ᠰᠢ ᠶᠢᠨ ᠫᠢᠩ ᠮᠠᠯᠠᠸᠢ ᠶᠢᠨ ᠶᠡᠷᠦᠩᠬᠡᠶᠢᠯᠡᠭᠴᠢ ᠴᠠᠺᠸᠧᠢᠷᠠ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/8/30

      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 27 ᠤ ᠴᠠᠬᠢᠯᠭᠠᠨ ᠮᠡᠳᠡᠭᠡ  ᠤᠯᠤᠰ ᠤᠨ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 27 ᠤ ᠡᠳᠦᠷ ᠮᠠᠯᠠᠸᠢ ᠶᠢᠨ ᠶᠡᠷᠦᠩᠬᠡᠶᠢᠯᠡᠭᠴᠢ ᠴᠠᠺᠸᠧᠢᠷᠠ ᠲᠠᠢ ᠤᠲᠠᠰᠤ ᠪᠠᠷ ᠶᠠᠷᠢᠯᠴᠠᠪᠠ᠃
      ᠰᠢ ᠶᠢᠨ ᠫᠢᠩ᠂ ᠳᠤᠮᠳᠠᠳᠤ ᠮᠠᠯᠠᠸᠢ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠲᠦᠷᠭᠡᠨ ᠪᠥᠭᠡᠳ ᠡᠷᠡᠭᠦᠯ ᠢᠶᠠᠷ ᠬᠥᠭᠵᠢᠵᠦ᠂ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠨᠡᠮᠡᠭᠳᠡᠵᠦ᠂ ᠠᠷᠠᠳ ᠲᠦᠮᠡᠨ ᠤ ᠨᠥᠬᠦᠷᠯᠡᠯ ᠲᠠᠰᠤᠷᠠᠯᠳᠡ ᠦᠭᠡᠢ ᠭᠦᠨᠵᠡᠭᠡᠶᠢᠷᠡᠵᠦ᠂ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠳᠡᠮᠵᠢᠪᠡ᠃ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠯᠠᠪᠳᠠᠭᠤᠨ ᠢᠶᠠᠷ ᠠᠬᠢᠪᠠ᠃ ᠳᠤᠮᠳᠠᠳᠤ ᠤᠯᠤᠰ ᠳᠤᠷᠠᠲᠠᠶ᠎ᠠ ᠮᠠᠯᠠᠸᠢ ᠯᠤᠭ᠎ᠠ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠨ᠎ᠠ᠂ ᠳᠤᠮᠳᠠᠳᠤ ᠤᠯᠤᠰ ᠤᠨ ᠲᠤᠰᠠᠯᠠᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠮᠠᠯᠠᠸᠢ ᠶᠢᠨ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
      ᠰᠢ ᠶᠢᠨ ᠫᠢᠩ᠂ ᠳᠤᠮᠳᠠᠳᠤ ᠤᠯᠤᠰ ᠪᠣᠯ ᠮᠠᠯᠠᠸᠢ ᠶᠢᠨ ᠦᠨᠡᠨᠴᠢ ᠨᠠᠶᠢᠳᠠᠪᠤᠷᠢᠲᠠᠢ ᠬᠥᠭᠵᠢᠯᠲᠡ ᠶᠢᠨ ᠬᠠᠨᠢᠲᠠᠨ ᠮᠥᠨ᠃ ᠳᠤᠮᠳᠠᠳᠤ ᠤᠯᠤᠰ ᠮᠠᠯᠠᠸᠢ ᠶᠢᠨ ᠬᠢᠨ ᠤ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠮᠠᠯᠠᠸᠢ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠳᠡᠮᠵᠢᠵᠦ᠂ ᠳᠤᠷᠠᠲᠠᠶ᠎ᠠ ᠮᠠᠯᠠᠸᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠯᠢ ᠪᠣᠯᠬᠤᠶᠢᠴᠠ ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ᠃ ᠳᠤᠮᠳᠠᠳᠤ ᠤᠯᠤᠰ ᠳᠤᠷᠠᠲᠠᠶ᠎ᠠ ᠮᠠᠯᠠᠸᠢ ᠶᠢᠨ ᠬᠢᠨ ᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠬᠢᠯᠡᠬᠦ᠂ ᠶᠠᠳᠠᠭᠤ ᠶᠢ ᠴᠦᠭᠡᠳᠭᠡᠬᠦ ᠪᠠ ᠬᠥᠭᠵᠢᠭᠦᠯᠬᠦ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠠᠬᠢᠭᠤᠯᠵᠤ᠂ ᠬᠤᠶᠠᠷ ᠤᠯᠤᠰ ᠤᠨ ᠨᠥᠬᠦᠷᠰᠡᠭ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠠᠰᠤᠷᠠᠯᠳᠡ ᠦᠭᠡᠢ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠮᠠᠯᠠᠸᠢ ᠶᠢᠨ ᠬᠢᠨ ᠲᠠᠢ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠪᠣᠯᠤᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃
      ᠴᠠᠺᠸᠧᠢᠷᠠ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠳᠠᠬᠢᠨᠲᠠ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠳᠤ ᠪᠠᠶᠠᠷ ᠬᠦᠷᠭᠡᠵᠦ ᠪᠠᠶᠢᠨ᠎ᠠ᠃ ᠮᠠᠯᠠᠸᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠰᠠᠶᠢᠨ ᠰᠠᠶᠢᠬᠠᠨ ᠬᠠᠮᠲᠤᠷᠠᠯᠴᠠᠭ᠎ᠠ ᠶᠢ ᠨᠠᠨᠳᠢᠩᠨᠠᠵᠤ ᠪᠠᠶᠢᠨ᠎ᠠ᠂ ᠮᠠᠯᠠᠸᠢ ᠳᠤᠮᠳᠠᠳᠤ ᠶᠢᠨ ᠬᠠᠷᠢᠯᠴᠠᠭ᠎ᠠ ᠨᠡᠩ ᠪᠠᠲᠤ ᠴᠢᠩᠭ᠎ᠠ ᠪᠠᠶᠢᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠮᠠᠯᠠᠸᠢ ᠶᠢᠨ ᠬᠢᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠨ ᠪᠡᠯᠡ ᠣᠷᠣᠭᠤᠯᠤᠯᠲᠠ ᠪᠠ ᠬᠠᠮᠲᠤᠷᠠᠯᠴᠠᠭ᠎ᠠ ᠨᠢ ᠮᠠᠯᠠᠸᠢ ᠶᠢᠨ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠪᠡ᠂ ᠮᠠᠯᠠᠸᠢ ᠶᠢᠨ ᠬᠢᠨ ᠳᠤᠮᠳᠠᠳᠤ ᠤᠯᠤᠰ ᠯᠤᠭ᠎ᠠ ᠰᠠᠭᠤᠷᠢ ᠲᠥᠬᠦᠭᠡᠷᠦᠮᠵᠢ᠂ ᠬᠥᠭᠵᠢᠯᠲᠡ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠹᠷᠢᠺᠠ ᠳᠤᠮᠳᠠᠳᠤ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠲᠣᠷᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠯᠠᠸᠢ ᠶᠢᠨ ᠤᠯᠤᠰ ᠤᠨ ᠬᠥᠭᠵᠢᠯᠲᠡ ᠪᠠᠨ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠮᠠᠯᠠᠸᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠬᠥᠮᠦᠨ ᠤ ᠡᠷᠬᠡ ᠶᠢᠨ ᠠᠰᠠᠭᠤᠳᠠᠯ ᠢ ᠠᠰᠢᠠᠠᠯᠠᠨ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ᠂ ᠸᠢᠷᠦ᠋ᠰ ᠤᠨ ᠡᠬᠢ ᠡᠭᠦᠰᠦᠯ ᠢ ᠡᠷᠢᠬᠦ ᠠᠰᠠᠭᠤᠳᠠᠯ ᠢ ᠤᠯᠤᠰ ᠲᠥᠷᠥᠴᠢᠯᠡᠬᠦ ᠶᠢ ᠡᠰᠡᠷᠭᠦᠴᠡᠨ᠎ᠡ᠃ ᠮᠠᠯᠠᠸᠢ ᠳᠤᠷᠠᠲᠠᠶ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠲᠤᠬᠠᠢ ᠳᠤᠮᠳᠠᠳᠤ ᠤᠯᠤᠰ ᠯᠤᠭ᠎ᠠ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ