ᠬᠥᠯᠥᠨ ᠪᠤᠶᠢᠷ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠰᠢᠢᠳᠪᠦᠷᠢᠯᠡᠵᠦ ᠪᠣᠢ
ᠨᠡᠶᠢᠲᠡᠯᠡᠭᠰᠡᠨ ᠴᠠᠭ᠄
2021/8/3

     ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠯᠥᠨ ᠪᠤᠶᠢᠷ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶ ᠳᠤ ᠠᠭᠤᠵᠢᠭᠤ᠂ ᠥᠨᠳᠥᠷ ᠪᠦᠲᠦᠮᠵᠢᠲᠡᠶ᠂ ᠳᠥᠭᠦᠮ ᠳᠥᠲᠡ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠬᠥᠯᠥᠨ ᠪᠤᠶᠢᠷ ᠬᠤᠲᠠ ᠮᠥᠩᠭᠦᠨ ᠭᠦᠢᠯᠭᠡᠭᠡᠨ ᠤ ᠳᠡᠮᠵᠢᠯᠭᠡ ᠶᠢᠨ ᠴᠢᠳᠠᠪᠤᠷᠢ ᠪᠠᠨ ᠬᠦᠴᠦᠯᠡᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠰᠢᠢᠳᠪᠦᠷᠢᠯᠡᠵᠦ ᠪᠣᠢ᠃
     ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠥᠷᠭᠡᠳᠬᠡᠬᠦ ᠲᠠᠯ᠎ᠠ ᠪᠠᠷ᠂ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ ᠳᠤ ᠲᠦᠢᠯ ᠤᠨ ᠣᠨᠤᠪᠴᠢᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠤ ᠨᠡᠷᠡᠳᠬᠦᠨ ᠢᠶᠠᠨ ᠰᠢᠨᠡᠴᠢᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠳᠤ ᠢᠯᠡᠳᠲᠡ ᠦᠷ᠎ᠡ ᠪᠦᠲᠦᠮᠵᠢ ᠣᠯᠵᠤ᠂ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠢᠯᠭᠠᠬᠤ᠂ ᠬᠥᠭᠵᠢᠯᠲᠡ ᠶᠢᠨ ᠢᠲᠡᠭᠡᠯ ᠢ ᠬᠥᠭᠵᠢᠭᠡᠬᠦ᠂ ᠠᠵᠤ ᠠᠬᠤᠶ ᠶᠢᠨ ᠰᠡᠷᠭᠦᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠣᠲᠣ ᠪᠣᠯᠬᠤ ᠳᠤ᠂ ᠲᠣᠰ ᠵᠢᠯ ᠳᠤ ᠨᠡᠶᠢᠲᠡ 6.49 ᠲᠦᠮᠡᠨ ᠡᠷᠦᠬᠡ ᠵᠠᠬ᠎ᠠ ᠳᠡᠯᠭᠡᠭᠦᠷ ᠤᠨ ᠭᠤᠤᠯ ᠴᠣᠭᠴᠠ ᠳᠤ 224 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 323.46 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 17.29 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 2.37% ᠨᠡᠮᠡᠭᠳᠡᠪᠡ︔ ᠲᠦᠭᠡᠮᠡᠯ ᠬᠠᠷᠠᠭᠠᠯᠵᠠᠯ ᠤᠨ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 185.55 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 4.44 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 2.88% ᠨᠡᠮᠡᠭᠳᠡᠵᠦ᠂ ᠵᠢᠭᠡᠯᠡᠯᠭᠡ ᠣᠯᠣᠭᠰᠠᠨ ᠡᠷᠦᠬᠡ 30070 ᠪᠣᠯᠵᠣ᠂ ᠠᠳᠠᠯᠢ ᠬᠤᠭᠤᠴᠠᠭᠠᠨ ᠤ ᠬᠢ ᠠᠴᠠ 1935 ᠨᠡᠮᠡᠭᠳᠡᠵᠡᠶ᠃
     ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ ᠬᠤᠳᠠ ᠶᠢᠨ ᠵᠠᠰᠠᠭ ᠤᠨ ᠣᠷᠳᠣᠨ ᠨᠢ ᠬᠥᠯᠥᠨ ᠪᠤᠶᠢᠷ ᠬᠤᠳᠠ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠳᠠᠭᠠᠭᠠᠯᠲᠠ ᠶᠢᠨ ᠺᠣᠮᠫᠠᠨᠢ ᠳᠤ 1600 ᠲᠦᠮᠡᠨ ᠲᠥᠭᠦᠷᠢᠭ ᠤᠨ ᠬᠦᠷᠦᠩᠭᠡ ᠮᠥᠩᠭᠦ ᠣᠷᠣᠭᠤᠯᠪᠠ᠂ ᠣᠳᠣᠬᠠᠨ ᠳᠤ᠂ ᠬᠥᠯᠥᠨ ᠪᠤᠶᠢᠷ ᠬᠤᠳᠠ ᠳᠤ ᠳᠠᠩᠰᠠᠯᠠᠭᠤᠯᠤᠭᠰᠠᠨ ᠬᠦᠷᠦᠩᠭᠡ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠶᠠᠷ ᠳᠠᠭᠠᠭᠠᠯᠲᠠ ᠶᠢᠨ ᠲᠠᠭᠠᠭᠤᠯᠤᠭᠴᠢ ᠠᠵᠤ ᠠᠬᠤᠶᠢᠯᠠᠯ ᠲᠠᠢ ᠪᠠᠶᠢᠵᠤ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠴᠢᠳᠠᠪᠤᠷᠢ ᠨᠢ ᠤᠯᠠᠮ ᠴᠢᠩᠭᠠᠷᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ