ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2021/8/27
     2021 ᠣᠨ ᠤ 8 ᠳ᠋ᠤᠭᠠᠷ ᠰᠠᠷ᠎ᠠ ᠶᠢᠨ 26 ᠤ ᠡᠳᠦᠷ ᠤᠨ 15 ᠴᠠᠭ ᠠᠴᠠ 8 ᠳ᠋ᠤᠭᠠᠷ ᠰᠠᠷ᠎ᠠ ᠶᠢᠨ 27 ᠤ ᠡᠳᠦᠷ ᠤᠨ 7 ᠴᠠᠭ ᠪᠣᠯᠲᠠᠯ᠎ᠠ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠃      2021 ᠣᠨ ᠤ 8 ᠳ᠋ᠤᠭᠠᠷ ᠰᠠᠷ᠎ᠠ ᠶᠢᠨ 27 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ