ᠰᠢ ᠶᠢᠨ ᠫᠢᠩ ᠫᠣᠷᠲ᠋ᠦ᠋ᠭᠠᠯ ᠤᠨ ᠶᠡᠷᠦᠩᠬᠡᠶᠢᠯᠡᠭᠴᠢ ᠳ᠋ᠧᠰᠦ᠋ᠰᠠ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/8/30

      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 27 ᠤ ᠴᠠᠬᠢᠯᠭᠠᠨ ᠮᠡᠳᠡᠭᠡ  ᠤᠯᠤᠰ ᠤᠨ ᠲᠡᠷᠢᠭᠦᠯᠡᠭᠴᠢ ᠰᠢ ᠶᠢᠨ ᠫᠢᠩ 8 ᠰᠠᠷ᠎ᠠ ᠶᠢᠨ 27 ᠤ ᠡᠳᠦᠷ ᠫᠣᠷᠲ᠋ᠦ᠋ᠭᠠᠯ ᠤᠨ ᠶᠡᠷᠦᠩᠬᠡᠶᠢᠯᠡᠭᠴᠢ ᠳ᠋ᠧᠰᠦ᠋ᠰᠠ ᠲᠠᠢ ᠤᠲᠠᠰᠤ ᠪᠠᠷ ᠶᠠᠷᠢᠯᠴᠠᠪᠠ᠃
      ᠰᠢ ᠶᠢᠨ ᠫᠢᠩ᠂ ᠣᠳᠣᠬᠠᠨ ᠤ ᠳᠡᠯᠡᠬᠡᠶ ᠶᠢᠷᠲᠢᠨᠴᠦ ᠶᠠᠭ ᠣᠨᠴᠠᠭᠠᠶ ᠲᠡᠦᠬᠡ ᠶᠢᠨ ᠴᠠᠭ ᠦᠶ᠎ᠡ ᠳᠤ ᠣᠷᠣᠰᠢᠵᠤ᠂ ᠳᠡᠯᠡᠬᠡᠶ ᠶᠢᠨ ᠡᠯ᠎ᠡ ᠤᠯᠤᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠠᠵᠤ ᠠᠬᠤᠶ ᠶᠢᠨ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠠᠮᠲᠤ ᠶᠢᠨ ᠥᠷᠢᠰᠥᠯᠳᠦᠭᠡᠨ ᠲᠤᠯᠭᠠᠷᠠᠵᠤ᠂ ᠨᠡᠩ ᠴᠤ ᠪᠦᠯᠬᠦᠮᠳᠡᠯ ᠪᠠ ᠬᠠᠮᠲᠤᠷᠠᠯᠴᠠᠭ᠎ᠠ ᠱᠠᠭᠠᠷᠳᠠᠭᠳᠠᠵᠤ ᠪᠠᠶᠢᠨ᠎ᠠ᠃ ᠳᠤᠮᠳᠠᠳᠤ ᠫᠣᠷᠲ᠋ᠦ᠋ᠭᠠᠯ ᠪᠣᠯ ᠪᠦᠷ ᠡᠷᠲᠡᠨ ᠤ ᠪᠣᠯᠪᠠᠰᠤᠨ ᠤᠯᠤᠰ ᠮᠥᠨ᠂ ᠬᠤᠶᠠᠷ ᠤᠯᠤᠰ ᠢᠶᠠᠷ ᠢᠶᠠᠨ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠭᠠᠷ ᠬᠤᠯᠪᠣᠨ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠪᠠᠯ ᠵᠣᠬᠢᠨ᠎ᠠ᠃ ᠳᠤᠮᠳᠠᠳᠤ ᠤᠯᠤᠰ ᠨᠢᠭᠡᠨᠲᠡ 100 ᠭᠠᠷᠤᠢ ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠲᠤ 9 ᠳ᠋ᠦᠩᠰᠢᠭᠤᠷ ᠭᠠᠷᠤᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠬᠠᠩᠭᠠᠪᠠ᠂ ᠡᠨᠡ ᠵᠢᠯ ᠪᠠᠰᠠ ᠪᠦᠬᠦ ᠳᠡᠯᠡᠬᠡᠢ ᠳᠤ 20 ᠳ᠋ᠦᠩᠰᠢᠭᠤᠷ ᠭᠠᠷᠤᠢ ᠸᠠᠺᠼᠢᠨ ᠬᠠᠩᠭᠠᠬᠤ ᠪᠠᠷ ᠴᠢᠷᠮᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠫᠣᠷᠲ᠋ᠦ᠋ᠭᠠᠯ ᠤᠨ ᠬᠢᠨ ᠤ ᠬᠢᠵᠢᠭ ᠲᠠᠢ ᠲᠡᠮᠡᠴᠡᠬᠦ ᠶᠢ ᠦᠷᠭᠦᠯᠵᠢᠯᠡᠨ ᠳᠡᠮᠵᠢᠵᠦ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠤ ᠵᠢᠭᠠᠵᠤ ᠭᠠᠷᠭᠠᠵᠠᠢ᠃
      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠪᠦᠬᠦ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠡᠭᠦᠳᠦ ᠮᠥᠨ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠬᠦᠰᠡᠯ ᠵᠡᠭᠦᠳᠦ ᠲᠠᠢ ᠬᠠᠷᠢᠯᠴᠠᠨ ᠬᠤᠯᠪᠣᠯᠳᠤᠵᠤ ᠪᠠᠶᠢᠳᠠᠭ᠃ ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠮᠥᠨ᠂ ᠳᠤᠷᠠᠲᠠᠶ᠎ᠠ ᠫᠣᠷᠲ᠋ᠦ᠋ᠭᠠᠯ ᠢ ᠪᠠᠭᠲᠠᠭᠠᠭᠰᠠᠨ ᠡᠩᠬᠡ ᠲᠠᠶᠢᠪᠤᠩ ᠢ ᠡᠷᠬᠢᠮᠯᠡᠳᠡᠭ ᠤᠯᠤᠰ ᠪᠦᠬᠦᠨ ᠲᠠᠢ ᠬᠠᠮᠲᠤ ᠪᠠᠷ ᠡᠯ᠎ᠡ ᠤᠯᠤᠰ ᠤᠨ ᠪᠡᠶ᠎ᠡ ᠪᠠᠨ ᠳᠠᠭᠠᠭᠠᠵᠤ ᠪᠠᠶᠢᠭᠤᠯᠤᠯ ᠪᠠ ᠵᠠᠮ ᠢᠶᠠᠨ ᠰᠣᠩᠭᠤᠬᠤ ᠶᠢ ᠬᠦᠨᠳᠦᠳᠬᠡᠬᠦ ᠶᠢ ᠠᠬᠢᠭᠤᠯᠵᠤ᠂ ᠠᠳᠠᠯᠢ ᠪᠤᠰᠤ ᠪᠣᠯᠪᠠᠰᠤᠨ ᠬᠠᠮᠲᠤ ᠪᠠᠷ ᠣᠷᠣᠰᠢᠵᠤ ᠬᠠᠷᠢᠯᠴᠠᠨ ᠲᠤᠯᠢᠳᠠᠬᠤ ᠶᠢ ᠰᠠᠨᠠᠭᠠᠴᠢᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ ᠫᠣᠷᠲ᠋ᠦ᠋ᠭᠠᠯ ᠤᠨ ᠲᠠᠯ᠎ᠠ ᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠡᠨᠧᠷᠭᠢ᠂ ᠮᠥᠩᠭᠦᠨ ᠭᠦᠢᠯᠭᠡᠭᠡᠨ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠠᠬᠢᠭᠤᠯᠵᠤ᠂ ᠭᠤᠷᠪᠠᠳᠠᠬᠢ ᠲᠠᠯ᠎ᠠ ᠶᠢᠨ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ ᠰᠦᠪᠡᠭᠴᠢᠯᠡᠨ ᠥᠷᠨᠢᠭᠦᠯᠦᠨ᠎ᠡ᠃ ᠫᠣᠷᠲ᠋ᠦ᠋ᠭᠠᠯ ᠤᠨ ᠲᠠᠯ᠎ᠠ ᠶᠢᠨ ᠬᠢᠨ ︽ᠠᠹᠷᠢᠺᠠ ᠲᠢᠪ ᠤᠨ ᠬᠥᠭᠵᠢᠯᠲᠡ ᠶᠢ ᠳᠡᠮᠵᠢᠬᠦ ᠬᠠᠨᠢᠳᠠᠨ ᠤ ᠰᠠᠨᠠᠭᠠᠴᠢᠯᠠᠭ᠎ᠠ︾ ᠳᠤ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠵᠦ᠂ ᠫᠣᠷᠲ᠋ᠦ᠋ᠭᠠᠯ ᠤᠨ ᠲᠠᠮᠢᠷᠴᠢᠳ ᠳᠤᠮᠳᠠᠳᠤ ᠤᠯᠤᠰ ᠲᠤ ᠤᠷᠤᠯᠳᠤᠭᠠᠨ ᠳᠤ ᠣᠷᠣᠯᠴᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠤᠭ ᠵᠢᠪᠬᠤᠭ᠎ᠠ ᠶᠢ ᠢᠯᠡᠷᠡᠭᠦᠯᠵᠦ᠂ ᠣᠯᠢᠮᠫᠢᠺ ᠤᠨ ᠵᠣᠷᠢᠭ ᠰᠠᠨᠠᠭ᠎ᠠ ᠶᠢ ᠳᠠᠮᠵᠢᠭᠤᠯᠬᠤ ᠶᠢ ᠬᠦᠰᠡᠵᠤ ᠪᠠᠶᠢᠨ᠎ᠠ᠃ ᠫᠣᠷᠲ᠋ᠦ᠋ᠭᠠᠯ ᠤᠨ ᠲᠠᠯ᠎ᠠ ᠶᠢᠨ ᠬᠢᠨ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠤ ᠴᠢᠬᠤᠯᠠᠴᠢᠯᠠᠵᠠᠢ᠃
      ᠳ᠋ᠧᠰᠦ᠋ᠰᠠ᠂ ᠤᠢᠢᠷ᠎ᠠ ᠶᠢᠨ ᠵᠢᠯ ᠠᠴᠠ ᠫᠣᠷᠲ᠋ᠦ᠋ᠭᠠᠯ ᠳᠤᠮᠳᠠᠳᠤ ᠶᠢᠨ ᠬᠠᠷᠢᠯᠴᠠᠭ᠎ᠠ ᠢᠮᠠᠭᠲᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ᠂ ᠬᠤᠶᠠᠷ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠵᠦ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠶᠢᠯᠠᠯ ᠤᠨ ᠫᠣᠷᠲ᠋ᠦ᠋ᠭᠠᠯ ᠳᠤ ᠬᠦᠷᠴᠦ ᠡᠵᠡᠩᠨᠡᠯᠲᠡ ᠬᠠᠮᠲᠤᠷᠠᠯᠴᠠᠭ᠎ᠠ ᠬᠢᠬᠦ ᠶᠢ ᠫᠣᠷᠲ᠋ᠦ᠋ᠭᠠᠯ ᠤᠨ ᠲᠠᠯ᠎ᠠ ᠶᠢᠨ ᠬᠢᠨ ᠪᠠᠶᠠᠷᠯᠠᠨ ᠤᠭᠲᠤᠵᠤ ᠪᠠᠶᠢᠨ᠎ᠠ᠃ ᠫᠣᠷᠲ᠋ᠦ᠋ᠭᠠᠯ ᠳᠤᠮᠳᠠᠳᠤ ᠬᠤᠶᠠᠷ ᠤᠯᠤᠰ ᠤᠯᠠᠨ ᠲᠠᠯᠠᠲᠤ ᠦᠵᠡᠯ ᠢ ᠬᠠᠮᠠᠭᠠᠯᠠᠬᠤ᠂ ᠳᠡᠯᠡᠬᠡᠢ ᠶᠢᠨ ᠡᠩᠬᠡ ᠲᠠᠶᠢᠪᠤᠩ ᠠᠮᠤᠷ ᠲᠦᠪᠰᠢᠨ ᠢ ᠠᠬᠢᠭᠤᠯᠬᠤ ᠵᠡᠷᠭᠡ ᠠᠰᠠᠭᠤᠳᠠᠯ ᠳᠡᠭᠡᠷ᠎ᠡ ᠮᠠᠰᠢ ᠤᠯᠠᠨ ᠬᠠᠮᠲᠤ ᠶᠢᠨ ᠪᠤᠳᠤᠯ ᠰᠠᠨᠠᠭ᠎ᠠ ᠪᠠ ᠬᠠᠮᠲᠤ ᠶᠢᠨ ᠠᠰᠢᠭ ᠲᠤᠰᠠ ᠲᠠᠢ ᠶᠤᠮ᠃ ᠫᠣᠷᠲ᠋ᠦ᠋ᠭᠠᠯ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠢᠯᠡᠳᠦᠯ ᠢ ᠳᠡᠮᠵᠢᠬᠦ ᠪᠥᠭᠡᠳ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠣᠷ᠎ᠠ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠤᠯᠠᠨ ᠤᠯᠤᠰ ᠤᠨ ᠬᠠᠮᠲᠤᠷᠠᠯᠴᠠᠭ᠎ᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠶᠢ ᠠᠬᠢᠭᠤᠯᠬᠤ ᠳᠤ ᠦᠷᠭᠦᠯᠵᠢᠯᠡᠨ ᠴᠢᠬᠤᠯᠠ ᠦᠢᠯᠡᠳᠦᠯ ᠦᠵᠡᠭᠦᠯᠵᠦ ᠪᠠᠶᠢᠬᠤ ᠶᠢ ᠫᠣᠷᠲ᠋ᠦ᠋ᠭᠠᠯ ᠤᠨ ᠲᠠᠯ᠎ᠠ ᠶᠢᠨ ᠬᠢᠨ ᠮᠠᠭᠲᠠᠨ ᠰᠠᠶᠢᠰᠢᠶᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠶᠢᠨ ᠲᠠᠯ᠎ᠠ ᠠᠹᠭᠠᠨᠢᠰᠲ᠋ᠠᠨ ᠵᠡᠷᠭᠡ ᠭᠠᠵᠠᠷ ᠣᠷᠣᠨ ᠤ ᠬᠠᠯᠠᠮᠰᠢᠯ ᠠᠰᠠᠭᠤᠳᠠᠯ ᠤᠨ ᠲᠠᠯ᠎ᠠ ᠪᠠᠷ ᠴᠢᠬᠤᠯᠠ ᠨᠥᠯᠥᠭᠡ ᠲᠠᠢ ᠶᠤᠮ᠂ ᠳᠤᠮᠳᠠᠳᠤ ᠶᠢᠨ ᠲᠠᠯ᠎ᠠ ᠶᠢᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠶᠢ ᠫᠣᠷᠲ᠋ᠦ᠋ᠭᠠᠯ ᠤᠨ ᠲᠠᠯ᠎ᠠ ᠶᠢᠨ ᠬᠢᠨ ᠳᠡᠮᠵᠢᠨ᠎ᠠ ᠭᠡᠵᠤ ᠢᠯᠡᠳᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ