8 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠬᠤᠳᠠ ᠳᠤ ᠭᠦᠨᠵᠡᠭᠡᠶᠢᠷᠡᠵᠦ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠰᠢᠨᠵᠢᠯᠡᠨ ᠪᠠᠶᠢᠴᠠᠭᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠵᠢᠯ ᠪᠣᠯᠭᠠᠨ ᠦᠨᠡᠨ ᠬᠦ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ᠃ ᠰᠠᠶᠢᠨ ᠬᠢᠬᠦ ᠶᠢ ᠴᠢᠬᠤᠯᠠᠴᠢᠯᠠᠬᠤ ᠠᠴᠠ ᠪᠢᠰᠢ ᠲᠦᠷᠭᠡᠨ ᠢ ᠬᠥᠭᠡᠭᠡᠴᠡᠯᠳᠦᠬᠦ ᠦᠭᠡᠶ ᠪᠠᠶᠢᠬᠤ ᠶᠢ ᠪᠠᠷᠢᠮᠳᠠᠯᠠᠵᠥ᠂ ᠯᠠᠪᠳᠠᠭᠤᠨ ᠪᠠᠲᠤᠲᠠᠶ ᠪᠠᠷ ᠠᠬᠢᠭᠤᠯᠵᠤ᠂ ᠮᠠᠯᠴᠢᠨ ᠲᠠᠷᠢᠶᠠᠴᠢᠨ ᠤᠯᠠᠨ ᠲᠦᠮᠡᠨ ᠤ ᠠᠰᠢᠭ ᠬᠦᠷᠲᠡᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠥ ᠴᠢᠬᠤᠯᠠᠴᠢᠯᠠᠪᠠ᠃
ᠸᠠᠩ ᠯᠢ ᠰᠢᠶᠠ ᠬᠤᠸᠠᠳᠧ ᠰᠢᠶᠠᠨ ᠤ ᠬᠦᠨ ᠬᠤᠳᠳᠤᠬ ᠰᠢᠶᠠᠩ ᠤᠨ ᠮᠢᠨ ᠵᠦ ᠲᠣᠰᠬᠤᠨ ᠳᠤ ᠬᠦᠷᠴᠦ᠂ ᠭᠡᠷ ᠤᠨ ᠵᠣᠷᠯᠣᠩ ᠢ ᠥᠭᠡᠷᠡᠴᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠲᠣᠰᠬᠤᠨ ᠤ ᠠᠷᠠᠳ ᠤᠨ ᠭᠡᠷ ᠲᠤ ᠬᠦᠷᠴᠦ᠂ ᠭᠡᠷ ᠤᠨ ᠵᠣᠷᠯᠣᠩ ᠢ ᠤᠭᠰᠠᠷᠠᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠲᠣᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠨ᠂ ᠣᠯᠠᠨ ᠲᠦᠮᠡᠨ ᠤ ᠬᠦᠰᠡᠯ ᠰᠠᠨᠠᠭ᠎ᠠ ᠶᠢ ᠣᠶᠢᠯᠠᠭᠠᠵᠤ᠂ ᠭᠡᠷ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠬᠡᠷᠡᠭᠯᠡᠭᠡᠨ ᠤ ᠴᠢᠨᠠᠷ᠂ ᠪᠠᠬᠢᠯᠢᠭ᠌ ᠴᠢᠨᠠᠷ ᠵᠡᠷᠭᠡ ᠲᠠᠯ᠎ᠠ ᠶᠢᠨ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠵᠢᠵᠢᠭ ᠵᠣᠷᠯᠣᠩ ᠨᠢ ᠲᠣᠮᠣ ᠠᠷᠠᠳ ᠤᠨ ᠠᠮᠢᠳᠤᠷᠠᠯ ᠲᠠᠢ ᠬᠤᠯᠪᠣᠭᠳᠠᠵᠤ ᠪᠠᠶᠢᠳᠠᠬ᠂ ᠵᠣᠷᠯᠣᠩ ᠤᠨ ᠬᠤᠪᠢᠰᠬᠠᠯ ᠢ ᠠᠬᠢᠭᠤᠯᠬᠤ ᠨᠢ ᠨᠡᠶᠢᠭᠡᠮ ᠤᠨ ᠪᠣᠯᠪᠠᠰᠤᠨ ᠤ ᠬᠥᠭᠵᠢᠯᠲᠡ ᠶᠢᠨ ᠬᠡᠮᠵᠢᠶ᠎ᠡ ᠶᠢ ᠢᠯᠡᠷᠡᠭᠦᠯᠵᠦ᠂ ᠪᠣᠳᠠᠲᠠᠶ ᠠᠵᠢᠯ ᠤᠨ ᠳᠤᠮᠳᠠ ᠡᠯ᠎ᠡ ᠱᠠᠲᠤᠨ ᠤ ᠺᠠᠳ᠋ᠷ ᠤᠨ ᠠᠵᠢᠯ ᠤᠨ ᠰᠤᠷᠲᠠᠯ ᠢ ᠢᠯᠡᠷᠡᠭᠦᠯᠵᠦ ᠪᠠᠶᠢᠨ᠎ᠠ᠂ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ ᠦᠨᠡᠨ ᠢ ᠪᠠᠷᠢᠮᠳᠠᠯᠠᠨ ᠪᠤᠳᠠᠳᠡᠢ ᠶᠢ ᠡᠷᠬᠢᠮᠯᠡᠵᠤ᠂ ᠣᠯᠠᠨ ᠲᠦᠮᠡᠨ ᠤ ᠵᠣᠭᠰᠣᠯᠲᠠ ᠠᠴᠠ ᠣᠯᠠᠨ ᠲᠦᠮᠡᠨ ᠤ ᠠᠰᠠᠭᠤᠳᠠᠯ ᠢ ᠰᠢᠢᠳᠪᠤᠷᠢᠯᠡᠨ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠮᠠᠯᠴᠢᠨ ᠲᠠᠷᠢᠶᠠᠴᠢᠨ ᠤ ᠭᠤᠤᠯ ᠴᠣᠭᠴᠠ ᠶᠢᠨ ᠦᠢᠯᠡᠳᠣᠯ ᠢ ᠭᠦᠢᠴᠡᠳ ᠪᠠᠳᠠᠷᠠᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠲᠤᠭ᠎ᠠ ᠬᠡᠮᠵᠢᠶ᠎ᠡ ᠨᠢ ᠶᠠᠰᠤ ᠴᠢᠨᠠᠷ ᠲᠤ ᠦᠢᠯᠡᠴᠢᠯᠡᠬᠦ᠂ ᠠᠬᠢᠴᠠ ᠨᠢ ᠪᠣᠳᠠᠲᠤ ᠦᠷ᠎ᠡ ᠪᠦᠲᠦᠮᠵᠢ ᠳᠤ ᠦᠢᠯᠡᠴᠢᠯᠡᠬᠦ ᠶᠢ ᠪᠠᠷᠢᠮᠲᠠᠯᠠᠨ᠂ ᠨᠢᠭᠡ ᠶᠢ ᠦᠬᠡᠷᠡᠴᠢᠯᠡᠪᠡᠯ ᠨᠢᠭᠡ ᠶᠢ ᠶᠠᠰᠦ ᠴᠢᠨᠡᠷ ᠲᠠᠢ ᠪᠡᠶᠡᠯᠡᠬᠦᠯᠵᠤ᠂ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠬᠤ ᠶᠢ ᠪᠠᠲᠤᠯᠠᠬᠤ ᠬᠡᠷᠡᠭᠲᠡᠶ᠃ ᠡᠨᠡ ᠬᠦ ᠠᠵᠢᠯ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠣᠯᠭᠡ ᠶᠢᠨ ᠠᠵᠢᠯᠯᠠᠭ᠎ᠠ ᠶᠢᠨ ᠪᠣᠳᠠᠲᠠᠶ ᠠᠵᠢᠯᠯᠠᠭ᠎ᠠ ᠪᠣᠯᠭᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠪᠥᠬᠦ ᠲᠠᠯ᠎ᠠ ᠪᠠᠷ ᠴᠢᠩᠭᠠᠳᠬᠠᠨ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ ᠵᠣᠷᠯᠣᠩ ᠢ ᠥᠭᠡᠷᠡᠴᠢᠯᠡᠨ ᠵᠠᠰᠠᠬᠤ ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠣᠬᠢᠷᠠᠮᠵᠢᠲᠠᠢ ᠠᠷᠭ᠎ᠠ ᠬᠡᠯᠪᠡᠷᠢ ᠪᠠ ᠮᠡᠷᠭᠡᠵᠢᠯ ᠢ ᠰᠦᠪᠡᠭᠴᠢᠯᠡᠵᠦ᠂ ᠠᠵᠢᠯᠯᠠᠭᠤᠯᠵᠤ ᠬᠠᠮᠠᠭᠠᠯᠠᠬᠤ ᠪᠠᠲᠤᠯᠠᠭ᠎ᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠠᠷᠠᠳ ᠤᠯᠠᠨ ᠢ ᠬᠡᠷᠡᠭᠯᠡᠬᠦ ᠳᠤ ᠲᠦᠬᠦᠮ᠂ ᠲᠠᠭᠠᠯᠠᠮᠵᠢᠲᠠᠢ ᠪᠣᠯᠭᠠᠵᠤ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠡᠨᠡ ᠬᠦ ᠳᠤᠲᠠᠭᠤᠳᠠᠯ ᠢ ᠴᠢᠷᠮᠠᠶᠢᠨ ᠨᠥᠬᠦᠪᠥᠷᠢᠯᠡᠬᠦ ᠬᠡᠷᠡᠭᠲᠡᠢ ᠬᠡᠵᠥ ᠴᠢᠬᠤᠯᠠᠴᠢᠯᠠᠪᠠ᠃
ᠰᠠᠨ ᠰᠢᠶᠠ ᠣᠲᠣ ᠦᠶ᠎ᠡ ᠶᠢᠨ ᠡᠨᠧᠷᠭᠢ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠳᠤ᠂ ᠸᠠᠩ ᠯᠢ ᠰᠢᠶᠠ ᠲᠤᠬᠠᠶ ᠶᠢᠨ ᠲᠠᠯᠠᠪᠠᠶ ᠳᠤ
︽ᠴᠠᠬᠢᠯᠭᠠᠨ ᠡᠬᠦᠰᠭᠡᠭᠴᠢ ᠴᠠᠬᠢᠯᠭᠠᠨ ᠲᠤᠤᠷ ᠴᠠᠬᠢᠯᠭᠠᠨ ᠳᠠᠭᠠᠭᠠᠴᠠ ᠡᠨᠧᠷᠬᠢ ᠬᠠᠳᠠᠭᠠᠯᠠᠬᠤ︾ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠨᠤᠳᠤᠬᠰᠢᠬᠰᠠᠨ ᠪᠠᠶᠢᠳᠠᠯ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠵᠢᠱᠢᠶ᠎ᠡ ᠦᠵᠡᠭᠦᠯᠬᠦ ᠦᠷ᠎ᠡ ᠪᠦᠲᠦᠭᠡᠯ ᠢ ᠪᠦᠷᠢᠯᠳᠦᠭᠦᠯᠵᠦ᠂ ᠲᠠᠷᠠᠭᠠᠴᠢ ᠶᠢᠨ ᠲᠥᠷᠥᠯ ᠵᠦᠢᠯ ᠤᠨ ᠬᠠᠮᠲᠤᠷᠠᠯᠴᠠᠭ᠎ᠠ ᠳᠤ ᠰᠠᠭᠤᠷᠢ ᠲᠠᠯᠪᠢᠬᠤ ᠶᠢ ᠬᠦᠰᠡᠪᠡ᠃ ᠤᠯᠠᠭᠠᠨᠴᠠᠪ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ︽ᠬᠠᠮᠤᠭ ᠤᠨ ᠰᠠᠶᠢᠨ ᠬᠠᠷᠢᠭᠤ︾ ᠶᠢ ᠪᠦᠷᠢᠯᠳᠦᠭᠦᠯᠵᠦ᠂ ᠲᠥᠷᠥᠯ ᠵᠦᠢᠯ ᠤᠨ ᠠᠰᠢᠬᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
ᠸᠠᠩ ᠯᠢ ᠰᠢᠶᠠ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠤᠨ᠎ᠠ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠭᠦᠨᠵᠡᠭᠡᠶ ᠲᠥᠯᠥᠪᠵᠢᠭᠦᠯᠵᠦ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠷᠭᠡᠳᠬᠡᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ᠂ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠡᠨᠧᠷᠭᠢ ᠶᠢᠨ ᠬᠤᠷᠣᠭᠳᠠᠯ ᠤᠨ ︽ᠬᠤᠤᠰ ᠬᠢᠵᠠᠭᠠᠷᠯᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠰᠠᠨ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃