ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/8/26

      ᠤᠯᠤᠰ ᠤᠨ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 25 ᠤ ᠡᠳᠦᠷ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠤᠲᠠᠰᠤ ᠪᠠᠷ ᠶᠠᠷᠢᠯᠴᠠᠪᠠ᠃
      ᠰᠢ ᠶᠢᠨ ᠫᠢᠩ᠂ ᠡᠨᠡ ᠵᠢᠯ ᠠᠴᠠ ᠨᠠᠭᠠᠰᠢ᠂ ᠳᠤᠮᠳᠠᠳᠤ ᠤᠷᠤᠰ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠲᠣᠭᠲᠠᠭᠰᠠᠨ 20 ᠵᠢᠯ ᠤᠨ ᠤᠢ ᠶᠢ ᠪᠡᠯᠭᠡᠯᠡᠬᠦ ᠪᠠᠷ ᠰᠢᠨ᠎ᠡ ᠭᠠᠷᠤᠭ᠎ᠠ ᠪᠣᠯᠭᠠᠵᠤ᠂ ᠬᠤᠶᠠᠷ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠣᠯᠤᠨ ᠪᠦᠬᠦ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠠᠯᠢ ᠤᠯᠠᠨ ᠰᠢᠨ᠎ᠡ ᠠᠮᠵᠢᠯᠲᠠ ᠤᠯᠬᠤ ᠶᠢ ᠠᠬᠢᠭᠤᠯᠵᠤ᠂ ᠬᠤᠶᠠᠷ ᠤᠯᠤᠰ ᠤᠨ ᠲᠤᠰ ᠲᠤᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠥᠭᠡᠳ ᠳᠡᠯᠡᠬᠡᠢ ᠨᠡᠶᠢᠭᠡᠮ ᠲᠠᠢ ᠪᠦᠯᠬᠦᠮᠳᠡᠨ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠳᠤ ᠭᠤᠣᠯ ᠲᠤᠯᠭᠠᠭᠤᠷᠢ ᠶᠢᠨ ᠦᠢᠯᠡᠳᠦᠯ ᠦᠵᠡᠭᠦᠯᠵᠡᠢ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠴᠤ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠤᠯᠬᠤ ᠪᠠᠷ ᠴᠢᠷᠮᠠᠶᠢᠶ᠎ᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠣᠭᠲᠠᠪᠤᠷᠢ ᠦᠭᠡᠢ᠂ ᠤᠯᠠᠨ ᠤᠯᠤᠰ ᠤᠨ ᠬᠢᠵᠢᠭ ᠲᠠᠢ ᠲᠡᠮᠡᠴᠡᠬᠦ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠂ ᠳᠤᠮᠳᠠᠳᠤ ᠤᠯᠤᠰ ᠳᠤᠷᠠᠲᠠᠶ᠎ᠠ ᠤᠷᠤᠰ ᠯᠤᠭ᠎ᠠ ᠶᠢᠨ ᠸᠠᠺᠼᠢᠨ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠸᠠᠺᠼᠢᠨ ᠤ ᠪᠦᠬᠦ ᠪᠥᠮᠪᠥᠷᠴᠡᠭ ᠤᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠬᠤᠶᠠᠷ ᠤᠯᠤᠰ ᠤᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠳᠤ ᠳᠤᠮᠳᠠᠳᠤ ᠤᠷᠤᠰ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃
      ᠰᠢ ᠶᠢᠨ ᠫᠢᠩ᠂ ᠭᠤᠳᠤᠯ ᠬᠦᠯ ᠳᠤ ᠲᠠᠭᠠᠷᠠᠬᠤ ᠡᠰᠡᠬᠦ ᠶᠢ ᠡᠮᠦᠰᠬᠦ ᠬᠦᠮᠦᠨ ᠯᠡ ᠮᠡᠳᠡᠨ᠎ᠠ᠃ ᠶᠠᠮᠠᠷ ᠪᠠᠶᠢᠭᠤᠯᠤᠯ ᠨᠢ ᠳᠤᠮᠳᠠᠳᠤ ᠤᠷᠤᠰ ᠲᠤ ᠰᠠᠶᠢᠨ ᠪᠠᠶᠢᠬᠤ ᠳᠤᠬᠠᠢ ᠳᠤᠮᠳᠠᠳᠤ ᠤᠷᠤᠰ ᠬᠤᠶᠠᠷ ᠤᠯᠤᠰ ᠤᠨ ᠠᠷᠠᠳ ᠲᠦᠮᠡᠨ ᠬᠠᠮᠤᠭ ᠠᠴᠠ ᠢᠯᠡᠭᠦᠦ ᠦᠭᠡ ᠬᠡᠯᠡᠬᠦ ᠡᠷᠬᠡ ᠲᠠᠢ᠃ ᠳᠤᠮᠳᠠᠳᠤ ᠤᠷᠤᠰ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠪᠣᠯᠤᠭᠰᠠᠨ ᠤ ᠬᠤᠪᠢ ᠳᠤ᠂ ᠭᠠᠷ ᠲᠦᠷᠦᠭᠦ ᠶᠢ ᠡᠰᠡᠷᠭᠦᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ ᠲᠤᠰ ᠤᠨ ᠤᠯᠤᠰ ᠤᠨ ᠢᠶᠠᠨ ᠢᠷᠡᠭᠡᠳᠦᠢ ᠪᠠ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠶ᠎ᠠ᠃ ᠳᠤᠮᠳᠠᠳᠤ ᠤᠯᠤᠰ ᠣᠷᠣᠰ ᠤᠨ ᠬᠢᠨ ᠤ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠣᠷᠣᠰ ᠤᠨ ᠬᠢᠨ ᠤ ᠤᠯᠤᠰ ᠤᠨ ᠡᠷᠬᠡ ᠮᠡᠳᠡᠯ ᠠᠮᠤᠷ ᠲᠦᠪᠰᠢᠨ ᠢᠶᠠᠨ ᠬᠠᠮᠠᠭᠠᠯᠠᠬᠤ ᠶᠢᠨ ᠲᠥᠯᠥᠭᠡ ᠠᠪᠤᠭᠰᠠᠨ ᠠᠷᠭ᠎ᠠ ᠬᠡᠮᠵᠢᠶ᠎ᠡ ᠶᠢ ᠡᠷᠡᠰ ᠳᠡᠮᠵᠢᠨ᠎ᠡ᠃ ᠬᠤᠶᠠᠷ ᠲᠠᠯ᠎ᠠ ᠪᠠᠷ ᠢᠶᠠᠨ ᠡᠨᠡ ᠵᠢᠯ ᠤᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 20 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠦᠷᠢᠯᠳᠦᠬᠦᠨ ᠤᠯᠤᠰ ᠤᠳ ᠲᠠᠢ ᠬᠠᠮᠲᠤ ᠪᠠᠷ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠭᠠᠵᠠᠷ ᠣᠷᠣᠨ ᠤ ᠤᠯᠤᠰ ᠤᠨ ᠠᠮᠤᠷ ᠲᠦᠪᠰᠢᠨ ᠪᠣᠯᠤᠨ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠶ᠎ᠠ ᠬᠡᠵᠥ ᠴᠢᠬᠤᠯᠠᠴᠢᠯᠠᠪᠠ᠃
      ᠬᠤᠶᠠᠷ ᠲᠠᠯ᠎ᠠ ᠪᠠᠷ ᠢᠶᠠᠨ ᠠᠹᠭᠠᠨᠢᠰᠲ᠋ᠠᠨ ᠤ ᠪᠠᠶᠢᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
      ᠰᠢ ᠶᠢᠨ ᠫᠢᠩ᠂ ᠳᠤᠮᠳᠠᠳᠤ ᠤᠯᠤᠰ ᠠᠹᠭᠠᠨᠢᠰᠲ᠋ᠠᠨ ᠤ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠬᠡᠵᠦ᠂ ᠠᠹᠭᠠᠨᠢᠰᠲ᠋ᠠᠨ ᠤ ᠳᠣᠲᠣᠭᠠᠳᠤ ᠵᠠᠰᠠᠭ ᠲᠤ ᠭᠠᠷ ᠲᠦᠷᠦᠭᠦ ᠦᠬᠡᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠤᠯᠤᠰ ᠲᠦᠷᠦ ᠶᠢᠨ ᠠᠷᠭ᠎ᠠ ᠪᠠᠷ ᠠᠹᠭᠠᠨᠢᠰᠲ᠋ᠠᠨ ᠤ ᠠᠰᠠᠭᠤᠳᠠᠯ ᠢ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠭᠰᠡᠭᠡᠷ ᠢᠷᠡᠵᠠᠢ᠃ ᠳᠤᠮᠳᠠᠳᠤ ᠤᠯᠤᠰ ᠳᠤᠷᠠᠲᠠᠶ᠎ᠠ ᠤᠷᠤᠰ ᠢ ᠪᠠᠭᠲᠠᠭᠠᠭᠰᠠᠨ ᠳᠡᠯᠡᠬᠡᠢ ᠨᠡᠶᠢᠭᠡᠮ ᠤᠨ ᠡᠯ᠎ᠡ ᠲᠠᠯ᠎ᠠ ᠶᠢᠨ ᠬᠢᠨ ᠲᠠᠢ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠹᠭᠠᠨᠢᠰᠲ᠋ᠠᠨ ᠤ ᠡᠯ᠎ᠡ ᠪᠦᠯᠦᠭ ᠤᠨ ᠨᠡᠭᠡᠭᠡᠯᠲᠡᠲᠡᠢ ᠪᠠᠭᠲᠠᠭᠠᠮᠵᠢᠲᠠᠢ ᠤᠯᠤᠰ ᠲᠦᠷᠦ ᠶᠢᠨ ᠪᠣᠷᠣ ᠲᠥᠯᠥᠪ ᠢ ᠵᠥᠪᠳᠡᠯᠴᠡᠨ ᠪᠠᠶᠢᠭᠤᠯᠵᠤ᠂ ᠡᠶᠡᠯᠳᠡᠭ ᠲᠣᠭᠲᠠᠭᠤᠨ ᠪᠦᠬᠦᠢ ᠳᠣᠲᠣᠭᠠᠳᠤ ᠭᠠᠳᠠᠭᠠᠳᠤ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠲᠦᠷᠦᠯ ᠤᠨ ᠰᠦᠷᠳᠡᠭᠦᠯᠦᠯ ᠤᠨ ᠵᠣᠬᠢᠶᠠᠨ ᠪᠠᠶᠢᠭᠤᠯᠤᠯᠲᠠ ᠲᠠᠢ ᠲᠦᠢᠯᠪᠤᠷᠢᠲᠠᠢ ᠬᠠᠷᠢᠯᠴᠠᠭ᠎ᠠ ᠳᠠᠰᠤᠷᠠᠵᠥ᠂ ᠳᠡᠯᠡᠬᠡᠢ ᠶᠢᠨ ᠡᠯ᠎ᠡ ᠤᠯᠤᠰ ᠢᠯᠠᠩᠭᠤᠶ᠎ᠠ ᠡᠷᠬᠢᠨ ᠲᠣᠭᠤᠷᠢᠨ ᠤ ᠤᠯᠤᠰ ᠯᠤᠭ᠎ᠠ ᠨᠥᠬᠦᠷᠰᠡᠭ ᠢᠶᠠᠷ ᠶᠠᠪᠤᠯᠴᠠᠬᠤ ᠶᠢ ᠵᠤᠷᠢᠬᠵᠢᠭᠤᠯᠤᠨ᠎ᠠ ᠬᠡᠵᠥ ᠴᠢᠬᠤᠯᠠᠴᠢᠯᠠᠪᠠ᠃
      ᠫᠦᠲ᠋ᠢᠨ᠂ ᠤᠷᠤᠰ ᠤᠨ ᠬᠢᠨ ᠤᠷᠤᠰ ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠳᠤ ᠰᠡᠳᠬᠢᠯ ᠬᠠᠨᠤᠮᠵᠢᠲᠠᠢ ᠪᠠᠶᠢᠨ᠎ᠠ᠃ ᠡᠨᠡ ᠵᠢᠯ ᠪᠣᠯ ︽ᠤᠷᠤᠰ ᠳᠤᠮᠳᠠᠳᠤ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠲᠣᠭᠲᠠᠭᠰᠠᠨ 20 ᠵᠢᠯ ᠤᠨ ᠤᠢ ᠪᠣᠯᠤᠨ᠎ᠠ᠂ ᠤᠷᠤᠰ ᠳᠤᠮᠳᠠᠳᠤ ᠶᠢᠨ ᠬᠠᠷᠢᠯᠴᠠᠭ᠎ᠠ ᠳᠤ ᠣᠨᠴᠠᠭᠠᠢ ᠠᠴᠢ ᠬᠤᠯᠪᠣᠭᠳᠠᠯ ᠲᠠᠢ ᠶᠤᠮ᠃ 76 ᠵᠢᠯ ᠤᠨ ᠡᠮᠦᠨ᠎ᠡ᠂ ᠤᠷᠤᠰ ᠳᠤᠮᠳᠠᠳᠤ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠤᠯᠬᠤ ᠶᠢᠨ ᠲᠥᠯᠥᠭᠡ ᠯᠤᠲᠤ ᠶᠡᠭᠡ ᠦᠨᠳᠦᠰᠦᠲᠡᠨ ᠤ ᠦᠷᠡᠭᠳᠡᠯ ᠭᠠᠷᠭᠠᠵᠤ᠂ ᠰᠢᠢᠳᠪᠦᠷᠢᠯᠡᠬᠦ ᠴᠢᠨᠠᠷᠲᠠᠢ ᠬᠤᠪᠢ ᠨᠡᠮᠡᠷᠢ ᠦᠵᠡᠭᠦᠯᠪᠡ᠃ ᠣᠳᠣᠬᠠᠨ ᠤ ᠪᠠᠶᠢᠳᠠᠯ ᠳᠣᠣᠷ᠎ᠠ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠡᠷᠡᠰ ᠲᠡᠮᠵᠢᠵᠤ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠲᠡᠦᠬᠡ ᠶᠢᠨ ᠦᠨᠡᠨ ᠢ ᠬᠠᠮᠠᠭᠠᠯᠠᠪᠠᠯ ᠵᠣᠬᠢᠨ᠎ᠠ᠃ ᠤᠷᠤᠰ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠲᠤᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠲᠠᠶᠢᠸᠠᠨ ᠲᠠᠢ ᠬᠤᠯᠪᠣᠭᠳᠠᠭᠰᠠᠨ᠂ ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ ᠪᠠ ᠡᠮᠦᠨᠡᠲᠦ ᠲᠠᠩᠭᠢᠰ ᠵᠡᠷᠭᠡ ᠠᠰᠠᠭᠤᠳᠠᠯ ᠳᠡᠭᠡᠷ᠎ᠡ ᠲᠤᠰ ᠪᠡᠶ᠎ᠡ ᠶᠢᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠵᠦᠢ ᠶᠣᠰᠣᠨ ᠤ ᠵᠣᠭᠰᠣᠯᠲᠠ ᠶᠢ ᠡᠷᠡᠰ ᠲᠡᠮᠵᠢᠵᠦ᠂ ᠶᠠᠮᠠᠷᠪᠠ ᠭᠠᠳᠠᠭᠠᠳᠤ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠵᠠᠰᠠᠬ ᠲᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠰᠢᠨ᠎ᠡ ᠲᠢᠲᠢᠮᠯᠢᠭ ᠸᠢᠷᠦ᠋ᠰ ᠤᠨ ᠡᠬᠢ ᠢᠷᠡᠯᠳᠡ ᠶᠢ ᠤᠯᠤᠰ ᠲᠦᠷᠦᠴᠢᠯᠡᠬᠦ ᠶᠢ ᠡᠰᠡᠷᠭᠦᠴᠡᠨ᠎ᠡ᠂ ᠳᠤᠮᠳᠠᠳᠤ ᠤᠯᠤᠰ ᠯᠤᠭ᠎ᠠ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ ᠬᠡᠵᠥ ᠢᠯᠡᠳᠬᠡᠪᠡ᠃
      ᠫᠦᠲ᠋ᠢᠨ᠂ ᠣᠳᠣᠬᠠᠨ ᠤ ᠠᠹᠭᠠᠨᠢᠰᠲ᠋ᠠᠨ ᠤ ᠪᠠᠶᠢᠳᠠᠯ ᠤᠨ ᠬᠤᠪᠢᠷᠠᠯᠲᠠ ᠨᠢ ᠭᠠᠳᠠᠭᠠᠳᠤ ᠶᠢᠨ ᠬᠦᠴᠦᠨ ᠲᠡᠬᠦᠨ ᠤ ᠤᠯᠤᠰ ᠲᠥᠷᠥ ᠶᠢᠨ ᠵᠠᠭᠪᠤᠷ ᠢᠶᠠᠨ ᠠᠯᠪᠠᠳᠠᠯᠭ᠎ᠠ ᠪᠠᠷ ᠬᠡᠷᠡᠭᠵᠢᠭᠦᠯᠬᠦ ᠲᠥᠷᠥ ᠶᠢᠨ ᠪᠣᠳᠣᠯᠭ᠎ᠠ ᠪᠣᠯ ᠶᠠᠪᠤᠭᠳᠠᠵᠤ ᠴᠢᠳᠠᠬᠤ ᠦᠭᠡᠶ᠂ ᠬᠤᠯᠪᠣᠭᠳᠠᠯ ᠪᠦᠬᠦᠢ ᠤᠯᠤᠰ ᠲᠤ ᠡᠪᠳᠡᠯᠡᠭᠡ ᠪᠠ ᠭᠠᠶ ᠭᠠᠮᠰᠢᠭ ᠡᠬᠦᠰᠬᠡᠬᠦ ᠯᠡ ᠳᠡᠳᠤᠢ ᠬᠡᠰᠡᠨ ᠢ ᠢᠯᠡᠷᠡᠬᠦᠯᠪᠡ᠃ ᠠᠹᠭᠠᠨᠢᠰᠲ᠋ᠠᠨ ᠤ ᠠᠰᠠᠭᠤᠳᠠᠯ ᠳᠡᠭᠡᠷ᠎ᠡ ᠤᠷᠤᠰ ᠳᠤᠮᠳᠠᠳᠤ ᠤᠯᠤᠰ ᠤᠨ ᠬᠢᠨ ᠠᠳᠠᠯᠢᠪᠲᠤᠷ ᠵᠣᠭᠰᠣᠯᠲᠠ ᠪᠠ ᠬᠠᠮᠲᠤ ᠶᠢᠨ ᠠᠰᠢᠭ ᠲᠤᠰᠠ ᠲᠠᠢ ᠶᠤᠮ᠂ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠤᠯᠴᠠᠭ᠎ᠠ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠠᠹᠭᠠᠨᠢᠰᠲ᠋ᠠᠨ ᠤ ᠠᠰᠠᠭᠤᠳᠠᠯ ᠳᠤ ᠬᠤᠯᠪᠣᠭᠳᠠᠬᠰᠠᠨ ᠤᠯᠠᠨ ᠲᠠᠯᠠᠲᠤ ᠲᠣᠭᠲᠠᠴᠠ ᠳᠤ ᠢᠳᠡᠪᠬᠢᠲᠡᠢ ᠣᠷᠣᠯᠴᠠᠵᠤ᠂ ᠠᠹᠭᠠᠨᠢᠰᠲ᠋ᠠᠨ ᠤ ᠪᠠᠶᠢᠳᠠᠯ ᠤᠨ ᠲᠣᠭᠲᠠᠭᠤᠨ ᠢᠶᠠᠷ ᠰᠢᠯᠵᠢᠬᠦ ᠶᠢ ᠠᠬᠢᠭᠤᠯᠵᠤ᠂ ᠰᠦᠷᠳᠡᠭᠦᠯᠬᠦ ᠦᠵᠡᠯ ᠳᠤ ᠴᠣᠬᠢᠯᠲᠠ ᠥᠭᠴᠦ᠂ ᠬᠤᠣᠷᠠᠲᠤ ᠡᠳ᠋ ᠢ ᠨᠢᠭᠤᠴᠠ ᠪᠠᠷ ᠠᠷᠠᠯᠵᠢᠶᠠᠯᠠᠬᠤ ᠶᠢ ᠬᠤᠷᠢᠬᠯᠠᠵᠤ᠂ ᠠᠹᠭᠠᠨᠢᠰᠲ᠋ᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠦᠷᠬᠡᠵᠢᠵᠥ ᠳᠡᠯᠬᠡᠷᠡᠬᠦ ᠶᠢ ᠰᠡᠷᠭᠡᠶᠢᠯᠡᠵᠦ᠂ ᠭᠠᠳᠠᠭᠠᠳᠤ ᠶᠢᠨ ᠬᠦᠴᠦᠨ ᠤ ᠭᠠᠷ ᠲᠦᠷᠦᠵᠥ ᠡᠪᠳᠡᠯᠡᠭᠡ ᠬᠢᠬᠦ ᠶᠢ ᠡᠰᠡᠷᠭᠦᠴᠡᠵᠦ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃
      ᠬᠤᠶᠠᠷ ᠲᠠᠯ᠎ᠠ ᠪᠠᠷ ᠢᠶᠠᠨ᠂ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠨᠠᠷᠢᠨ ᠪᠤᠳᠤᠯᠢᠶᠠᠨᠲᠠᠢ ᠬᠤᠪᠢᠷᠠᠯᠲᠠ ᠭᠠᠷᠴᠤ ᠪᠠᠶᠢᠨ᠎ᠠ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠴᠠᠭ ᠲᠤᠬᠠᠢ ᠳᠤᠨᠢ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠤᠯᠤᠯᠴᠠᠭ᠎ᠠ ᠪᠠᠨ ᠪᠠᠲᠤᠯᠠᠬᠤ ᠨᠢ ᠲᠦᠢᠯ ᠤᠨ ᠴᠢᠬᠤᠯᠠ ᠪᠥᠭᠡᠳ ᠴᠢᠬᠤᠯᠠᠲᠠᠢ ᠭᠡᠵᠦ ᠰᠠᠨᠠᠯ ᠨᠢᠭᠡᠲᠡᠢ ᠦᠵᠡᠵᠦ᠂ ᠦᠷᠭᠦᠯᠵᠢᠯᠡᠨ ᠡᠯ᠎ᠡ ᠵᠦᠢᠯ ᠤᠨ ᠠᠷᠭ᠎ᠠ ᠬᠡᠯᠪᠡᠷᠢ ᠪᠠᠷ ᠨᠢᠭᠲᠠ ᠶᠠᠪᠤᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ