|
ᠪᠦᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ |
|
|
ᠨᠡᠶᠢᠲᠡᠯᠡᠭᠰᠡᠨ ᠴᠠᠭ᠄
2021/8/29
|
|
8 ᠰᠠᠷ᠎ᠠ ᠶᠢᠨ 28 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠸᠢᠳᠢᠣ᠋ ᠲᠤᠬᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠪᠦᠬᠦ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠠ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠲᠤᠯᠭᠠᠮ ᠪᠣᠳᠣᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠨᠠᠩ ᠶᠡᠭᠡ ᠡᠷᠴᠢᠮ ᠪᠠ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠸᠠᠺᠼᠢᠨ ᠤ ᠲᠠᠷᠢᠯᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠠᠷᠢᠯᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠤᠯᠠᠮ ᠴᠢᠨᠠᠭᠰᠢᠳᠠ ᠴᠢᠩᠭᠠᠳᠬᠠᠵᠤ᠂ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠠᠨ ᠡᠪᠡᠳᠴᠢᠨ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠬᠤᠯᠤᠭᠠᠨ᠎ᠠ ᠶᠢᠨ ᠬᠢᠵᠢᠭ᠂ ᠪᠣᠭᠤᠮ᠎ᠠ ᠡᠪᠡᠳᠴᠢᠨ ᠵᠡᠷᠭᠡ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠪᠣᠯᠤᠨ ᠭᠡᠳᠡᠰᠦ᠂ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠵᠡᠷᠭᠡ ᠶᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠳᠠᠪᠬᠤᠴᠠᠬᠤ ᠠᠶᠤᠯ ᠲᠦᠭᠰᠢᠭᠦᠷᠢ ᠶᠢ ᠦᠨᠡᠨ ᠬᠦ ᠪᠠᠭᠠᠰᠬᠠᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|