ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠡᠳ᠋ ᠤᠨ ᠵᠠᠰᠠᠭ ᠪᠠ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠵᠡᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/8/26

      ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠡᠳ᠋ ᠤᠨ ᠵᠠᠰᠠᠭ ᠪᠠ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ
      ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠪᠣᠯᠤᠨ ︽ᠳᠤᠮᠳᠠᠳᠤ ᠤᠯᠤᠰ ᠤᠨ ᠪᠠᠭᠠᠴᠤᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠶᠢ ᠬᠢᠨᠠᠨ ᠵᠥᠪᠯᠡᠵᠦ ᠪᠠᠲᠤᠯᠠᠪᠠ


      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 8 ᠳ᠋ᠤᠭᠠᠷ ᠰᠠᠷ᠎ᠠ ᠶᠢᠨ 25 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠡᠳ᠋ ᠤᠨ ᠵᠠᠰᠠᠭ ᠪᠠ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ︔ ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠪᠣᠯᠤᠨ ︽ᠳᠤᠮᠳᠠᠳᠤ ᠤᠯᠤᠰ ᠤᠨ ᠪᠠᠭᠠᠴᠤᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠶᠢ ᠬᠢᠨᠠᠨ ᠵᠥᠪᠯᠡᠵᠦ ᠪᠠᠲᠤᠯᠠᠪᠠ᠃
      ᠬᠤᠷᠠᠯ ᠠᠴᠠ ᠵᠢᠭᠠᠬᠤ ᠳᠤ ᠪᠠᠨ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠪᠣᠯ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠮᠥᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠡᠳ᠋ ᠤᠨ ᠵᠠᠰᠠᠭ ᠪᠠ ᠭᠠᠶᠢᠯᠢ ᠲᠠᠲᠠᠪᠤᠷᠢ ᠵᠡᠷᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠪᠠ ᠤᠯᠠᠨ ᠡᠰᠢᠴᠢᠯᠡᠭᠰᠡᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠲᠦᠪᠯᠡᠷᠡᠭᠦᠯᠦᠨ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡ ᠳᠤ᠂ ᠮᠥᠷᠡᠨ ᠳᠠᠭᠠᠤ ᠮᠤᠵᠢ ᠬᠤᠳᠠ ᠶᠢᠨ ᠠᠮᠢ ᠠᠬᠤᠶ ᠶᠢᠨ ᠬᠠᠮᠠᠭᠠᠯᠠᠯᠲᠠ ᠶᠢ ᠳᠡᠮᠵᠢᠬᠦ ᠬᠡᠷᠡᠭᠲᠡᠢ᠃ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠳᠤ ᠰᠢᠯᠵᠢᠭᠦᠯᠦᠨ ᠥᠭᠬᠦ ᠵᠠᠷᠤᠯᠭ᠎ᠠ ᠶᠢ ᠨᠡᠮᠡᠭᠳᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠤᠨ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢᠨ ᠣᠷᠣᠭᠤᠯᠤᠯᠲᠠ ᠶᠢ ᠴᠢᠩᠭᠠᠳᠬᠠᠵᠤ᠂ ᠬᠤᠳᠠ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠣᠣᠷᠵᠢᠯ ᠢ ᠥᠭᠡᠷᠡᠴᠢᠯᠡᠬᠦ ᠪᠠ ᠰᠢᠢᠳᠪᠦᠷᠢᠯᠡᠬᠦ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠱᠠᠩᠨᠠᠨ ᠬᠥᠬᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠮᠥᠩᠭᠦ ᠶᠢ ᠬᠥᠬᠡᠮᠥ᠋ᠷᠡᠨ ᠤ ᠠᠵᠤ ᠠᠬᠤᠶ ᠶᠢᠨ ᠪᠦᠰᠡ ᠳᠤ ᠭᠤᠣᠯᠳᠠᠯᠭ᠎ᠠ ᠲᠠᠢ ᠪᠠᠭᠤᠯᠭᠠᠬᠤ ᠬᠡᠷᠡᠭᠲᠡᠢ᠃ ᠣᠷᠣᠨ ᠨᠤᠲᠤᠭ ᠢ ᠬᠥᠲᠥᠯᠥᠨ ᠵᠢᠯᠣᠭᠤᠳᠴᠤ ᠪᠠᠶᠢᠭᠠᠳ ᠠᠮᠢ ᠠᠬᠤᠶ ᠶᠢ ᠬᠥᠨᠳᠡᠯᠡᠨ ᠴᠢᠭᠯᠡᠯ ᠢᠶᠠᠷ ᠨᠥᠬᠦᠪᠥᠷᠢᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠥᠬᠡᠮᠥ᠋ᠷᠡᠨ ᠤ ᠠᠷᠪᠠᠨ ᠵᠢᠯ ᠳᠤ ᠵᠢᠭᠠᠰᠤ ᠠᠩᠨᠠᠬᠤ ᠶᠢ ᠴᠠᠭᠠᠵᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠤᠰᠤᠨ ᠣᠷᠣᠨ ᠳᠤ ᠵᠢᠭᠠᠰᠤ ᠠᠩᠨᠠᠬᠤ ᠶᠢ ᠴᠠᠭᠠᠵᠠᠯᠠᠬᠤ ᠪᠠ ᠠᠩᠨᠠᠬᠤ ᠶᠢ ᠵᠣᠭᠰᠣᠭᠠᠭᠰᠠᠨ ᠵᠢᠭᠠᠰᠤᠴᠢᠨ ᠢ ᠲᠦᠪᠬᠢᠨᠡᠭᠦᠯᠦᠨ ᠪᠠᠲᠤᠯᠠᠬᠤ ᠶᠢ ᠳᠡᠮᠵᠢᠬᠦ ᠬᠡᠷᠡᠭᠲᠡᠢ᠃ ᠬᠤᠶᠠᠷ ᠲᠤ᠂ ᠬᠥᠬᠡᠮᠥ᠋ᠷᠡᠨ ᠤ ᠰᠢᠵᠢᠷ ᠠᠯᠳᠠᠨ ᠤᠰᠤᠨ ᠵᠠᠮ ᠤᠨ ᠴᠢᠳᠠᠮᠵᠢ ᠶᠢ ᠳᠡᠭᠡᠭᠰᠢᠯᠡᠭᠦᠯᠬᠦ ᠶᠢ ᠲᠡᠮᠵᠢᠵᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠤᠰᠤᠨ ᠵᠠᠮ ᠤᠨ ᠲᠡᠭᠡᠭᠡᠪᠦᠷᠢ ᠶᠢᠨ ᠡᠨᠧᠷᠭᠢ ᠶᠢᠨ ᠬᠤᠷᠣᠭᠳᠠᠭᠤᠯᠤᠯ ᠪᠠ ᠥᠪᠡᠷ ᠤᠨ ᠦᠷᠳᠡᠭ ᠳᠣᠣᠷ᠎ᠠ ᠪᠠᠶᠢᠬᠤ ᠳᠠᠪᠠᠭᠤᠯᠢᠭ ᠢ ᠨᠡᠩ ᠰᠠᠶᠢᠲᠤᠷ ᠪᠠᠳᠠᠷᠠᠭᠤᠯᠬᠤ ᠠᠴᠠ ᠡᠭᠦᠰᠦᠨ᠂ ᠴᠢᠬᠤᠯᠠ ᠶᠡᠭᠡ ᠠᠶᠠᠯᠠᠯ ᠤᠨ ᠵᠠᠮ ᠢ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ ᠬᠥᠬᠡᠮᠥ᠋ᠷᠡᠨ ᠤ ᠭᠤᠣᠯ ᠱᠤᠭᠤᠮ ᠤᠨ ᠤᠰᠤᠨ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ ᠴᠢᠩᠭᠠᠷᠠᠭᠤᠯᠵᠤ᠂ ᠰᠠᠯᠪᠤᠷᠢ ᠤᠷᠤᠰᠬᠠᠯ ᠤᠨ ᠤᠰᠤᠨ ᠵᠠᠮ ᠤᠨ ᠵᠡᠷᠭᠡ ᠳᠡᠰ ᠢ ᠳᠡᠭᠡᠭᠰᠢᠯᠡᠭᠦᠯᠬᠦ ᠬᠡᠷᠡᠭᠲᠡᠢ᠃ ᠮᠥᠷᠡᠨ ᠳᠠᠭᠠᠤ ᠲᠡᠮᠦᠷ ᠵᠠᠮ᠂ ᠭᠤᠣᠯ ᠱᠤᠭᠤᠮ ᠤᠨ ᠵᠠᠰᠠᠮᠠᠯ ᠵᠠᠮ᠂ ᠨᠢᠰᠬᠡᠯ ᠤᠨ ᠪᠠᠭᠤᠳᠠᠯ ᠵᠡᠷᠭᠡ ᠶᠢ ᠪᠦᠲᠦᠭᠡᠨ ᠪᠠᠶᠢᠭᠤᠯᠬᠤ ᠶᠢ ᠳᠡᠮᠵᠢᠬᠦ ᠬᠡᠷᠡᠭᠲᠡᠢ᠃ ᠤᠰᠤᠨ ᠴᠥᠭᠦᠷᠥᠮ᠂ ᠤᠰᠤ ᠲᠠᠲᠠᠬᠤ ᠪᠠ ᠤᠰᠤ ᠲᠣᠬᠢᠷᠠᠭᠤᠯᠬᠤ ᠪᠠᠷᠢᠯᠭ᠎ᠠ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠵᠡᠷᠭᠡ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠳᠤᠮᠳᠠ ᠵᠢᠵᠢᠭ ᠭᠤᠣᠯ ᠮᠥᠷᠡᠨ ᠢ ᠵᠠᠰᠠᠬᠤ ᠪᠠ ᠳᠡᠭᠡᠳᠦ ᠳᠤᠮᠳᠠ ᠤᠷᠤᠰᠬᠠᠯ ᠤᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠪᠴᠢᠯᠡᠨ ᠠᠬᠢᠭᠤᠯᠬᠤ ᠬᠡᠷᠡᠭᠲᠡᠢ᠃ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠭᠰᠢᠨ ᠴᠡᠪᠡᠷᠯᠡᠬᠦ᠂ ᠦᠢᠯᠡᠳᠬᠡᠯ ᠤᠨ ᠦᠢᠯᠡᠰ ᠢ ᠣᠶᠤᠨᠴᠢ ᠪᠠ ᠪᠣᠬᠢᠷᠲᠤᠯ ᠦᠭᠡᠢ ᠬᠡᠯᠪᠡᠷᠢ ᠲᠡᠶᠢᠰᠢ ᠬᠤᠪᠢᠷᠠᠭᠤᠯᠬᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠨᠡᠭᠡᠭᠡᠯᠲᠡᠲᠦ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠮᠥᠷᠡᠨ ᠳᠠᠭᠠᠤ ᠮᠤᠵᠢ ᠬᠤᠳᠠ ᠶᠢᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠲᠡᠮᠵᠢᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠪᠦᠳᠦᠭᠡᠨ ᠪᠠᠶᠢᠭᠤᠯᠬᠤ ᠬᠡᠷᠡᠭᠲᠡᠢ᠃ ᠡᠬᠢᠯᠡᠵᠦ ᠲᠡᠭᠡᠭᠡᠪᠦᠷᠢᠯᠡᠬᠦ ᠭᠠᠷᠠᠮ ᠤᠨ ᠭᠠᠶᠢᠯᠢ ᠶᠢ ᠪᠤᠴᠠᠭᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠳᠤᠮᠳᠠ ᠵᠢᠵᠢᠭ ᠠᠵᠤ ᠠᠬᠤᠶᠢᠯᠠᠯ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠲᠡᠮᠵᠢᠵᠤ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃
      ᠬᠤᠷᠠᠯ ᠠᠴᠠ ᠵᠢᠭᠠᠬᠤ ᠳᠤ ᠪᠠᠨ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢᠨ ᠬᠡᠮᠵᠢᠶ᠎ᠡ ᠪᠣᠯ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠪᠠᠷᠢᠮᠵᠢᠶᠠᠯᠠᠬᠤ ᠴᠢᠬᠤᠯᠠ ᠪᠡᠯᠭᠡ ᠲᠡᠮᠳᠡᠭ ᠮᠥᠨ᠃ ᠪᠠᠭᠠᠴᠤᠳ ᠬᠡᠦᠬᠡᠳ ᠪᠣᠯ ᠤᠯᠤᠰ ᠣᠷᠣᠨ ᠤ ᠢᠷᠡᠭᠡᠳᠦᠶ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠤᠢᠢᠷ᠎ᠠ ᠶᠢᠨ ᠵᠢᠯ ᠤᠳ ᠠᠴᠠ ᠨᠠᠭᠠᠰᠢ᠂ ᠮᠠᠨ ᠤ ᠤᠯᠤᠰ ᠤᠨ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠢᠯᠡᠳᠲᠡ ᠠᠮᠵᠢᠯᠲᠠ ᠤᠯᠪᠠ ᠭᠡᠵᠡᠢ᠃ ᠬᠤᠷᠠᠯ ᠠᠴᠠ ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠪᠣᠯᠤᠨ ︽ᠳᠤᠮᠳᠠᠳᠤ ᠤᠯᠤᠰ ᠤᠨ ᠪᠠᠭᠠᠴᠤᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶︾ ᠶᠢ ᠪᠠᠲᠤᠯᠠᠪᠠ᠃ ᠬᠤᠶᠠᠷ ᠬᠥᠲᠥᠯᠪᠦᠷᠢ ᠨᠢ ᠡᠷᠡᠭᠦᠯ ᠮᠡᠨᠳᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠪᠠ ᠠᠰᠠᠷᠠᠮᠵᠢ᠂ ᠭᠡᠷ ᠪᠦᠯᠢ᠂ ᠣᠷᠴᠢᠨ ᠨᠥᠬᠦᠴᠡᠯ᠂ ᠬᠠᠤᠯᠢ ᠴᠠᠭᠠᠵᠠ ᠵᠡᠷᠭᠡ ᠬᠦᠷᠢᠶᠡᠨ ᠤ ᠲᠣᠭᠤᠷᠢᠨ ᠳᠤ ᠬᠠᠷᠠᠯᠲᠠ ᠪᠠ ᠠᠷᠭ᠎ᠠ ᠬᠡᠮᠵᠢᠶ᠎ᠡ ᠶᠢ ᠳᠤᠷᠠᠳᠴᠤ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠡᠮᠡᠭᠲᠡᠶᠢᠴᠦᠳ ᠤᠨ ᠰᠤᠷᠭᠠᠨ ᠬᠥᠮᠦᠵᠢᠯ ᠬᠦᠷᠲᠡᠬᠦ᠂ ᠠᠵᠢᠯ ᠣᠯᠵᠤ ᠦᠢᠯᠡᠰ ᠴᠣᠭᠴᠠᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠣᠯᠴᠠᠬᠤ ᠵᠡᠷᠭᠡ ᠡᠷᠬᠡ ᠠᠰᠢᠭ ᠢ ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠵᠤ᠂ ᠡᠷᠡᠭᠲᠡᠶ ᠡᠮᠡᠭᠲᠡᠶ ᠶᠢᠨ ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠣᠯᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ ᠪᠦᠯᠢ ᠪᠣᠯᠤᠨ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠳᠡᠮᠵᠢᠬᠦ ᠤᠯᠠᠨ ᠨᠡᠶᠢᠲᠡ ᠶᠢᠨ ᠦᠢᠯᠡᠴᠢᠯᠡᠭᠡ ᠶᠢ ᠥᠷᠭᠡᠳᠬᠡᠵᠦ᠂ ᠡᠮᠡᠭᠲᠡᠶᠢᠴᠦᠳ ᠤᠨ ᠣᠨᠴᠠᠭᠠᠶ ᠬᠡᠷᠡᠭᠴᠡᠭᠡ ᠳᠤ ᠴᠢᠭᠯᠡᠭᠦᠯᠦᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠦᠴᠢᠷᠳᠡᠯᠲᠡᠶ ᠡᠮᠡᠭᠲᠡᠶᠢᠴᠦᠳ ᠲᠤ ᠦᠵᠡᠭᠦᠯᠬᠦ ᠦᠨᠳᠦᠰᠦᠨ ᠪᠠᠲᠤᠯᠠᠭ᠎ᠠ ᠪᠠ ᠬᠠᠯᠠᠮᠵᠢᠯᠠᠨ ᠬᠠᠷᠠᠭᠠᠯᠵᠠᠬᠤ ᠦᠢᠯᠡᠴᠢᠯᠡᠭᠡ ᠶᠢ ᠴᠢᠩᠭᠠᠳᠬᠠᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠠᠤᠯᠢ ᠴᠠᠭᠠᠵᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ︔ ᠪᠠᠭᠠᠴᠤᠳ ᠬᠡᠦᠬᠡᠳ ᠢ ᠤᠷᠢᠳ ᠢᠶᠠᠷ ᠪᠣᠳᠣᠯᠬᠢᠯᠠᠬᠤ ᠵᠠᠷᠴᠢᠮ ᠢ ᠪᠠᠷᠢᠮᠲᠠᠯᠠᠵᠤ᠂ ᠭᠡᠷ ᠪᠦᠯᠢ᠂ ᠰᠤᠷᠭᠠᠭᠤᠯᠢ᠂ ᠨᠡᠶᠢᠭᠡᠮ ᠪᠣᠯᠤᠨ ᠲᠣᠣᠷ ᠰᠦᠯᠵᠢᠶ᠎ᠡ ᠠᠴᠠ ᠬᠡᠦᠬᠡᠳ ᠢ ᠪᠦᠬᠦ ᠲᠠᠯ᠎ᠠ ᠪᠠᠷ ᠬᠠᠮᠠᠭᠠᠯᠠᠬᠤ ᠶᠢ ᠨᠡᠩ ᠴᠢᠬᠤᠯᠠᠴᠢᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠬᠡᠤᠬᠡᠳ ᠤᠨ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠠᠵᠢᠯ ᠬᠥᠳᠡᠯᠮᠦᠷᠢ ᠵᠡᠷᠭᠡ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠪᠠᠭᠠᠴᠤᠳ ᠬᠡᠤᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠡᠤᠬᠡᠳ ᠤᠨ ᠢᠳᠡᠭᠡᠨ ᠤ ᠵᠦᠢᠯ ᠪᠠ ᠬᠡᠷᠡᠭᠯᠡᠭᠡᠨ ᠤ ᠵᠦᠢᠯ ᠤᠨ ᠠᠮᠤᠷ ᠲᠦᠪᠰᠢᠨ ᠢ ᠪᠠᠲᠤᠯᠠᠨ᠂ ᠥᠨᠥᠴᠢᠨ ᠬᠡᠤᠬᠡᠳ ᠪᠠ ᠦᠨᠡᠨ ᠬᠦ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ᠂ ᠵᠡᠷᠡᠮᠳᠡᠭ ᠬᠡᠤᠬᠡᠳ᠂ ᠲᠡᠨᠦᠭᠦᠯ ᠬᠡᠤᠬᠡᠳ ᠤᠨ ᠣᠷᠣᠰᠢᠨ ᠲᠣᠭᠲᠠᠨᠢᠬᠤ᠂ ᠬᠥᠭᠵᠢᠬᠦ ᠪᠠ ᠠᠮᠤᠷ ᠲᠦᠪᠰᠢᠨ ᠤ ᠡᠷᠬᠡ ᠠᠰᠢᠭ ᠢ ᠪᠠᠲᠤᠯᠠᠵᠤ᠂ ᠬᠡᠷ ᠲᠤ ᠪᠠᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠮᠠᠭᠠᠯᠠᠬᠤ ᠶᠢ ᠴᠢᠩᠭᠠᠳᠬᠠᠨ᠂ ᠰᠤᠷᠤᠭᠴᠢᠳ ᠤᠨ ᠳᠠᠷᠤᠯᠠᠯ ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ ᠪᠠ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ ᠭᠡᠵᠡᠢ᠃ ᠬᠤᠶᠠᠷ ᠬᠥᠲᠥᠯᠪᠦᠷᠢ ᠳᠤ᠂ ᠭᠤᠷᠪᠠᠨ ᠬᠡᠤᠬᠡᠳ ᠠᠪᠬᠤ ᠲᠥᠷᠥ ᠶᠢᠨ ᠪᠣᠳᠣᠯᠭ᠎ᠠ ᠶᠢᠨ ᠢᠵᠢ ᠪᠥᠷᠢᠳᠦᠭᠦᠯᠦᠭᠰᠡᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠥᠩᠭᠡᠵᠢᠯ ᠤᠨ ᠠᠮᠠᠷᠠᠯᠲᠠ ᠶᠢᠨ ᠲᠦᠷᠢᠮ ᠪᠠ ᠬᠥᠩᠭᠡᠵᠢᠯ ᠤᠨ ᠨᠥᠬᠦᠪᠥᠷᠢ ᠶᠢ ᠨᠠᠶᠢᠳᠠᠪᠤᠷᠢᠵᠢᠭᠤᠯᠤᠨ᠂ ᠡᠴᠢᠭᠡ ᠡᠬᠡ ᠶᠢᠨ ᠬᠡᠤᠬᠡᠳ ᠢᠶᠠᠨ ᠠᠰᠠᠷᠠᠨ ᠪᠤᠶᠢᠵᠢᠭᠤᠯᠬᠤ ᠴᠢᠯᠥᠭᠡ ᠶᠢ ᠰᠦᠪᠡᠭᠴᠢᠯᠡᠨ ᠬᠡᠷᠡᠭᠵᠢᠭᠦᠯᠵᠦ᠂ ᠨᠡᠶᠢᠭᠡᠮ ᠲᠣᠭᠤᠷᠢᠭ ᠲᠤ ᠲᠦᠰᠢᠭᠯᠡᠨ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠵᠦ᠂ 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠵᠠᠷᠤᠳᠠᠯ ᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠦᠢᠯ ᠤᠨ ᠨᠡᠮᠡᠯᠲᠡ ᠰᠠᠭᠤᠳᠬᠠᠯ ᠳᠤ ᠣᠷᠣᠭᠤᠯᠬᠤ ᠶᠢ ᠠᠬᠢᠭᠤᠯᠵᠤ᠂ ᠣᠷᠣᠨ ᠰᠠᠭᠤᠴᠠ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷ ᠪᠦᠯᠢ ᠶᠢᠨ ᠬᠡᠤᠬᠡᠳ ᠠᠪᠬᠤ᠂ ᠠᠰᠠᠷᠠᠨ ᠪᠤᠶᠢᠵᠢᠭᠤᠯᠬᠤ᠂ ᠰᠤᠷᠭᠠᠨ ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ