ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 ᠣᠨ ᠤ ᠭᠤᠷᠪᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ  ᠸᠠᠩ ᠯᠢ ᠰᠢᠶᠠ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2021/8/3

      8 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2021 ᠣᠨ ᠤ ᠭᠤᠷᠪᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ 7 ᠰᠠᠷ᠎ᠠ ᠶᠢᠨ 30 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃

1.jpg


      ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠨᠢ ᠣᠳᠣᠬᠠᠨ ᠤ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠰᠤᠳᠤᠯᠤᠨ ᠮᠠᠭᠠᠳᠯᠠᠵᠤ᠂ ᠨᠡᠪᠲᠡᠷᠬᠡᠢ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠭᠤᠣᠯᠳᠠᠯᠭ᠎ᠠ ᠶᠢ ᠳᠣᠪᠣᠶᠢᠯᠭᠠᠵᠤ᠂ ᠮᠠᠨ ᠤ ᠣᠷᠣᠨ ᠤ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠪᠠᠶᠢᠳᠠᠯ ᠢ ᠵᠥᠪ ᠢᠶᠠᠷ ᠲᠠᠨᠢᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠮᠠᠭᠠᠳᠯᠠᠯᠲᠠ ᠳᠡᠭᠡᠷ᠎ᠡ ᠦᠨᠡᠨ ᠬᠦ ᠨᠢᠭᠡᠳᠬᠡᠵᠦ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠠᠴᠠ ᠮᠠᠨ ᠤ ᠣᠷᠣᠨ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠠᠵᠢᠯᠯᠠᠭᠠᠨ ᠤ ᠬᠥᠲᠥᠯᠪᠦᠷᠢ ᠳᠡᠭᠡᠷ᠎ᠡ ᠨᠢᠭᠡᠳᠬᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠡᠨᠧᠷᠭᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠪᠦᠬᠦ ᠬᠦᠴᠦᠨ ᠢᠶᠠᠷ ᠢᠶᠠᠨ ᠪᠦᠲᠦᠴᠡ ᠶᠢ ᠲᠣᠬᠢᠷᠠᠭᠤᠯᠵᠤ᠂ ᠴᠢᠳᠠᠮᠵᠢ ᠶᠢ ᠬᠤᠪᠢᠷᠠᠭᠤᠯᠵᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠪᠠᠷ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃

      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠪᠦᠭᠦᠳᠡ ᠬᠤᠷᠠᠯ ᠠᠴᠠ ᠶᠡᠷᠦᠩᠬᠡᠢ ᠱᠦᠵᠢ ᠶᠢᠨ ︽7 · 1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠡᠷᠬᠢᠨ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠲᠦᠷᠦᠭᠦᠯᠡᠨ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠦᠷᠦᠭᠦᠯᠡᠨ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠭᠦᠨ ᠳᠠᠪᠬᠤᠷᠭ᠎ᠠ ᠶᠢᠨ ᠵᠥᠷᠢᠴᠡᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠲᠦᠷᠭᠡᠨ ᠰᠢᠢᠳᠪᠦᠷᠢᠯᠡᠨ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠢ ᠲᠦᠷᠦᠭᠦᠯᠡᠨ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠦᠨᠳᠦᠰᠦᠲᠡᠨ ᠤ ᠠᠵᠢᠯ ᠢ ᠤᠯᠠᠮ ᠴᠢᠨᠠᠭᠰᠢᠳᠠ ᠴᠢᠩᠭᠠᠳᠬᠠᠨ ᠰᠠᠶᠢᠵᠢᠷᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠨᠡᠨ ᠬᠦ ᠬᠠᠮᠠᠭᠠᠯᠠᠬᠤ ᠬᠡᠷᠡᠭᠲᠡᠢ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠭᠡᠮ ᠰᠣᠭᠤᠭ ᠢ ᠭᠦᠢᠴᠡᠳ ᠲᠠᠨᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠥᠴᠥᠬᠡᠨ ᠴᠦ ᠰᠤᠯᠠᠷᠠᠭᠤᠯᠤᠯ ᠦᠭᠡᠢ ᠪᠠᠷ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠵᠠᠰᠠᠭ ᠤᠨ ᠣᠷᠳᠣᠨ ᠤ ᠠᠵᠢᠯ ᠢ ᠭᠦᠨᠵᠡᠭᠡᠢ ᠠᠭᠤᠰᠤᠯᠴᠠᠭᠤᠯᠵᠤ ᠬᠠᠷᠢᠯᠴᠠᠨ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠳᠬᠤᠵᠤ᠂ ︽ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠤᠯᠤᠰ ᠲᠥᠷᠥ ᠶᠢ ᠡᠷᠬᠢᠮᠯᠡᠭᠰᠡᠨ᠂ ᠬᠠᠷᠢᠭᠤᠴᠠᠯᠭ᠎ᠠ ᠡᠭᠦᠷᠭᠡᠯᠡᠯ ᠢ ᠡᠷᠬᠢᠮᠯᠡᠭᠰᠡᠨ᠂ ᠪᠦᠯᠬᠦᠮᠳᠡᠯ ᠢ ᠡᠷᠬᠢᠮᠯᠡᠭᠰᠡᠨ᠂ ᠠᠵᠢᠯᠴᠢ ᠬᠢᠴᠢᠶᠡᠩᠭᠦᠢ ᠠᠷᠢᠭᠤᠨ ᠴᠢᠬᠡᠴᠢ ᠨᠠᠮ ᠤᠨ ᠤᠳᠤᠷᠢᠳᠬᠤ ᠳᠤᠭᠤᠶᠢᠯᠠᠩ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ