠷᠠᠬᠢ ᠮᠡᠲᠦ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠣᠡᠭᠡᠭᠦ ᠬᠡᠷᠩᠳᠠᠢ᠄      ︵ᠨᠢᠭᠡ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠣ ᠪᠦᠷᠢᠨᠰᠢᠬᠦᠯᠦᠨ᠎ᠡ︔      ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠎ᠠ︔      ︵ᠭᠤᠷᠪᠠ︶ ᠦᠢᠯᠡᠴᠢᠯᠡᠭᠡᠨ ᠤ ᠵᠦᠪᠯᠡᠯᠴᠡᠭᠡᠷ ᠢ ᠲᠣᠭᠲᠠᠭᠠᠭᠰᠠᠨ ᠪᠠ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔      ︵ᠳᠥᠷᠪᠡ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭᠠᠨ ᠪᠠ ᠡᠮᠴᠢᠯᠡᠭᠡᠨ ᠤ ᠵᠠᠷᠤᠳᠠᠯ ᠳᠤ ᠬᠢᠨᠠᠯᠲᠠ ᠲᠠᠯᠪᠢᠨ᠎ᠠ︔      ︵ᠲᠠᠪᠤ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠤᠯᠢ ᠠᠴᠠ ᠵᠥᠷᠢᠴᠡᠵᠣ ᠬᠡᠷᠡᠭᠯᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠃      ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠶᠠᠪᠤᠳᠠᠯ ᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠶᠢᠨ ᠳᠣᠣᠷᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠄      ︵ᠨᠢᠭᠡ︶ ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ᠂ ᠠᠮᠤᠷ ᠲᠦᠪᠰᠢᠨ ᠪᠠ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠬᠦ︔      ︵ᠬᠤᠶᠠᠷ︶ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠯᠦᠭᠡ ᠦᠢᠯᠡᠴᠢᠯᠡᠭᠡᠨ ᠤ ᠵᠦᠪᠯᠡᠯᠴᠡᠭᠡᠷ ᠲᠣᠭᠲᠠᠵᠤ ᠭᠦᠢᠴᠡᠳᠬᠡᠬᠦ︔      ︵ᠭᠤᠷᠪᠠ︶ ᠰᠠᠭᠤᠷᠢ ᠮᠥᠩᠭᠦ ᠶᠢ ᠰᠠᠯᠭᠠᠨ ᠥᠭᠬᠦ᠂ ᠬᠠᠷᠠᠭᠠᠯᠵᠠᠯ ᠢ ᠬᠢᠨᠠᠨ ᠬᠠᠷᠭᠤᠭᠤᠯᠬᠤ ᠵᠢᠴᠢ ᠲᠣᠭᠠᠴᠠᠵᠦ ᠥᠭᠬᠦ᠂ ᠵᠠᠷᠤᠳᠠᠯ ᠢ ᠬᠢᠨᠠᠨ ᠡᠵᠡᠮᠳᠡᠬᠦ︔      ︵ᠳᠥᠷᠪᠡ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠣᠷᠣᠯᠭ᠎ᠠ᠂ ᠵᠠᠷᠤᠯᠭ᠎ᠠ᠂ ᠦᠯᠡᠳᠡᠪᠦᠷᠢ ᠵᠡᠷᠭᠡ ᠶᠢᠨ ᠪᠠᠶᠢᠳᠠᠯ ᠢ ᠨᠡᠶᠢᠭᠡᠮ ᠳᠤ ᠢᠯᠡ ᠨᠡᠶᠢᠳᠡᠯᠡᠭᠦ︔      ︵ᠲᠠᠪᠤ︶ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠨᠡᠷᠡᠰ ᠢ ᠨᠡᠶᠢᠭᠡᠮ ᠳᠤ ᠨᠡᠶᠢᠳᠡᠯᠡᠭᠦ︔      ︵ᠵᠢᠷᠭᠤᠭ᠎ᠠ︶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢ ᠬᠠᠶᠢᠵᠦ ᠯᠠᠪᠯᠠᠬᠤ ᠦᠢᠯᠡᠴᠢᠯᠡᠭᠡ ᠬᠠᠩᠭᠠᠬᠤ︔      ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃      ᠠᠷᠪᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠳᠣᠣᠷᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠄      ︵ᠨᠢᠭᠡ︶ ᠦᠢᠯᠡᠴᠢᠯᠡᠭᠡᠨ ᠤ ᠵᠦᠪᠯᠡᠯᠴᠡᠭᠡᠷ ᠢ ᠭᠦᠢᠴᠡᠳᠬᠡᠬᠦ︔      ︵ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠪᠠ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠵᠣ ᠬᠤᠳᠠᠯᠳᠤᠨ ᠠᠪᠬᠤ ᠲᠦᠷᠢᠮ ᠢ ᠬᠡᠷᠩᠵᠢᠭᠦᠯᠭᠦ︔      ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠩᠯᠡᠯᠳᠡ ᠶᠢᠨ ᠬᠤᠯᠪᠣᠭᠳᠠᠯ ᠪᠦᠬᠦᠢ ᠳ᠋ᠠᠶᠢᠲ᠋ᠠ ᠶᠢ ᠳᠠᠮᠵᠢᠭᠤᠯᠤᠨ ᠬᠦᠷᠭᠡᠬᠦ︔      ︵ᠲᠦᠷᠪᠡ︶ ᠡᠮᠴᠢᠯᠡᠭᠡᠨ ᠤ ᠵᠠᠷᠤᠳᠠᠯ᠂ ᠵᠠᠷᠤᠳᠠᠯ ᠤᠨ ᠪᠦᠲᠦᠴᠡ ᠶᠢᠨ ᠮᠡᠳᠡᠭᠡ ᠵᠠᠩᠭᠢ ᠵᠡᠷᠭᠡ ᠶᠢ ᠨᠡᠶᠢᠭᠡᠮ ᠳᠤ ᠢᠯᠡ ᠨᠡᠶᠢᠳᠡᠯᠡᠭᠦ︔      ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃      ᠠᠷᠪᠠᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠳᠣᠣᠷᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠄      ︵ᠨᠢᠭᠡ︶ ᠦᠢᠯᠡᠴᠢᠯᠡᠭᠡᠨ ᠤ ᠬᠡᠯᠡᠯᠴᠡᠭᠡᠷ ᠢ ᠭᠦᠢᠴᠡᠳᠬᠡᠬᠦ︔      ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠩᠯᠡᠯᠳᠡ ᠶᠢᠨ ᠬᠤᠯᠪᠣᠭᠳᠠᠯ ᠪᠦᠬᠦᠢ ᠳ᠋ᠠᠶᠢᠲ᠋ᠠ ᠶᠢ ᠳᠠᠮᠵᠢᠭᠤᠯᠤᠨ ᠬᠦᠷᠭᠡᠬᠦ︔      ︵ᠭᠤᠷᠪᠠ︶ ᠡᠮ ᠤᠨ ᠵᠦᠢᠯ ᠤᠨ ᠵᠠᠷᠤᠳᠠᠯ ᠤᠨ ᠮᠡᠳᠡᠭᠡ ᠵᠠᠩᠭᠢ ᠶᠢ ᠨᠡᠶᠢᠭᠡᠮ ᠳᠤ ᠢᠯᠠ ᠨᠡᠶᠢᠳᠡᠯᠡᠭᠦ︔      ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃      ᠠᠷᠪᠠᠨ ᠬᠤᠶᠠᠳᠤᠭᠠᠷ ᠵᠦᠢᠯ  ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠢᠴᠢ ᠲᠡᠳᠡᠭᠡᠷ ᠤᠨ ᠠᠵᠢᠯᠳᠡᠣᠨ ᠨᠢ ᠡᠪᠡᠣᠡᠴᠢᠳᠡᠨ ᠦᠨᠡᠨ ᠨᠡᠷ᠎ᠡ ᠪᠠᠷ ᠢᠶᠠᠨ ᠡᠮᠨᠡᠭᠦᠯᠬᠦ ᠪᠠ ᠡᠮ ᠬᠤᠳᠠᠯᠳᠤᠨ ᠠᠪᠬᠤ ᠬᠠᠮᠢᠶᠠᠷᠤᠯᠲᠠ ᠶᠢᠨ ᠲᠣᠭᠲᠠᠭᠠᠯ ᠢ ᠬᠡᠷᠩᠵᠢᠭᠦᠯᠵᠣ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠲᠡᠮᠳᠡᠭ ᠢ ᠬᠢᠨᠠᠨ ᠬᠠᠷᠭᠤᠭᠤᠯᠵᠣ᠂ ᠣᠨᠣᠰᠢᠯᠠᠨ ᠡᠮᠨᠡᠬᠦ ᠵᠢᠷᠤᠮᠵᠢᠯ ᠶᠣᠰᠣᠭᠠᠷ ᠵᠦᠶ ᠵᠣᠬᠢᠰᠲᠠᠶ᠂ ᠴᠢᠬᠤᠯᠠ ᠪᠦᠬᠦᠢ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ᠂ ᠳᠠᠭᠠᠳᠬᠠᠯ ᠳᠤ ᠣᠷᠣᠯᠴᠠᠭᠰᠠᠳ ᠲᠤ ᠰᠦᠢᠳᠬᠡᠯ ᠤᠨ ᠪᠠᠷᠢᠮᠲᠠ ᠪᠠ ᠬᠠᠮᠢᠶ᠎ᠠ ᠪᠦᠬᠦᠢ ᠮᠠᠲ᠋ᠧᠷᠢᠶᠠᠯ ᠢ ᠦᠨᠡᠨ ᠮᠥᠨ ᠢᠶᠠᠷ ᠨᠢ ᠭᠠᠷᠭᠠᠵᠣ ᠦᠭᠭᠦ ᠬᠡᠷᠩᠳᠠᠢ᠂ ᠰᠠᠯᠭᠠᠵᠤ ᠳᠠᠬᠢᠨᠲᠠ ᠡᠮᠨᠡᠯᠭᠡ ᠳᠤ ᠰᠠᠭᠤᠯᠭᠠᠬᠤ ᠪᠠ ᠨᠡᠷ᠎ᠡ ᠶᠢᠨ ᠲᠡᠳᠣᠢ ᠡᠮᠨᠡᠯᠭᠡ ᠳᠤ ᠰᠠᠭᠤᠯᠭᠠᠵᠤ ᠪᠣᠯᠬᠤ ᠦᠭᠡᠢ᠂ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠬᠡᠳᠦᠷᠬᠡᠢ ᠣᠨᠣᠰᠢᠯᠠᠨ ᠡᠮᠨᠡᠬᠦ᠂ ᠬᠡᠳᠦᠷᠬᠡᠢ ᠪᠠᠶᠢᠴᠠᠭᠠᠬᠤ᠂ ᠡᠮ ᠤᠨ ᠵᠣᠷ ᠢ ᠰᠠᠯᠭᠠᠬᠤ᠂ ᠬᠡᠮᠵᠢᠶ᠎ᠡ ᠠᠴᠠ ᠬᠡᠳᠣᠷᠡᠭᠦᠯᠣᠨ ᠡᠮ ᠥᠭᠬᠦ᠂ ᠳᠠᠬᠢᠨ ᠳᠠᠪᠳᠡᠨ ᠡᠮ ᠥᠭᠴᠥ ᠪᠣᠯᠬᠤ ᠦᠭᠡᠢ᠂ ᠳᠠᠬᠢᠨ ᠳᠠᠪᠳᠡᠨ ᠰᠦᠢᠳᠬᠡᠯ ᠬᠤᠷᠢᠶᠠᠬᠤ᠂ ᠪᠠᠷᠢᠮᠵᠢᠶ᠎ᠠ ᠠᠴᠠ ᠬᠡᠳᠣᠷᠡᠭᠦᠯᠣᠨ ᠰᠦᠢᠳᠬᠡᠯ ᠬᠤᠷᠢᠶᠠᠬᠤ᠂ ᠲᠦᠷᠣᠯ ᠵᠦᠢᠯ ᠢ ᠰᠠᠯᠭᠠᠵᠤ ᠰᠦᠢᠳᠬᠡᠯ ᠬᠤᠷᠢᠶᠠᠵᠤ ᠪᠣᠯᠬᠤ ᠦᠭᠡᠢ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠲᠦᠷᠣᠯ ᠵᠦᠢᠯ ᠪᠠ ᠦᠢᠯᠡᠴᠢᠯᠡᠭᠡᠨ ᠤ ᠪᠡᠯᠡᠣᠡᠭᠡᠮᠵᠢ ᠶᠢ ᠬᠤᠭᠤᠷᠣᠨᠳᠣ ᠨᠢ ᠰᠣᠯᠢᠵᠤ ᠪᠣᠯᠬᠤ ᠦᠭᠡᠢ᠂ ᠪᠤᠰᠤᠳ ᠢ ᠥᠳᠥᠭᠡᠨ ᠲᠠᠲᠠᠵᠤ᠂ ᠬᠠᠪᠰᠤᠷᠴᠤ ᠪᠠᠶᠢᠭᠠᠳ ᠪᠣᠰᠣᠣᠨ ᠭᠦᠮᠣᠨ ᠤ ᠨᠡᠷ᠎ᠡ ᠪᠠᠷ ᠡᠮᠨᠡᠭᠦᠯᠬᠦ ᠪᠤᠶᠤ ᠬᠤᠳᠠᠯ ᠢᠶᠠᠷ ᠡᠮᠨᠡᠭᠦᠯᠵᠦ ᠡᠮ ᠬᠤᠳᠠᠯᠳᠤᠨ ᠠᠪᠤᠭᠤᠯᠵᠤ ᠪᠣᠯᠬᠤ ᠦᠭᠡᠢ᠃      ᠲᠦᠷᠭᠡᠨ ᠡᠮᠨᠡᠭᠦᠯᠬᠦ᠂ ᠲᠦᠷᠭᠡᠨ ᠠᠪᠤᠷᠠᠬᠤ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠲᠥᠯᠥᠬᠦ ᠬᠡᠪᠴᠢᠶᠠᠨ ᠠᠴᠠ ᠪᠣᠰᠣᠣᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠳᠤ ᠬᠦᠷᠪᠡᠯ᠂ ᠳᠠᠭᠠᠳᠬᠠᠯ ᠳᠤ ᠣᠷᠣᠯᠴᠠᠭᠰᠠᠣᠨ ᠪᠤᠶᠤ ᠲᠡᠳᠡᠨ ᠤ ᠣᠶᠢᠷ᠎ᠠ ᠲᠥᠷᠥᠯ ᠰᠠᠳᠤᠨ᠂ ᠬᠢᠨᠠᠨ ᠬᠠᠮᠠᠭᠠᠯᠠᠭᠴᠢ ᠪᠠᠷ ᠵᠥᠪᠰᠢᠶᠡᠷᠡᠭᠦᠯᠬᠦ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠳᠠᠭᠠᠣᠡᠬᠠᠯ ᠳᠤ ᠣᠷᠣᠯᠴᠠᠭᠰᠠᠳ ᠨᠢ ᠦᠪᠡᠷ ᠤᠨ ᠡᠮᠴᠢᠯᠡᠭᠡᠨ ᠤ ᠪᠠᠲᠤᠯᠠᠭ᠎ᠠ ᠶᠢᠨ ᠬᠡᠷᠡᠴᠢ ᠲᠡᠮᠳᠡᠭ ᠢᠶᠠᠨ ᠠᠪᠴᠤ ᠡᠮᠨᠡᠭᠦᠯᠵᠦ ᠡᠮ ᠬᠤᠳᠠᠯᠳᠤᠨ ᠠᠪᠬᠤ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠭᠡᠷᠡᠴᠢ ᠳᠡᠮᠳᠡᠭ ᠢᠶᠠᠨ ᠭᠠᠷᠭᠠᠨ ᠦᠵᠡᠭᠦᠯᠵᠦ ᠪᠠᠶᠢᠴᠠᠭᠠᠨ ᠰᠢᠯᠭᠠᠬᠤ ᠶᠢ ᠬᠦᠯᠢᠶᠡᠬᠦ ᠬᠡᠷᠡᠭᠲᠡᠶ᠃ ᠳᠠᠭᠠᠳᠬᠠᠯ ᠳᠤ ᠣᠷᠣᠯᠴᠠᠭᠰᠠᠣᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠰᠦᠢᠣᠡᠭᠡᠯ ᠤᠨ ᠪᠠᠷᠢᠮᠲᠠ ᠪᠠ ᠬᠠᠮᠢᠶ᠎ᠠ ᠪᠥᠬᠦᠶ ᠮᠠᠲ᠋ᠧᠷᠢᠶᠠᠯ ᠢᠶᠠᠨ ᠦᠨᠡᠨ ᠪᠣᠳᠠᠲᠠᠶ ᠪᠠᠷ ᠭᠠᠷᠭᠠᠯᠭᠠᠬᠤ ᠪᠠᠷ ᠱᠠᠭᠠᠷᠳᠠᠬᠤ ᠡᠷᠬᠡ ᠲᠠᠢ᠃      ᠳᠠᠭᠠᠳᠬᠠᠯ ᠳᠤ ᠣᠷᠣᠯᠴᠠᠭᠰᠠᠳ ᠲᠣᠭᠲᠠᠭᠠᠯ ᠶᠣᠰᠣᠭᠠᠷ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠬᠦᠷᠳᠡᠭᠦ ᠶᠣᠰᠣᠳᠠᠢ᠂ ᠳᠠᠬᠢᠨ ᠳᠠᠪᠳᠡᠨ ᠬᠠᠷᠠᠭᠠᠯᠵᠠᠯ ᠬᠦᠷᠳᠡᠵᠣ ᠪᠣᠯᠬᠤ ᠦᠭᠡᠢ᠃      ᠳᠠᠭᠠᠳᠬᠠᠯ ᠳᠤ ᠣᠷᠣᠯᠴᠠᠭᠰᠠᠳ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠣᠡᠭᠡᠭᠦ ᠪᠠᠶᠢᠭᠤᠯᠤᠮᠵᠢ ᠳᠤ ᠡᠮᠴᠢᠯᠡᠭᠡᠨ ᠤ ᠪᠠᠲᠤᠯᠠᠭ᠎ᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠠᠩᠭᠠᠯᠭᠠᠬᠤ ᠪᠠᠷ ᠱᠠᠭᠠᠷᠳᠠᠵᠣ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠩᠯᠡᠯᠳᠡ ᠳᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠡᠷᠬᠡ ᠲᠠᠢ᠃      ᠠᠷᠪᠠᠨ ᠳᠥᠷᠪᠡᠳᠦᠭᠡᠷ ᠵᠦᠢᠯ  ᠳᠠᠭᠠᠣᠡᠬᠠᠯ ᠳᠤ ᠣᠷᠣᠯᠴᠠᠭᠰᠠᠳ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠬᠦᠷᠳᠡᠬᠦ ᠲᠣᠬᠢᠶᠠᠯ ᠢ ᠠᠰᠢᠭᠯᠠᠨ ᠡᠮ ᠤᠨ ᠵᠦᠢᠯ ᠢ ᠰᠢᠯᠵᠢᠭᠦᠯᠦᠨ ᠬᠤᠳᠠᠯᠳᠣᠵᠣ᠂ ᠪᠡᠯᠡᠨ ᠵᠣᠭᠤᠰ᠂ ᠪᠣᠳᠠᠲᠤ ᠶᠠᠭᠤᠮ᠎ᠠ ᠰᠣᠯᠢᠵᠣ ᠠᠪᠬᠤ ᠪᠤᠶᠤ ᠪᠤᠰᠤᠳ ᠬᠠᠤᠯᠢ ᠪᠤᠰᠤ ᠠᠰᠢᠭ ᠣᠯᠵᠤ ᠪᠣᠯᠬᠤ ᠦᠭᠡᠢ᠃      ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠬᠥᠷᠳᠡᠬᠦ ᠲᠣᠬᠢᠶᠠᠯ ᠢ ᠠᠰᠢᠭᠯᠠᠨ ᠡᠮ ᠤᠨ ᠵᠦᠢᠯ ᠢ ᠳᠠᠮᠵᠢᠭᠤᠯᠤᠨ ᠬᠤᠳᠠᠯᠳᠣᠵᠣ᠂ ᠪᠡᠯᠡᠨ ᠵᠣᠭᠤᠰ᠂ ᠪᠣᠳᠠᠲᠤ ᠶᠠᠭᠤᠮ᠎ᠠ ᠰᠣᠯᠢᠵᠣ ᠠᠪᠬᠤ ᠪᠤᠶᠤ ᠪᠤᠰᠤᠳ ᠬᠠᠤᠯᠢ ᠪᠤᠰᠤ ᠠᠰᠢᠭ ᠬᠥᠷᠳᠡᠬᠦ ᠳᠤ ᠨᠢ ᠲᠥᠬᠦᠮ ᠦᠵᠡᠭᠦᠯᠵᠦ ᠪᠣᠯᠬᠤ ᠥᠭᠡᠢ᠃      ᠠᠷᠪᠠᠨ ᠲᠠᠪᠤᠳᠤᠭᠠᠷ ᠵᠦᠢᠯ  ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠣᠡᠭᠡᠭᠦ ᠪᠠᠶᠢᠭᠤᠯᠤᠮᠵᠢ᠂ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠡᠷᠭᠡ ᠨᠢᠭᠡᠴᠢ ᠵᠢᠴᠢ ᠲᠡᠳᠡᠭᠡᠷ ᠤᠨ ᠠᠵᠢᠯᠲᠠᠨ ᠪᠠ ᠳᠠᠭᠠᠳᠬᠠᠯ ᠳᠤ ᠣᠷᠣᠯᠴᠠᠭᠰᠠᠣᠨ ᠡᠮᠴᠢᠯᠡᠭᠡᠨ ᠤ ᠪᠢᠴᠢᠭ ᠬᠠᠷ᠎ᠠ᠂ ᠠᠨᠠᠭᠠᠬᠤ ᠣᠬᠠᠭᠠᠨ ᠤ ᠭᠡᠷᠡᠴᠢ᠂ ᠨᠢᠭᠲᠠᠯᠠᠨ ᠪᠣᠳᠣᠭᠴᠢ ᠶᠢᠨ ᠭᠡᠷᠡᠴᠢ ᠪᠠᠷᠢᠮᠲᠠ᠂ ᠡᠯᠧᠺᠲᠷᠣᠨ ᠮᠡᠳᠡᠭᠡ ᠵᠠᠩᠭᠢ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ᠂ ᠨᠢᠭᠤᠨ ᠳᠠᠯᠳᠠᠯᠠᠬᠤ᠂ ᠪᠠᠯᠠᠯᠤᠨ ᠵᠠᠰᠠᠬᠤ᠂ ᠦᠭᠡᠶᠢᠰᠬᠡᠬᠦ ᠡᠰᠡᠭᠦᠯ᠎ᠠ ᠡᠮ ᠡᠮᠨᠡᠯᠭᠡ ᠶᠢᠨ ᠦᠢᠯᠡᠴᠢᠯᠡᠭᠡᠨ ᠤ ᠲᠦᠷᠣᠯ ᠵᠦᠢᠯ ᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠮᠠᠶ᠋ᠢᠭ ᠢᠶᠠᠷ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠴᠤ ᠪᠣᠯᠬᠤ ᠦᠭᠡᠢ᠃      ᠠᠷᠪᠠᠨ ᠵᠢᠷᠭᠤᠳᠤᠭᠠᠷ ᠵᠦᠢᠯ  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠡᠣᠨ ᠡᠵᠡᠯᠡᠨ ᠠᠪᠬᠤ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃      ᠠᠷᠪᠠᠨ ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠲᠣᠮᠣ ᠳ᠋ᠠᠶᠢᠲ᠋ᠠ ᠶᠢ ᠴᠠᠭ ᠲᠤᠬᠠᠶ ᠳᠤ ᠨᠢ ᠬᠥᠳᠡᠯᠦᠩᠭᠦᠶ ᠪᠠᠷ ᠣᠶᠤᠨᠴᠢ ᠪᠠᠷ ᠬᠢᠨᠠᠨ ᠡᠵᠡᠮᠳᠡᠭᠦ ᠶᠢ ᠬᠡᠷᠩᠵᠢᠭᠦᠯᠣᠨ᠎ᠡ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠰᠣᠯᠢᠯᠴᠠᠬᠤ ᠪᠠ ᠬᠠᠮᠳᠣ ᠪᠠᠷ ᠭᠥᠷᠳᠡᠬᠦ ᠪᠠᠨ ᠴᠢᠩᠭᠠᠳᠬᠠᠵᠤ᠂ ᠬᠠᠮᠳᠣ ᠪᠠᠷ ᠭᠥᠷᠳᠡᠬᠦ ᠳ᠋ᠠᠶᠢᠲ᠋ᠠ ᠶᠢᠨ ᠠᠮᠣᠷ ᠲᠦᠪᠰᠢᠨ ᠢ ᠦᠨᠡᠨ ᠬᠦ ᠪᠠᠳᠣᠯᠠᠬᠤ ᠬᠡᠷᠩᠳᠠᠢ᠃      ᠠᠷᠪᠠᠨ ᠨᠡᠶᠢᠮᠠᠳᠣᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠲᠦᠭᠰᠢᠭᠦᠷᠢ ᠶᠢ ᠦᠨᠡᠯᠡᠨ ᠵᠢᠱᠢᠬᠦ᠂ ᠢᠯᠡᠴᠢᠯᠡᠨ ᠮᠡᠳᠡᠭᠦᠯᠵᠦ ᠵᠠᠭᠠᠯᠳᠤᠭᠰᠠᠨ ᠰᠦᠪᠡᠭᠴᠢ᠂ ᠡᠮᠴᠢᠯᠡᠭᠡᠨ ᠤ ᠪᠠᠲᠤᠯᠠᠭ᠎ᠠ ᠶᠢᠨ ᠳ᠋ᠠᠶᠢᠲ᠋ᠠ ᠶᠢ ᠬᠢᠨᠠᠨ ᠡᠵᠡᠮᠳᠡᠭᠰᠡᠨ ᠵᠡᠷᠭᠡ ᠪᠠᠶᠢᠳᠠᠯ ᠢᠶᠠᠨ ᠦᠨᠳᠦᠰᠦᠯᠡᠨ᠂ ᠪᠠᠶᠢᠴᠠᠭᠠᠬᠤ ᠭᠤᠣᠯᠳᠠᠯᠭ᠎ᠠ ᠪᠠᠨ ᠲᠣᠭᠲᠠᠭᠠᠵᠤ᠂ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠵᠣ ᠥᠷᠨᠢᠭᠦᠯᠬᠦ ᠬᠡᠷᠡᠭᠲᠡᠶ᠃      ᠠᠷᠪᠠ ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠳᠣᠷᠠᠵᠣ ᠬᠤᠯᠪᠣᠭᠠᠯᠠᠨ ᠪᠠᠶᠢᠴᠠᠭᠠᠬᠤ ᠠᠵᠢᠯ ᠥᠷᠨᠢᠭᠦᠯᠵᠦ ᠪᠣᠯᠤᠨ᠎ᠠ᠃      ᠣᠷᠣᠨ ᠪᠦᠰᠡ ᠠᠯᠤᠰᠯᠠᠭᠰᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠩᠯᠡᠭᠰᠡᠨ ᠦᠢᠯᠨ ᠠᠵᠢᠯᠯᠠᠭ᠎ᠠ ᠳᠤ᠂ ᠬᠠᠮᠲᠤ ᠶᠢᠨ ᠳᠡᠭᠡᠳᠣ ᠨᠢᠭᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠠᠶᠢᠴᠠᠭᠠᠯᠳᠡ ᠬᠢᠭᠦ ᠬᠡᠷᠩᠳᠠᠢ᠃      ᠬᠤᠷᠢᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠯᠲᠠ ᠲᠠᠯᠪᠢᠵᠤ ᠪᠠᠶᠢᠴᠠᠭᠠᠬᠤ ᠶᠢ ᠬᠡᠷᠡᠭᠵᠢᠭᠦᠯᠬᠦ ᠳᠤ ᠳᠣᠣᠷᠠᠬᠢ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄      ︵ᠨᠢᠭᠡ︶ ᠲᠤᠬᠠᠶ ᠶᠢᠨ ᠲᠠᠯᠠᠪᠤᠷ ᠲᠤ ᠪᠠᠶᠢᠴᠠᠭᠠᠬᠤ︔      ︵ᠬᠤᠶᠠᠷ︶ ᠬᠤᠯᠪᠣᠭᠳᠠᠯ ᠪᠦᠬᠦᠢ ᠬᠥᠮᠦᠰ ᠠᠴᠠ ᠯᠠᠪᠯᠬᠤ︔      ︵ᠭᠤᠷᠪᠠ︶ ᠪᠠᠶᠢᠴᠠᠭᠠᠭᠳᠠᠬᠤ ᠡᠲᠡᠭᠡᠳ ᠢ ᠱᠠᠭᠠᠷᠳᠠᠵᠣ ᠪᠠᠶᠢᠭᠠᠣᠨ ᠪᠠᠶᠢᠴᠠᠭᠠᠬᠤ ᠵᠦᠢᠯᠡᠰ ᠲᠠᠢ ᠬᠤᠯᠪᠣᠭᠳᠠᠭᠰᠠᠨ ᠪᠢᠴᠢᠭ ᠮᠠᠲ᠋ᠧᠷᠢᠶᠠᠯ ᠢ ᠬᠠᠩᠭᠠᠯᠭᠠᠬᠤ ᠶᠢᠨ ᠬᠠᠮᠲᠤ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ ᠬᠢᠯᠭᠡᠬᠦ︔      ︵ᠲᠥᠷᠪᠠ︶ ᠲᠡᠮᠳᠡᠭᠯᠡᠬᠦ᠂ ᠲᠡᠭᠤ ᠰᠢᠩᠭᠡᠭᠡᠬᠦ᠂ ᠳᠦᠷᠰᠦ ᠰᠢᠩᠭᠡᠭᠡᠬᠦ᠂ ᠭᠡᠷᠡᠯ ᠵᠢᠷᠤᠭ ᠠᠪᠬᠤ ᠪᠤᠶᠤ ᠪᠠᠭᠤᠯᠭᠠᠨ ᠠᠪᠬᠤ ᠵᠡᠷᠭᠡ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠴᠤᠭᠯᠠᠭᠤᠯᠬᠤ︔      ︵ᠲᠠᠪᠤ︶ ᠰᠢᠯᠵᠢᠭᠦᠯᠬᠦ᠂ ᠨᠢᠭᠤᠬᠤ ᠪᠤᠶᠤ ᠦᠭᠡᠶᠢᠰᠭᠡᠵᠣ ᠬᠠᠶᠠᠵᠣ ᠮᠡᠳᠡᠬᠦ ᠮᠠᠲ᠋ᠧᠷᠢᠶᠠᠯ ᠵᠡᠷᠭᠡ ᠶᠢ ᠪᠢᠲᠡᠭᠦᠮᠵᠢᠯᠡᠨ ᠬᠠᠳᠠᠭᠠᠯᠠᠬᠤ︔      ︵ᠵᠢᠷᠭᠤᠭ᠎ᠠ︶ ᠨᠥᠬᠦᠴᠡᠯ ᠳᠤ ᠨᠡᠶᠢᠴᠡᠬᠦ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠠ ᠲᠤᠰᠬᠠᠢ ᠮᠡᠷᠭᠡᠵᠢᠯ ᠤᠨ ᠠᠵᠢᠯᠳᠠᠨ ᠢ ᠤᠷᠢᠵᠤ ᠪᠠᠶᠢᠴᠠᠭᠠᠯᠲᠠ ᠪᠠᠨ ᠬᠠᠮᠵᠢᠨ ᠥᠷᠨᠢᠭᠦᠯᠬᠦ︔      ︵ᠲᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠠᠷᠭ᠎ᠠ ᠬᠡᠮᠵᠢᠶ᠎ᠡ᠃      ᠬᠤᠷᠢᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠥᠬᠦᠴᠡᠯ ᠳᠤ ᠨᠡᠶᠢᠴᠡᠬᠦ ᠵᠣᠬᠢᠶᠠᠨ ᠪᠠᠶᠢᠭᠤᠯᠤᠯᠲᠠ ᠳᠤ ᠬᠠᠤᠯᠢ ᠶᠣᠰᠣᠭᠠᠷ ᠨᠠᠶᠢᠳᠠᠵᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠥᠷᠨᠢᠭᠦᠯᠵᠦ ᠪᠣᠯᠤᠨ᠎ᠠ᠃      ᠬᠤᠷᠢᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠪᠠᠶᠢᠴᠠᠭᠠᠭᠳᠠᠬᠤ ᠡᠲᠡᠭᠡᠳ ᠨᠢ ᠬᠠᠮᠵᠢᠵᠤ᠂ ᠬᠠᠮᠢᠶ᠎ᠠ ᠪᠥᠬᠦᠢ ᠮᠠᠲ᠋ᠧᠷᠢᠶᠠᠯ ᠪᠠ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠬᠠᠩᠭᠠᠬᠤ ᠬᠡᠷᠡᠭᠲᠡᠶ᠂ ᠪᠠᠶᠢᠴᠠᠭᠠᠬᠤ ᠶᠢ ᠲᠡᠪᠴᠢᠬᠦ᠂ ᠬᠠᠷᠰᠢᠯᠠᠬᠤ ᠪᠤᠶᠤ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠥᠭᠡᠢ ᠪᠠᠶᠢᠵᠤ ᠪᠣᠯᠬᠤ ᠥᠭᠡᠢ᠃      ᠬᠤᠷᠢᠨ ᠭᠤᠷᠪᠠᠳᠤᠭᠠᠷ ᠵᠦᠢᠯ  ᠡᠮᠴᠢᠯᠡᠭᠡᠨ ᠤ ᠪᠠᠲᠤᠯᠠᠭ᠎ᠠ ᠵᠡᠷᠭᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠡᠳᠡᠭᠡᠷ ᠤᠨ ᠠᠵᠢᠯᠲᠠᠨ᠂ ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠣᠡᠭᠡᠭᠦ ᠪᠠᠶᠢᠭᠤᠯᠤᠮᠵᠢ᠂ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠪᠠᠶᠢᠭᠤᠯᠤᠮᠵᠢ ᠵᠢᠴᠢ ᠲᠡᠳᠡᠭᠡᠷ ᠤᠨ ᠠᠵᠢᠯᠳᠡᠣᠨ ᠠᠵᠢᠯ ᠤᠨ ᠳᠤᠮᠳᠠ ᠪᠠᠨ ᠣᠯᠵᠤ ᠮᠡᠳᠡᠭᠰᠡᠨ ᠪᠠᠶᠢᠴᠠᠭᠠᠭᠳᠠᠬᠤ ᠡᠲᠡᠭᠡᠳ ᠤᠨ ᠮᠠᠲ᠋ᠧᠷᠢᠶᠠᠯ ᠪᠤᠶᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢ ᠬᠢᠨᠠᠵᠤ ᠬᠠᠮᠢᠶᠠᠷᠬᠤ ᠠᠴᠠ ᠭᠠᠳᠠᠨᠠᠬᠢ ᠪᠤᠰᠤᠳ ᠵᠣᠷᠢᠯᠭ᠎ᠠ ᠪᠠᠷ ᠬᠡᠷᠡᠭᠯᠡᠵᠦ ᠪᠣᠯᠬᠤ ᠦᠭᠡᠢ᠂ ᠲᠤᠬᠠᠶ ᠶᠢᠨ ᠬᠥᠮᠦᠨ ᠤ ᠬᠤᠪᠢ ᠶᠢᠨ ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠵᠤ ᠥᠭᠡᠷᠡᠲᠦᠭᠦᠯᠵᠦ ᠰᠦᠢᠳᠬᠡᠵᠦ᠂ ᠬᠠᠤᠯᠢ ᠪᠤᠰᠤ ᠪᠠᠷ ᠪᠤᠰᠤᠳ ᠲᠤ ᠬᠠᠩᠭᠠᠨ ᠥᠭᠴᠥ ᠪᠣᠯᠬᠤ ᠦᠭᠡᠢ᠃      ᠬᠤᠷᠢᠨ ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ  ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠣᠨ ᠴᠥᠮ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠭᠦᠨ ᠤ ᠬᠡᠷᠡᠭᠯᠡᠯᠲᠡ ᠶᠢᠨ ᠬᠢᠨᠠᠵᠤ ᠬᠠᠮᠢᠶᠠᠷᠬᠤ ᠶᠠᠪᠤᠴᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ ᠵᠠᠭᠠᠯᠳᠤᠬᠤ ᠡᠷᠬᠡ ᠲᠠᠢ᠃ ᠢᠯᠡᠴᠢᠯᠡᠨ ᠮᠡᠳᠡᠭᠦᠯᠦᠯᠲᠡ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠨᠢᠭᠡᠴᠢ ᠨᠢ ᠴᠠᠭ ᠲᠤᠬᠠᠶ ᠳᠤ ᠨᠢ ᠪᠠᠶᠢᠴᠠᠭᠠᠨ ᠰᠢᠢᠳᠪᠦᠷᠢᠯᠡᠵᠦ᠂ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠮᠡᠳᠡᠭᠦᠯᠦᠭᠴᠢ᠂ ᠵᠠᠭᠠᠯᠳᠤᠭᠴᠢ ᠳᠤ ᠬᠠᠷᠢᠭᠤ ᠲᠤᠰᠬᠠᠬᠤ ᠬᠡᠷᠡᠭᠲᠡᠶ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠦᠨᠡᠨ ᠪᠣᠳᠠᠲᠠᠶ ᠢᠯᠡᠴᠢᠯᠡᠨ ᠮᠡᠳᠡᠭᠦᠯᠦᠭᠰᠡᠨ ᠢ ᠨᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠱᠠᠩᠨᠠᠬᠤ ᠬᠡᠷᠡᠭᠲᠡᠶ᠃      ᠬᠤᠷᠢᠨ ᠵᠢᠷᠭᠤᠳᠤᠭᠠᠷ ᠵᠦᠢᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠲᠥᠷᠢᠮ︾ ᠵᠡᠷᠭᠡ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠰᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠩᠵᠢᠭᠦᠯᠭᠦ ᠬᠡᠷᠩᠳᠠᠢ᠃      ᠬᠤᠷᠢᠨ ᠳᠣᠯᠣᠳᠤᠭᠠᠷ ᠵᠦᠢᠯ  ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠨᠥᠬᠦᠪᠥᠷᠢ᠂ ᠠᠯᠪᠠᠲᠠᠨ ᠤ ᠡᠮᠴᠢᠯᠡᠭᠡᠨ ᠤ ᠨᠥᠬᠦᠪᠥᠷᠢ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠪᠠᠯᠠ ᠮᠦᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠩᠵᠢᠭᠦᠯᠭᠦ       ᠬᠡᠷᠩᠳᠠᠢ᠃      ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠮᠦᠩᠭᠦᠨ ᠤ ᠬᠡᠷᠡᠭᠯᠡᠯᠲᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠩᠵᠢᠭᠦᠯᠭᠦ ᠬᠡᠷᠩᠳᠠᠢ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠲᠣᠰ ᠠᠷᠭ᠎ᠠ ᠶᠢ 2021 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠤᠪᠢᠳᠡᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠳᠡᠳ᠋ ᠡᠷᠬᠢᠯᠡᠭᠴᠢ᠃      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠬᠠᠳᠠᠭᠠᠨ ᠤ ᠥᠪᠥᠷ ᠮᠣᠩᠭᠤᠯ ᠤᠨ ᠶᠡᠷᠦᠩᠬᠡᠢ ᠠᠩᠭᠢ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                        2021 ᠣᠨ ᠤ 6 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ