ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ᠂ ᠠᠮᠢ ᠠᠬᠤᠶ ᠶᠢᠨ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/8/31
ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ         ᠥᠪᠥᠷ ᠵᠠᠰᠠᠭ ᠠᠯᠪᠠᠨ ᠲᠠᠷᠬᠠᠭᠠᠭᠰᠠᠨ ﹇2021﹈ 10 ᠳ᠋ᠤᠭᠠᠷ ᠲᠣᠭᠠᠲᠤ      ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ᠂ ᠠᠮᠢ ᠠᠬᠤᠶ ᠶᠢᠨ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠬᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                               2021 ᠣᠨ ᠤ 2 ᠳ᠋ᠤᠭᠠᠷ ᠰᠠᠷ᠎ᠠ ᠶᠢᠨ 8 ᠤ ᠡᠳᠦᠷ                                                ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠣᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ      ︽ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠲᠥᠪ ᠤᠨ ᠬᠢᠬᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 33 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠡᠳᠦᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠤᠬᠠᠶ ᠳᠣᠤᠷᠠᠬᠢ ᠮᠡᠲᠦ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠥᠪ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠬᠤᠪᠢᠶᠠᠷᠢᠯᠠᠵᠤ᠂ ᠣᠲᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠲᠠᠢ ᠵᠣᠬᠢᠴᠠᠯᠳᠤᠭᠰᠠᠨ᠂ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠱᠠᠭᠠᠷᠳᠠᠯᠭ᠎ᠠ ᠲᠠᠢ ᠵᠣᠬᠢᠴᠠᠭᠰᠠᠨ ᠬᠠᠤᠯᠢ ᠶᠣᠰᠣᠭᠠᠷ ᠵᠢᠷᠤᠮᠵᠢᠭᠰᠠᠨ᠂ ᠡᠷᠬᠡ ᠪᠠ ᠬᠠᠷᠢᠭᠤᠴᠠᠯᠭ᠎ᠠ ᠨᠢ ᠵᠣᠬᠢᠴᠠᠯᠳᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠪᠠᠲᠤᠯᠠᠭ᠎ᠠ ᠨᠢ ᠬᠦᠴᠦᠲᠡᠶ ᠪᠠᠶᠢᠬᠤ ᠬᠤᠪᠢᠶᠠᠷᠢᠯᠠᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠨ᠂ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃      ︵ᠬᠤᠶᠠᠷ︶ ᠦᠨᠳᠦᠰᠦᠨ ᠵᠠᠷᠴᠢᠮ      — ᠠᠷᠠᠳ ᠲᠦᠮᠡᠨ ᠢᠶᠠᠷ ᠭᠤᠣᠯ ᠪᠤᠯᠭᠠᠨᠨᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠤᠨ ᠵᠠᠮ ᠬᠠᠷᠢᠯᠴᠠᠭ᠎ᠠ ᠶᠢ ᠠᠷᠠᠳ ᠲᠦᠮᠡᠨ ᠳᠤ ᠦᠢᠯᠡᠴᠢᠯᠡᠭᠦᠯᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠡᠬᠢᠯᠡᠯᠲᠡ ᠪᠠ ᠵᠤᠨᠨᠰᠤᠴᠠ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠠᠯ᠎ᠠ ᠳᠠᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠬᠥᠭᠵᠢᠯᠲᠡ ᠲᠡᠩᠴᠡᠬᠦᠨ ᠪᠤᠰᠤ ᠭᠦᠢᠴᠡᠳ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃      — ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠰᠢᠭ ᠭᠥᠷᠳᠡᠬᠦ ᠬᠡᠪᠴᠢᠶ᠎ᠡ ᠶᠢ ᠢᠯᠡᠷᠡᠭᠦᠯᠦᠨ᠎ᠡ᠃ ᠲᠥᠪ ᠠᠴᠠ ᠣᠯᠭᠤᠭᠰᠠᠨ ᠡᠷᠬᠡ ᠶᠢᠨ ᠬᠡᠪᠴᠢᠶᠡᠨ ᠳᠣᠲᠣᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠰᠢᠭ ᠭᠥᠷᠳᠡᠬᠦ ᠬᠡᠪᠴᠢᠶ᠎ᠡ ᠶᠢ ᠦᠨᠳᠦᠰᠦᠯᠡᠨ ᠡᠯ᠎ᠡ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠵᠣᠬᠢᠰᠲᠠᠶ ᠲᠣᠭᠲᠠᠭᠠᠵᠤ ᠪᠠᠶᠢᠭᠠᠳ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠰᠢᠭ ᠬᠥᠷᠳᠡᠬᠦ ᠬᠡᠪᠴᠢᠶ᠎ᠡ ᠶᠢ ᠵᠠᠰᠠᠭ ᠤᠨ ᠣᠷᠳᠣᠨ ᠤ ᠬᠠᠷᠢᠶ᠎ᠠ ᠣᠷᠣᠨ ᠪᠦᠰᠡ ᠯᠦᠭᠡ ᠨᠢᠭᠡᠳᠦᠯᠲᠡᠶ ᠪᠠᠶᠢᠯᠭᠠᠵᠤ᠂ ᠠᠰᠢᠭ ᠬᠥᠷᠳᠡᠬᠦ ᠬᠡᠪᠴᠢᠶ᠎ᠡ ᠨᠢ ᠪᠥᠬᠦ ᠣᠷᠣᠨ ᠢ ᠬᠠᠮᠤᠷᠤᠭᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠥᠪᠡᠷᠲᠡᠭᠡᠨ ᠵᠠᠰᠠᠬᠤ ᠣᠷᠣᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠳᠠᠬᠢ ᠣᠷᠣᠨ ᠪᠦᠰᠡ ︵ᠠᠶᠢᠮᠠᠭ ᠬᠤᠳᠠ︶ ᠠᠯᠤᠰᠯᠠᠭᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠦᠪᠡᠷᠳᠡᠬᠡᠨ ᠵᠠᠰᠠᠬᠤ ᠣᠷᠣᠨ ᠬᠢᠭᠡᠳ ᠠᠶᠢᠮᠠᠭ ᠬᠤᠳᠠ ᠬᠠᠮᠳᠣ ᠪᠠᠷ ᠬᠠᠷᠢᠭᠤᠴᠠᠨ᠂ ᠭᠠᠵᠠᠷ ᠣᠷᠣᠨ ᠤ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠠᠶᠢᠮᠠᠭ ᠬᠤᠳᠠ ᠬᠠᠷᠢᠭᠤᠴᠠᠨ᠎ᠠ᠃      — ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠎ᠠ᠃ ᠠᠵᠢᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣ ᠪᠠ ᠣᠨᠴᠠᠯᠢᠭ ᠢ ᠭᠦᠢᠴᠡᠳ ᠪᠣᠳᠣᠯᠬᠢᠯᠠᠨ᠂ ᠠᠵᠢᠯᠯᠠᠭᠠᠨ ᠤ ᠪᠠᠶᠢᠳᠠᠯ ᠨᠢ ᠰᠠᠶᠢᠨ᠂ ᠬᠠᠮᠢᠶᠠᠷᠤᠯᠲᠠ ᠨᠢ ᠪᠦᠲᠦᠮᠵᠢᠲᠠᠢ᠂ ᠵᠠᠮ ᠬᠠᠷᠢᠯᠴᠠᠭᠠᠨ ᠤ ᠬᠥᠭᠵᠢᠯᠲᠡ ᠶᠢᠨ ᠪᠤᠳᠠᠳᠠᠢ ᠳᠤ ᠨᠡᠢᠴᠡᠭᠰᠡᠨ ᠵᠦᠢᠯ ᠢ ᠳ᠋ᠦᠩᠨᠡᠵᠦ ᠨᠣᠲᠠᠯᠠᠨ ᠲᠣᠭᠲᠠᠭᠠᠵᠤ᠂ ᠰᠢᠨ᠎ᠡ ᠴᠠᠭ ᠤᠨ ᠪᠠᠶᠢᠳᠠᠯ ᠳᠤ ᠥᠯᠥ ᠲᠤᠬᠢᠷᠠᠬᠤ ᠪᠠ ᠲᠣᠳᠣᠷᠬᠠᠶ ᠪᠤᠰᠤ ᠵᠦᠢᠯ ᠢ ᠲᠤᠬᠢᠷᠠᠭᠤᠯᠵᠦ ᠲᠡᠭᠦᠯᠳᠡᠷᠵᠢᠭᠦᠯᠦᠨ᠂ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠠᠬᠠᠨ ᠪᠤᠯᠪᠠᠰᠤᠷᠠᠭᠠᠳᠤᠢ ᠵᠦᠢᠯ ᠢ ᠠᠯᠬᠤᠮ ᠠᠯᠬᠤᠮ ᠢᠶᠠᠷ ᠲᠣᠬᠢᠷᠠᠭᠤᠯᠬᠤ ᠪᠠ ᠲᠡᠭᠦᠯᠳᠡᠷᠵᠢᠭᠦᠯᠵᠦ᠂ ᠬᠠᠮᠢᠶ᠎ᠠ ᠪᠥᠬᠦᠢ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃      ᠬᠤᠶᠠᠷ᠂ ᠭᠤᠣᠯ ᠠᠭᠤᠯᠭ᠎ᠠ      ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠣᠨᠴᠠᠯᠢᠭ ᠢ ᠦᠨᠳᠦᠰᠦᠯᠡᠨ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠵᠡᠷᠭᠡ ᠵᠢᠷᠭᠤᠭᠠᠨ ᠲᠠᠯ᠎ᠠ ᠪᠠᠷ ᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃      ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ      1. ᠵᠠᠰᠠᠮᠠᠯ ᠵᠠᠮ᠃      ︵1︶ ᠤᠯᠤᠰ ᠤᠨ ᠳᠡᠭᠡᠲᠦ ᠬᠤᠷᠳᠤ ᠶᠢᠨ ᠵᠠᠰᠠᠮᠠᠯ ᠵᠠᠮ᠃ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠪᠠᠭᠲᠠᠨ᠎ᠠ︶ ᠠᠴᠠ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ ᠪᠣᠳᠠᠲᠠᠶ ᠵᠣᠬᠢᠶᠠᠨ ᠪᠠᠶᠢᠭᠤᠯᠤᠨ ᠭᠡᠷᠡᠭᠵᠢᠬᠦᠯᠵᠦ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠳᠠᠬᠢ ᠲᠥᠪ ᠤᠨ ᠡᠳ᠋ ᠤᠨ ᠵᠠᠰᠠᠭ ᠤᠨ ᠭᠠᠷᠭᠠᠬᠤ ᠪᠠᠯᠠ ᠠᠴᠠ ᠭᠠᠳᠠᠨᠠᠬᠢ ᠪᠤᠰᠤᠳ ᠪᠠᠯᠠ ᠮᠥᠩᠭᠦ ᠴᠤᠭᠯᠠᠭᠤᠯᠬᠤ ᠶᠢ ᠬᠠᠷᠢᠭᠤᠴᠠᠨ᠎ᠠ᠃      ︵2︶ ᠤᠯᠤᠰ ᠤᠨ ᠡᠩ ᠤᠨ ᠵᠠᠮ᠃ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠪᠠᠭᠳᠠᠨ᠎ᠠ︶ ᠠᠴᠠ ᠤᠯᠤᠰ ᠤᠨ ᠡᠩ ᠤᠨ ᠵᠠᠮ ᠤᠨ ᠲᠠᠯ᠎ᠠ ᠳᠠᠬᠢ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠬᠤ ᠬᠡᠰᠡᠭ ᠤᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠵᠢᠴᠢ ᠵᠣᠬᠢᠬᠤ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠡᠰᠡᠭ ᠴᠢᠬᠤᠯᠠ ᠶᠡᠭᠡ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠪᠠᠭᠳᠠᠨ᠎ᠠ︶ ᠠᠴᠠ ᠬᠠᠷᠢᠭᠤᠴᠠᠵᠦ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵3︶ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠃ ᠥᠪᠡᠷᠲᠡᠭᠡᠨ ᠵᠠᠰᠠᠬᠤ ᠣᠷᠣᠨ ᠠᠴᠠ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠤᠷᠸ᠎ᠠ ᠬᠠᠮᠢᠶᠠᠷᠤᠯᠲᠠ᠂ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠠᠯ᠎ᠠ ᠳᠠᠬᠢ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠬᠤ ᠬᠡᠰᠡᠭ ᠤᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠲᠥᠭᠡᠨ ᠪᠠᠢᠭᠤᠯᠬᠤ ᠬᠥᠷᠥᠩᠭᠡ ᠮᠦᠩᠬᠦᠨ ᠤ ᠲᠠᠯ᠎ᠠ ᠪᠠᠷ ᠬᠢ ᠵᠣᠬᠢᠬᠤ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠡᠰᠡᠭ ᠴᠢᠬᠤᠯᠠ ᠶᠡᠭᠡ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠢ ᠪᠠᠭᠲᠠᠭᠠᠨ᠎ᠠ︶ ᠠᠴᠠ ᠬᠠᠷᠢᠭᠤᠴᠠᠵᠦ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵4︶ ᠮᠤᠵᠢ ᠶᠢᠨ ᠡᠩ ᠤᠨ ᠵᠠᠮ᠃ ᠥᠪᠡᠷᠲᠡᠭᠡᠨ ᠵᠠᠰᠠᠬᠤ ᠣᠷᠣᠨ ᠠᠴᠠ ᠮᠤᠵᠢ ᠶᠢᠨ ᠡᠩ ᠤᠨ ᠵᠠᠮ ᠤᠨ ᠲᠤᠰᠬᠠᠶ ᠲᠥᠯᠥᠪᠵᠢᠭᠦᠯᠭᠡ᠂ ᠲᠥᠷᠥ ᠶᠢᠨ ᠪᠤᠳᠤᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠪᠥᠳᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠯ᠎ᠠ ᠶᠢᠨ ᠵᠤᠬᠢᠬᠤ ᠡᠭᠦᠷᠭᠡ ᠬᠠᠷᠢᠭᠤᠴᠠᠯᠭ᠎ᠠ ᠵᠢᠴᠢ ᠵᠤᠬᠢᠬᠤ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃      ︵5︶ ᠤᠯᠤᠰ ᠤᠨ ᠣᠷᠣᠨ ᠪᠦᠰᠡ ᠶᠢᠨ ᠴᠢᠨᠠᠷᠲᠠᠶ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠡᠳ᠋ ᠪᠠᠷᠠᠭᠠᠨ ᠤ ᠨᠥᠭᠡᠴᠡ᠃ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠲᠤᠰᠬᠠᠶ ᠲᠥᠯᠥᠪᠵᠢᠭᠦᠯᠭᠡ ᠶᠢ ᠦᠨᠳᠦᠰᠦᠯᠡᠨ ᠤᠯᠤᠰ ᠤᠨ ᠣᠷᠣᠨ ᠪᠦᠰᠡ ᠶᠢᠨ ᠴᠢᠨᠠᠷᠲᠠᠶ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠡᠳ᠋ ᠪᠠᠷᠠᠭ᠎ᠠ ᠨᠥᠭᠡᠴᠡᠯᠡᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ ᠬᠠᠷᠢᠭᠤᠴᠠᠵᠦ ᠵᠣᠬᠢᠶᠠᠨ ᠪᠠᠢᠭᠤᠯᠵᠦ ᠬᠡᠷᠡᠭᠵᠢᠬᠦᠯᠦᠨ᠎ᠡ᠃ ᠥᠪᠡᠷᠲᠡᠭᠡᠨ ᠵᠠᠰᠠᠬᠤ ᠣᠷᠣᠨ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃      2. ᠤᠰᠤᠨ ᠵᠠᠮ᠃ ᠮᠤᠵᠢ ᠠᠯᠤᠰᠯᠠᠭᠰᠠᠨ ᠤᠰᠤᠨ ᠳᠡᠬᠡᠷᠡᠭᠢ ᠠᠶᠠᠯᠠᠬᠤ ᠵᠠᠮ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠤᠨ ᠭᠦᠢᠴᠡᠳᠬᠡᠨ ᠬᠡᠷᠡᠭᠵᠢᠬᠦᠯᠬᠦ ᠶᠢ ᠳᠠᠭᠠᠭᠠᠨ ᠡᠭᠦᠷᠬᠡᠯᠡᠨ᠎ᠡ᠃ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      3. ᠲᠡᠮᠦᠷ ᠵᠠᠮ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠷ ᠳᠤᠨᠨᠲᠠᠭᠠᠨᠨᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠡᠭᠡᠭᠡᠪᠦᠷᠢ᠂ ᠬᠢᠨᠠᠯᠲᠠ ᠲᠠᠯᠪᠢᠵᠤ ᠦᠨᠡᠯᠡᠬᠦ ᠪᠠ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠲᠤ ᠥᠪᠡᠷᠲᠡᠭᠡᠨ ᠵᠠᠰᠠᠬᠤ ᠣᠷᠣᠨ ᠠᠴᠠ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      4. ᠠᠷᠠᠳ ᠤᠨ ᠠᠭᠠᠷ ᠤᠨ ᠲᠡᠭᠡᠭᠡᠪᠦᠷᠢ᠃      ︵1︶ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠪᠠ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠠᠴᠠ ᠬᠡᠷᠡᠭᠵᠢᠭᠦᠯᠦᠨ᠎ᠡ᠃      ︵2︶ ᠪᠥᠬᠦ ᠤᠯᠤᠰ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯᠲᠠ ᠪᠠ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠥᠬᠦ ᠣᠷᠣᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠥᠳᠥᠭᠡᠨ ᠪᠠᠶᠢᠭᠤᠯᠬᠤ ᠲᠥᠯᠥᠪᠵᠢᠭᠦᠯᠭᠡ ᠶᠢ ᠲᠣᠭᠲᠠᠭᠠᠨ᠎ᠠ᠃      ︵3︶ ᠪᠥᠬᠦ ᠣᠷᠣᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯᠲᠠ ᠪᠠ ᠲᠥᠯᠥᠪᠵᠢᠭᠦᠯᠭᠡ ᠶᠢ ᠲᠣᠭᠲᠠᠭᠠᠨ᠎ᠠ᠃      ︵4︶ ᠴᠢᠬᠤᠯᠠ ᠶᠡᠭᠡ ᠪᠠ ᠪᠠᠴᠢᠮ ᠪᠠᠶᠢᠳᠠᠯ ᠤᠨ ᠠᠭᠠᠷ ᠤᠨ ᠲᠡᠭᠡᠭᠡᠪᠦᠷᠢ᠃ ᠥᠪᠡᠷᠲᠡᠭᠡᠨ ᠵᠠᠰᠠᠬᠤ ᠣᠷᠣᠨ ᠠᠴᠠ ᠲᠥᠷᠥ ᠶᠢᠨ ᠪᠣᠳᠣᠯᠭ᠎ᠠ ᠲᠣᠭᠲᠠᠭᠠᠬᠤ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠪᠠᠭᠳᠠᠨ᠎ᠠ︶ ᠠᠴᠠ ᠬᠡᠷᠡᠭᠵᠢᠭᠦᠯᠦᠨ᠎ᠡ᠃      ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠦᠷᠢᠶᠡᠨ ᠤ ᠵᠦᠢᠯᠡᠰ ᠲᠤ ᠥᠪᠡᠷᠲᠡᠭᠡᠨ ᠵᠠᠰᠠᠬᠤ ᠣᠷᠣᠨ ᠠᠴᠠ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      5. ᠰᠢᠦᠳᠠᠨ ᠤ ᠶᠠᠪᠤᠳᠠᠯ᠃      ︵1︶ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ ᠠᠴᠠ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠣᠳᠠᠲᠠᠶ ᠭᠦᠢᠴᠡᠳᠭᠡᠬᠦ ᠵᠦᠢᠯᠡᠰ ᠤᠨ ᠬᠡᠷᠡᠭᠵᠢᠭᠦᠯᠦᠯᠲᠡ ᠶᠢ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ︵2︶ ᠰᠢᠦᠳᠠᠨ ᠤ ᠤᠯᠠᠨ ᠨᠡᠶᠢᠲᠡ ᠶᠢᠨ ᠪᠤᠰᠤᠳ ᠦᠢᠯᠡᠴᠢᠯᠡᠭᠡ᠃ ᠥᠪᠡᠷᠲᠡᠭᠡᠨ ᠵᠠᠰᠠᠬᠤ ᠣᠷᠣᠨ ᠠᠴᠠ ᠰᠢᠤᠳᠠᠨ ᠤ ᠲᠦᠭᠡᠮᠡᠯ ᠦᠢᠯᠡᠴᠢᠯᠡᠭᠡ᠂ ᠤᠨᠴᠠᠭᠠᠢ ᠦᠢᠯᠡᠴᠢᠯᠡᠭᠡ᠂ ᠲᠦᠷᠭᠡᠨ ᠢᠯᠡᠭᠡᠬᠦ ᠵᠦᠢᠯ ᠢ ᠬᠢᠯᠢ ᠪᠠᠷ ᠣᠷᠣᠭᠤᠯᠵᠤ ᠭᠠᠷᠭᠠᠬᠤ ᠪᠠ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠦᠢᠯᠡᠴᠢᠯᠡᠭᠦᠷ ᠤᠨ ᠦᠵᠦᠭᠦᠷ ᠤᠨ ᠰᠠᠭᠤᠷᠢ ᠪᠡᠯᠡᠳᠬᠡᠮᠵᠢ᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠴᠡᠭᠴᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ᠳᠡᠭᠡᠷ᠎ᠡ ᠳᠤᠷᠠᠳᠤᠭᠰᠠᠨ ᠵᠦᠢᠯᠡᠰ ᠢ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠶᠢᠨ ᠪᠣᠳᠠᠲᠠᠶ ᠨᠠᠶᠢᠳᠠᠪᠤᠷᠢᠵᠢᠭᠤᠯᠵᠤ ᠬᠡᠷᠡᠭᠵᠢᠬᠦᠯᠬᠦ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ︵ᠬᠤᠶᠠᠷ︶ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ᠃      1. ᠵᠠᠰᠠᠮᠠᠯ ᠵᠠᠮ᠃      ︵1︶ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠯ᠎ᠡ ᠱᠠᠲᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠡᠳ᠋ ᠪᠠᠷᠠᠭ᠎ᠠ ᠶᠢᠨ ᠨᠦᠬᠡᠴᠡ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠠᠶᠢᠮᠠᠭ ᠬᠤᠲᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      ︵2︶ ᠵᠠᠮ ᠲᠡᠭᠡᠭᠡᠪᠦᠷᠢ ᠶᠢᠨ ᠥᠷᠲᠡᠭᠡ ᠲᠠᠯᠠᠪᠤᠷ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠭᠡᠭᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠣᠡᠭᠡᠨ ᠬᠡᠷᠩᠵᠢᠭᠦᠯᠭᠦ ᠶᠢ ᠠᠶᠢᠮᠠᠭ ᠬᠤᠲᠠ ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      ︵3︶ ᠵᠠᠮ ᠲᠡᠭᠡᠭᠡᠪᠦᠷᠢ ᠶᠢᠨ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠂ ᠬᠢᠨᠠᠯᠲᠠ ᠲᠠᠯᠪᠢᠵᠤ ᠦᠨᠡᠯᠡᠬᠦ᠂ ᠵᠣᠬᠢᠶᠠᠨ ᠪᠠᠶᠢᠭᠤᠯᠵᠤ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠬᠦᠯᠬᠦ ᠶᠢ ᠠᠶᠢᠮᠠᠭ ᠬᠤᠲᠠ ᠳᠠᠭᠠᠭᠠᠨ ᠡᠭᠦᠷᠬᠡᠯᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      2. ᠤᠰᠤᠨ ᠵᠠᠮ᠃      ︵1︶ ᠤᠰᠤᠨ ᠵᠠᠮ ᠤᠨ ᠲᠡᠭᠡᠭᠡᠪᠦᠷᠢ ᠶᠢᠨ ᠪᠣᠬᠢᠷᠲᠤᠯ ᠥᠬᠡᠶ ᠬᠦᠭᠵᠢᠯᠲᠡ᠃ ᠥᠪᠡᠷᠲᠡᠭᠡᠨ ᠵᠠᠰᠠᠬᠤ ᠣᠷᠣᠨ ᠨᠢ ᠲᠥᠪ ᠤᠨ ᠲᠥᠯᠥᠪᠵᠢᠭᠦᠯᠭᠡ ᠶᠢ ᠦᠨᠳᠦᠰᠦᠯᠡᠨ ᠵᠣᠬᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠠᠶᠢᠮᠠᠭ ᠬᠤᠲᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠳᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      ︵2︶ ᠥᠪᠡᠷᠲᠡᠭᠡᠨ ᠵᠠᠰᠠᠬᠤ ᠣᠷᠣᠨ ᠤ ᠬᠠᠮᠢᠶᠠᠷᠴᠤ ᠪᠠᠶᠢᠭ᠎ᠠ ᠤᠰᠤᠨ ᠣᠷᠣᠨ ᠳᠤ ᠬᠠᠶᠢᠨ ᠠᠪᠤᠷᠠᠬᠤ ᠪᠠ ᠣᠩᠭᠤᠴᠠ ᠰᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ᠃ ᠥᠪᠡᠷᠲᠡᠭᠡᠨ ᠵᠠᠰᠠᠬᠤ ᠣᠷᠣᠨ ᠠᠴᠠ ᠲᠥᠷᠥ ᠶᠢᠨ ᠪᠣᠳᠣᠯᠭ᠎ᠠ ᠶᠢᠨ ᠲᠤᠨᠨᠳᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠠᠶᠢᠮᠠᠭ ᠬᠤᠲᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      3. ᠲᠡᠮᠦᠷ ᠵᠠᠮ᠃      ︵1︶ ᠭᠤᠣᠯ ᠱᠤᠭᠤᠮ ᠤᠨ ᠲᠡᠮᠦᠷ ᠵᠠᠮ᠃ ᠲᠥᠪ ︵ᠲᠥᠪ ᠤᠨ ᠠᠵᠤ ᠠᠬᠤᠶᠢᠯᠠᠯ ᠪᠠᠭᠲᠠᠨ᠎ᠠ︶ ᠬᠢᠭᠡᠳ ᠮᠠᠨ ᠤ ᠣᠷᠣᠨ ᠠᠴᠠ ᠭᠤᠣᠯ ᠱᠤᠭᠤᠮ ᠤᠨ ᠲᠡᠮᠥᠷ ᠵᠠᠮ ᠤᠨ ᠲᠠᠯ᠎ᠠ ᠪᠠᠷ ᠬᠢ ᠵᠣᠬᠢᠶᠠᠨ ᠪᠠᠶᠢᠭᠤᠯᠬᠤ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠂ ᠡᠭᠦᠨ ᠳᠤ ᠪᠥᠳᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠭᠡᠭᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢᠴᠡᠳᠬᠡᠬᠦ ᠵᠦᠢᠯᠡᠰ ᠪᠠᠭᠲᠠᠨ᠎ᠠ᠃      ︵2︶ ᠬᠤᠳᠠ ᠶᠢᠨ ᠬᠤᠭᠤᠷᠣᠨᠳᠣᠬᠢ ᠲᠡᠮᠤᠷ ᠵᠠᠮ᠃ ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶᠢᠮᠠᠭ ᠬᠤᠲᠠ ᠨᠢ ᠬᠤᠲᠠ ᠶᠢᠨ ᠬᠤᠭᠤᠷᠣᠨᠳᠣᠬᠢ ᠲᠡᠮᠦᠷ ᠵᠠᠮ ᠤᠨ ᠲᠠᠯ᠎ᠠ ᠪᠠᠷ ᠬᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠂ ᠡᠭᠦᠨ ᠳᠤ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢᠴᠡᠳᠭᠡᠬᠦ ᠵᠦᠢᠯᠡᠰ ᠪᠠᠭᠲᠠᠨ᠎ᠠ᠃      ᠳᠡᠭᠡᠷ᠎ᠡ ᠳᠤᠷᠠᠳᠤᠭᠰᠠᠨ ᠲᠡᠮᠦᠷ ᠵᠠᠮ ᠤᠨ ᠭᠦᠷᠢᠶᠡᠨ ᠤ ᠵᠦᠢᠯᠡᠰ ᠲᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      4. ᠠᠷᠠᠳ ᠤᠨ ᠠᠭᠠᠷ ᠤᠨ ᠲᠡᠭᠡᠭᠡᠪᠦᠷᠢ᠃      ︵1︶ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠠᠭᠠᠷ ᠤᠨ ᠠᠶᠠᠯᠠᠯ ᠤᠨ ᠱᠤᠭᠤᠮ ᠤᠨ ᠲᠡᠭᠡᠭᠡᠪᠦᠷᠢ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠠᠴᠠ ᠰᠢᠭᠤᠳ ᠬᠠᠮᠢᠶᠠᠷᠴᠤ ᠪᠠᠶᠢᠭ᠎ᠠ ᠬᠥᠬᠡᠬᠤᠲᠠ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠠᠭᠠᠷ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠪᠣᠳᠠᠲᠠᠶ ᠬᠡᠷᠡᠭᠵᠢᠭᠦᠯᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠢᠶᠠᠷ ᠭᠤᠤᠯ ᠪᠣᠯᠭᠠᠨ ᠬᠡᠷᠡᠭᠵᠢᠭᠦᠯᠦᠨ᠎ᠡ᠃      ︵2︶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠳᠥᠭᠡᠨ ᠪᠠᠶᠢᠭᠤᠯᠤᠯᠲᠠ ᠪᠠ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠠᠵᠢᠯᠯᠠᠬᠤ ᠲᠥᠷᠥᠯ ᠵᠦᠢᠯ᠃      ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠦᠷᠢᠶᠡᠨ ᠤ ᠵᠦᠢᠯᠡᠰ ᠲᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      5. ᠰᠢᠦᠳᠠᠨ ᠤ ᠶᠠᠪᠤᠳᠠᠯ᠃      ︵1︶ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠬᠠᠮᠳᠤ ᠪᠠᠷ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠪᠣᠳᠠᠲᠠᠶ ᠬᠡᠷᠡᠭᠵᠢᠭᠦᠯᠬᠦ ᠵᠦᠢᠯᠡᠰ ᠢ ᠳᠠᠭᠠᠭᠠᠨ ᠡᠭᠦᠷᠭᠡᠯᠡᠨ᠎ᠡ᠃      ︵2︶ ᠰᠢᠦᠳᠠᠨ ᠤ ᠤᠯᠠᠨ ᠨᠡᠶᠢᠲᠡ ᠶᠢᠨ ᠪᠤᠰᠤᠳ ᠦᠢᠯᠡᠴᠢᠯᠡᠭᠡ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠬᠠᠮᠳᠤ ᠪᠠᠷ ᠰᠢᠤᠳᠠᠨ ᠤ ᠲᠦᠭᠡᠮᠡᠯ ᠦᠢᠯᠡᠴᠢᠯᠡᠭᠡ᠂ ᠤᠨᠴᠠᠭᠠᠢ ᠦᠢᠯᠡᠴᠢᠯᠡᠭᠡ ᠪᠠ ᠤᠶᠤᠨᠴᠢ ᠲᠦᠷᠭᠡᠨ ᠢᠯᠡᠭᠡᠯᠲᠡ ᠶᠢᠨ ᠵᠦᠢᠯ ᠤᠨ ᠬᠠᠶᠢᠷᠴᠠᠭ ︵ᠵᠠᠬᠢᠳᠠᠯ ᠪᠠ ᠪᠣᠭᠤᠳᠠᠯ ᠤᠨ ᠬᠠᠶᠢᠷᠴᠠᠭ︶ ᠵᠡᠷᠭᠡ ᠰᠠᠭᠤᠷᠢ ᠪᠡᠯᠡᠳᠬᠡᠮᠵᠢ᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠵᠡᠷᠭᠡ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ᠳᠡᠭᠡᠷ᠎ᠡ ᠳᠤᠷᠠᠳᠤᠭᠰᠠᠨ ᠵᠦᠢᠯᠡᠰ ᠲᠤ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠲᠥᠯᠥᠪᠵᠢᠭᠦᠯᠭᠡ᠂ ᠲᠥᠷᠥ ᠶᠢᠨ ᠪᠤᠳᠤᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠠᠶᠢᠮᠠᠭ ᠬᠤᠳᠠ ᠨᠢ ᠪᠣᠳᠠᠲᠠᠶ ᠵᠦᠢᠯᠡᠰ ᠤᠨ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      6. ᠶᠡᠷᠦᠩᠬᠡᠶᠢᠯᠡᠭᠰᠡᠨ ᠵᠠᠮ ᠬᠠᠷᠢᠯᠴᠠᠭ᠎ᠠ᠃      ︵1︶ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ᠃ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠥᠰᠦᠯ ᠢ ᠲᠣᠭᠲᠠᠭᠠᠬᠤ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠣᠳᠠᠲᠠᠶ ᠭᠦᠢᠴᠡᠳᠭᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠬᠠᠮᠳᠤ ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ︵ᠣᠷᠣᠨ ᠤ ᠬᠠᠷᠢᠶ᠎ᠠ ᠠᠵᠤ ᠠᠬᠤᠶᠢᠯᠠᠯ ᠪᠠᠭᠲᠠᠨ᠎ᠠ︶ ᠪᠠ ᠠᠶᠢᠮᠠᠭ ᠬᠤᠲᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      ︵2︶ ᠪᠦᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠬᠢᠭᠡᠣᠨ ᠲᠥᠪᠯᠡᠷᠡᠭᠦᠯᠬᠦ ᠶᠠᠪᠤᠭᠤᠯᠬᠤ ᠲᠡᠭᠡᠭᠡᠪᠦᠷᠢᠯᠡᠬᠦ ᠲᠣᠭᠲᠠᠯᠴᠠᠭ᠎ᠠ᠃ ᠲᠥᠪ ᠤᠨ ᠲᠤᠰᠬᠠᠶ ᠲᠥᠯᠥᠪᠵᠢᠭᠦᠯᠭᠡ ᠶᠢ ᠦᠨᠳᠦᠰᠦᠯᠡᠵᠦ᠂ ᠪᠥᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠬᠢᠭᠡᠳ ᠲᠥᠪᠯᠡᠷᠡᠭᠦᠯᠬᠦ ᠶᠠᠪᠤᠭᠤᠯᠬᠤ ᠲᠡᠭᠡᠭᠡᠪᠦᠷᠢᠯᠡᠬᠦ ᠲᠣᠨᠨᠳᠠᠯᠴᠠᠭ᠎ᠠ ᠶᠢᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢᠴᠡᠳᠭᠡᠬᠦ ᠵᠦᠢᠯᠡᠰ ᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠨᠢ ᠬᠠᠮᠳᠣ ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠳᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      ︵3︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡ᠂ ᠴᠡᠷᠢᠭ ᠠᠷᠠᠳ ᠤᠨ ᠬᠡᠷᠡᠭᠴᠡᠭᠡ ᠶᠢᠨ ᠠᠭᠤᠰᠤᠯᠴᠠᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠳᠠᠶᠢᠴᠢᠯᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠤᠯᠤᠰ ᠤᠨ ᠣᠨᠴᠠᠭᠠᠢ ᠭᠤᠤᠯᠳᠠᠯᠭ᠎ᠠ ᠲᠠᠢ ᠡᠳ᠋ ᠪᠠᠷᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠵᠡᠷᠭᠡ ᠡᠭᠦᠷᠭᠡ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠳᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      ︵4︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯ ᠲᠦᠷᠦᠯ ᠤᠨ ᠬᠠᠮᠢᠶᠠᠷᠤᠯᠲᠠ ᠶᠢᠨ ᠮᠡᠳᠡᠭᠡ ᠵᠠᠩᠬᠢᠴᠢᠯᠠᠯᠲᠠ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠳᠠ ᠨᠢ ᠪᠥᠳᠥᠭᠡᠨ ᠪᠠᠶᠢᠭᠤᠯᠬᠤ᠂ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢᠴᠡᠳᠬᠡᠬᠦ ᠵᠦᠢᠯᠡᠰ ᠤᠨ ᠬᠡᠷᠡᠭᠵᠢᠭᠦᠯᠦᠯᠲᠡ ᠶᠢ ᠬᠠᠮᠳᠤ ᠪᠠᠷ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠳᠠ ᠨᠢ ᠲᠥᠪ ᠤᠨ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      ︵ᠭᠤᠷᠪᠠ︶ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ᠃      1. ᠵᠠᠰᠠᠮᠠᠯ ᠵᠠᠮ᠃      ︵1︶ ᠤᠯᠤᠰ ᠤᠨ ᠡᠩ ᠤᠨ ᠵᠠᠮ᠃ ᠠᠶᠢᠮᠠᠭ ᠬᠤᠳᠠ ᠨᠢ ᠤᠯᠤᠰ ᠤᠨ ᠡᠩ ᠤᠨ ᠵᠠᠮ ᠤᠨ ᠪᠥᠳᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠯ᠎ᠠ ᠶᠢᠨ ᠵᠣᠬᠢᠬᠤ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠤᠯᠤᠰ ᠤᠨ ᠡᠩ ᠤᠨ ᠵᠠᠮ ᠤᠨ ᠪᠥᠳᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠠᠬᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ ᠭᠠᠳᠠᠨᠠᠬᠢ ᠪᠤᠰᠤᠳ ᠵᠠᠷᠤᠯᠭ᠎ᠠ ︵ᠵᠢᠱᠢᠶᠡᠯᠡᠪᠡᠯ ᠭᠠᠵᠠᠷ ᠳᠠᠲᠠᠪᠤᠷᠢᠯᠠᠬᠤ ᠳᠤ ᠨᠤᠷᠠᠭᠠᠵᠦ ᠨᠡᠭᠦᠯᠭᠡᠬᠦ ᠵᠡᠷᠭᠡ︶ ᠶᠢ ᠳᠠᠭᠠᠭᠠᠨ ᠡᠭᠦᠷᠭᠡᠯᠡᠨ᠎ᠡ᠃      ︵2︶ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠃ ᠠᠶᠢᠮᠠᠭ ᠬᠤᠲᠠ ︵ᠬᠠᠷᠢᠶ᠎ᠠ ᠪᠥᠬᠦᠶ ᠠᠵᠤ ᠠᠬᠤᠶᠢᠯᠠᠯ ᠪᠠᠭᠲᠠᠨ᠎ᠠ︶ ᠨᠢ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠯ᠎ᠠ ᠶᠢᠨ ᠵᠣᠬᠢᠬᠤ ᠡᠭᠦᠷᠭᠡ ᠬᠠᠷᠢᠭᠤᠴᠠᠯᠭ᠎ᠠ ᠵᠢᠴᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠪᠠᠯᠠ ᠭᠠᠷᠭᠠᠭᠰᠠᠨ ᠠᠴᠠ ᠭᠠᠳᠠᠨᠠᠬᠢ ᠪᠤᠰᠤᠳ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃      ︵3︶ ᠮᠤᠵᠢ ᠶᠢᠨ ᠡᠩ ᠤᠨ ᠵᠠᠮ᠃ ᠠᠶᠢᠮᠠᠭ ᠬᠤᠳᠠ ᠨᠢ ᠮᠤᠵᠢ ᠶᠢᠨ ᠡᠩ ᠤᠨ ᠵᠠᠮ ᠤᠨ ᠪᠥᠳᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠠᠯ᠎ᠠ ᠶᠢᠨ ᠵᠣᠬᠢᠬᠤ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠡᠯᠡ ᠭᠠᠷᠭᠠᠭᠰᠠᠨ ᠠᠴᠠ ᠭᠠᠳᠠᠨᠠᠬᠢ ᠪᠤᠰᠤᠳ ᠵᠠᠷᠤᠯᠭ᠎ᠠ ᠶᠢ ᠳᠠᠭᠠᠭᠠᠨ ᠡᠭᠦᠷᠭᠡᠯᠡᠨ᠎ᠡ᠃      ︵4︶ ᠬᠥᠳᠡᠭᠡ ᠲᠣᠰᠬᠤᠨ ᠤ ᠵᠠᠰᠠᠮᠠᠯ ᠵᠠᠮ᠃ ᠠᠶᠢᠮᠠᠭ ᠬᠤᠲᠠ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠪᠣᠳᠠᠲᠠᠶ ᠭᠦᠢᠴᠡᠳᠭᠡᠬᠦ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠳᠤ ᠵᠠᠷᠤᠯᠭ᠎ᠠ ᠶᠢᠨ ᠬᠠᠷᠢᠭᠤᠴᠠᠯᠭ᠎ᠠ ᠶᠢ ᠠᠶᠢᠮᠠᠭ ᠬᠤᠲᠠ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢ ᠨᠢ ᠦᠵᠡᠵᠦ ᠪᠠᠶᠢᠭᠠᠳ ᠪᠥᠲᠥᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠲᠠᠯ᠎ᠠ ᠪᠠᠷ ᠵᠣᠬᠢᠬᠤ ᠪᠠᠯᠠ ᠮᠥᠩᠭᠦ ᠶᠢᠨ ᠳᠡᠮᠵᠢᠯᠭᠡ ᠦᠵᠡᠬᠦᠯᠦᠨ᠎ᠡ᠃      2. ᠤᠰᠤᠨ ᠵᠠᠮ᠃      ︵1︶ ᠳᠣᠲᠣᠭᠠᠳᠤ ᠭᠤᠣᠯ ᠮᠥᠷᠡᠨ ᠤ ᠪᠤᠰᠤᠳ ᠠᠶᠠᠯᠠᠯ ᠤᠨ ᠵᠠᠮ᠃ ᠠᠶᠢᠮᠠᠭ ᠬᠤᠲᠠ ᠨᠢ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ︵2︶ ᠠᠶᠠᠨᠴᠢᠳ ᠤᠨ ᠲᠡᠭᠡᠭᠡᠪᠦᠷᠢ ᠶᠢᠨ ᠭᠠᠷᠠᠮ ᠤᠨ ᠠᠶᠤᠯ ᠥᠬᠡᠶ ᠶᠢ ᠪᠠᠶᠢᠴᠠᠭᠠᠨ ᠰᠢᠯᠭᠠᠬᠤ ᠪᠡᠯᠡᠳᠬᠡᠮᠵᠢ᠂ ᠬᠥᠳᠡᠭᠡ ᠲᠣᠰᠬᠤᠨ ᠤ ᠤᠰᠤᠨ ᠵᠠᠮ ᠳᠡᠭᠡᠷᠡᠬᠢ ᠠᠶᠠᠨᠴᠢᠳ ᠤᠨ ᠵᠦᠬᠡᠬᠡᠪᠦᠷᠢ ᠲᠡᠭᠡᠭᠡᠪᠦᠷᠢ ᠶᠢᠨ ᠬᠠᠮᠢᠶᠠᠷᠤᠯᠲᠠ᠃ ᠠᠶᠢᠮᠠᠭ ᠬᠤᠲᠠ ᠨᠢ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠶᠢᠨ ᠬᠠᠮᠲᠤ᠂ ᠪᠥᠲᠥᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ︵3︶ ᠥᠪᠡᠷᠲᠡᠭᠡᠨ ᠵᠠᠰᠠᠬᠤ ᠣᠷᠣᠨ ᠠᠴᠠ ᠬᠠᠮᠢᠶᠠᠷᠬᠤ ᠤᠰᠤᠨ ᠣᠷᠣᠨ ᠤ ᠤᠰᠤᠨ ᠵᠠᠮ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ ᠠᠶᠢᠮᠠᠭ ᠬᠤᠲᠠ ᠨᠢ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠬᠦᠯᠬᠦ ᠶᠢ ᠳᠠᠭᠠᠭᠠᠨ ᠡᠭᠦᠷᠬᠡᠯᠡᠨ᠎ᠡ᠃ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      3. ᠲᠡᠮᠦᠷ ᠵᠠᠮ᠃      ︵1︶ ᠬᠤᠲᠠ ᠶᠢᠨ ᠴᠠᠷᠠᠭᠠᠨ ︵ᠲᠡᠭᠦᠷᠭᠡ︶ ᠳᠠᠬᠢ ᠲᠡᠮᠦᠷ ᠵᠠᠮ᠂ ᠰᠠᠯᠪᠤᠷᠢ ᠱᠤᠭᠤᠮ ᠤᠨ ᠲᠡᠮᠦᠷ ᠵᠠᠮ᠂ ᠲᠡᠮᠦᠷ ᠵᠠᠮ ᠤᠨ ᠲᠤᠰᠬᠠᠶ ᠱᠤᠭᠤᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠵᠤ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠶᠢ ᠪᠠᠭᠲᠠᠭᠠᠭᠰᠠᠨ ᠪᠣᠳᠠᠲᠠᠢ ᠭᠦᠢᠴᠡᠳᠭᠡᠬᠦ ᠵᠦᠢᠯᠡᠰ ᠢ ᠡᠯ᠎ᠡ ᠠᠶᠢᠮᠠᠭ ᠬᠤᠲᠠ ᠬᠡᠷᠡᠭᠵᠢᠭᠦᠯᠬᠦ ᠪᠤᠶᠤ ᠥᠪᠡᠷᠲᠡᠭᠡᠨ ᠵᠠᠰᠠᠬᠤ ᠣᠷᠣᠨ ᠳᠠᠬᠢ ᠲᠡᠮᠦᠷ ᠵᠠᠮ ᠤᠨ ᠲᠣᠪᠴᠢᠶ᠎ᠠ ᠳᠤ ᠨᠠᠶᠢᠳᠠᠵᠤ ᠬᠡᠷᠡᠭᠵᠢᠭᠦᠯᠦᠨ᠎ᠡ᠃      ︵2︶ ᠲᠡᠮᠦᠷ ᠵᠠᠮ ᠳᠠᠭᠠᠤ ︵ᠤᠯᠠᠭᠠᠨ ᠱᠤᠭᠤᠮ ᠠᠴᠠ ᠭᠠᠳᠠᠨᠠᠬᠢ︶ ᠶᠢᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠪᠠ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ᠂ ᠤᠯᠤᠰ ᠤᠨ ᠲᠡᠮᠦᠷ ᠵᠠᠮ᠂ ᠤᠯᠤᠰ ᠤᠨ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠤᠳᠠᠳᠠᠢ ᠬᠠᠮᠢᠶᠠᠷᠴᠤ ᠪᠠᠶᠢᠭ᠎ᠠ ᠪᠠᠯᠠ ᠨᠡᠶᠢᠯᠡᠭᠦᠯᠦᠭᠰᠡᠨ ᠲᠡᠮᠦᠷ ᠵᠠᠮ ᠠᠴᠠ ᠭᠠᠳᠠᠨ᠎ᠠ ᠪᠤᠰᠤᠳ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠠᠶᠢᠮᠠᠭ ᠬᠤᠲᠠ ᠬᠠᠷᠢᠭᠤᠴᠠᠨ᠎ᠠ᠃      ᠳᠡᠭᠡᠷ᠎ᠡ ᠳᠤᠷᠠᠳᠤᠭᠰᠠᠨ ᠲᠡᠮᠦᠷ ᠵᠠᠮ ᠤᠨ ᠬᠦᠷᠢᠶᠡᠨ ᠤ ᠵᠦᠢᠯᠡᠰ ᠲᠤ ᠠᠶᠢᠮᠠᠭ ᠬᠤᠲᠠ ᠨᠢ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ      4. ᠠᠷᠠᠳ ᠤᠨ ᠠᠭᠠᠷ ᠤᠨ ᠲᠡᠭᠡᠭᠡᠪᠦᠷᠢ᠃      ︵1︶ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠬᠤ᠂ ᠬᠠᠮᠠᠭᠠᠯᠠᠬᠤ᠂ ᠲᠡᠬᠡᠬᠡᠪᠦᠷᠢᠯᠡᠨ ᠡᠵᠡᠩᠨᠡᠬᠦ ᠪᠠ ᠣᠯᠠᠨ ᠨᠡᠶᠢᠲᠡ ᠶᠢᠨ ᠠᠭᠠᠷ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠪᠣᠳᠠᠲᠠᠶ ᠵᠦᠢᠯᠡᠰ ᠢ ᠭᠦᠢᠴᠳᠭᠡᠨ ᠬᠡᠷᠡᠭᠵᠢᠭᠦᠯᠦᠨ᠎ᠡ᠃      ︵2︶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ᠂ ᠬᠠᠮᠠᠭᠠᠯᠠᠯᠲᠠ᠂ ᠡᠵᠡᠩᠨᠡᠯᠲᠡ ᠪᠠ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠢᠯᠯᠠᠭᠠᠨ ᠤ ᠲᠥᠷᠥᠯ ᠵᠦᠢᠯ ᠤᠨ ᠪᠣᠳᠠᠲᠠᠶ ᠭᠦᠢᠴᠡᠳᠭᠡᠬᠦ ᠵᠦᠢᠯᠡᠰ ᠢ ᠬᠡᠷᠡᠭᠵᠢᠭᠦᠯᠦᠨ᠎ᠡ᠃      ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠦᠷᠢᠶᠡᠨ ᠤ ᠵᠦᠢᠯᠡᠰ ᠲᠤ ᠠᠶᠢᠮᠠᠭ ᠬᠤᠲᠠ ᠨᠢ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      5. ᠰᠢᠦᠳᠠᠨ ᠤ ᠶᠠᠪᠤᠳᠠᠯ᠃      ︵1︶ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ ᠠᠶᠢᠮᠠᠭ ᠬᠤᠳᠠ ᠨᠢ ᠰᠢᠦᠳᠠᠨ ᠤ ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠬᠤ ᠲᠣᠭᠲᠠᠯᠴᠠᠭ᠎ᠠ᠂ ᠭᠤᠪᠢᠭᠤᠯᠵᠦ ᠢᠯᠡᠭᠡᠬᠦ ᠶᠢᠨ ᠠᠮᠤᠷ ᠲᠦᠪᠰᠢᠨ ᠢ ᠪᠠᠲᠤᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠣᠳᠠᠲᠠᠶ ᠵᠦᠢᠯᠡᠰ ᠢ ᠭᠦᠢᠴᠡᠳᠭᠡᠨ ᠬᠡᠷᠡᠭᠵᠢᠬᠦᠯᠬᠦ ᠶᠢ ᠳᠠᠭᠠᠭᠠᠨ ᠡᠭᠦᠷᠭᠡᠯᠡᠵᠦ᠂ ᠠᠶᠢᠮᠠᠭ ᠬᠤᠳᠠ ᠶᠢᠨ ᠰᠢᠦᠳᠠᠨ ᠤ ᠦᠢᠯᠡᠰ ᠤᠨ ᠠᠮᠤᠷ ᠲᠦᠪᠰᠢᠨ ᠤ ᠲᠥᠪ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ︵2︶ ᠰᠢᠦᠳᠠᠨ ᠤ ᠤᠯᠠᠨ ᠨᠡᠶᠢᠲᠡ ᠶᠢᠨ ᠪᠤᠰᠤᠳ ᠦᠢᠯᠡᠴᠢᠯᠡᠭᠡ᠃ ᠠᠶᠢᠮᠠᠭ ᠬᠤᠲᠠ ᠨᠢ ᠮᠠᠯᠵᠢᠬᠤ ᠲᠠᠷᠢᠶᠠᠯᠠᠬᠤ ᠣᠷᠣᠨ ᠤ ᠰᠢᠤᠳᠠᠨ ᠤ ᠲᠦᠭᠡᠮᠡᠯ ᠦᠢᠯᠡᠴᠢᠯᠡᠭᠡ᠂ ᠤᠨᠴᠠᠭᠠᠢ ᠦᠢᠯᠡᠴᠢᠯᠡᠭᠡ᠂ ︽ᠲᠦᠷᠭᠡᠨ ᠢᠯᠡᠭᠡᠯᠲᠡ ᠶᠢ ᠲᠣᠰᠬᠤᠨ ᠳᠤ ᠣᠷᠣᠭᠤᠯᠬᠤ︾᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠵᠦᠢᠯᠡᠰ ᠲᠤ ᠠᠶᠢᠮᠠᠭ ᠬᠤᠲᠠ ᠨᠢ ᠪᠥᠲᠥᠭᠡᠨ ᠪᠠᠶᠢᠭᠤᠯᠬᠤ᠂ ᠬᠠᠮᠠᠭᠠᠯᠠᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠭᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      6. ᠶᠡᠷᠦᠩᠬᠡᠶᠢᠯᠡᠭᠰᠡᠨ ᠵᠠᠮ ᠬᠠᠷᠢᠯᠴᠠᠭ᠎ᠠ᠃ ᠡᠩ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ᠃ ᠠᠶᠢᠮᠠᠭ ᠬᠤᠲᠠ ᠨᠢ ᠡᠩ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠶᠢᠨ ᠲᠤᠰᠬᠠᠶ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠪᠥᠲᠥᠭᠡᠨ ᠪᠠᠶᠢᠭᠤᠯᠬᠤ᠂ ᠬᠠᠮᠠᠭᠠᠯᠠᠬᠤ ︵ᠠᠷᠠᠴᠢᠯᠠᠨ ᠬᠠᠮᠠᠭᠠᠯᠠᠬᠤ︶᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢᠯᠡᠰ ᠢ ᠭᠦᠢᠴᠡᠳᠬᠡᠨ ᠬᠡᠷᠡᠭᠵᠢᠭᠦᠯᠬᠦ ᠶᠢ ᠳᠠᠭᠠᠭᠠᠨ ᠡᠭᠦᠷᠭᠡᠯᠡᠨ᠎ᠡ᠃ ᠡᠩ ᠤᠨ ᠴᠢᠨᠠᠷᠲᠠᠶ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠳᠤ ᠵᠠᠷᠤᠯᠭ᠎ᠠ ᠶᠢᠨ ᠬᠠᠷᠢᠭᠤᠴᠠᠯᠭ᠎ᠠ ᠶᠢ ᠠᠶᠢᠮᠠᠭ ᠬᠤᠲᠠ ᠨᠢ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠣᠳᠠᠲᠤ ᠪᠠᠶᠢᠳᠠᠯ ᠢ ᠨᠢ ᠦᠵᠡᠵᠦ ᠪᠠᠶᠢᠭᠠᠳ ᠵᠣᠬᠢᠬᠤ ᠬᠡᠮᠵᠢᠶᠡᠨ ᠤ ᠪᠥᠲᠥᠭᠡᠨ ᠪᠠᠶᠢᠭᠤᠯᠬᠤ ᠪᠡᠯᠡ ᠮᠦᠩᠬᠦᠨ ᠤ ᠳᠡᠮᠵᠢᠯᠭᠡ ᠦᠵᠡᠬᠦᠯᠦᠨ᠎ᠡ᠃      ᠡᠭᠦᠨ ᠠᠴᠠ ᠭᠠᠳᠠᠨ᠎ᠠ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠦᠳᠠᠨ ᠤ ᠶᠠᠪᠤᠳᠠᠯ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠳᠤ ᠭᠤᠤᠯᠳᠠᠭᠤ ᠬᠠᠮᠢᠶ᠎ᠠ ᠪᠥᠬᠦᠶ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠥᠷᠨᠢᠭᠦᠯᠦᠭᠰᠡᠨ ᠪᠥᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠ ᠪᠠᠷᠠᠯᠠᠯᠲᠠ ᠴᠢᠨᠠᠷᠲᠠᠶ ᠴᠢᠬᠤᠯᠠ ᠶᠡᠭᠡ ᠠᠰᠠᠭᠤᠳᠠᠯ ᠤᠨ ᠰᠣᠳᠣᠯᠣᠯ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠰᠢᠪᠲᠤᠯᠤᠯᠲᠠ ᠪᠠ ᠦᠷ᠎ᠡ ᠪᠦᠲᠦᠭᠡᠯ ᠢ ᠣᠯᠠᠷᠢᠭᠤᠯᠬᠤ ᠵᠢᠴᠢ ᠴᠢᠬᠤᠯᠠ ᠶᠡᠭᠡ ᠲᠤᠰᠬᠠᠶ ᠵᠦᠢᠯ ᠤᠨ ᠠᠵᠢᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠲᠣᠭᠲᠠᠭᠠᠬᠤ ; ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ; ᠠᠵᠢᠯ ᠲᠥᠷᠥᠯ ᠤᠨ ᠲᠤᠭ᠎ᠠ ᠪᠦᠷᠢᠳᠬᠡᠯ ᠬᠢᠬᠡᠳ ᠠᠵᠢᠯᠯᠠᠭᠠᠨ ᠤ ᠬᠢᠨᠠᠨ ᠰᠢᠨᠵᠢᠯᠲᠡ ; ᠪᠠᠴᠢᠮ ᠪᠠᠶᠢᠳᠠᠯ ᠢ ᠠᠷᠭᠠᠴᠠᠭᠠᠬᠤ ᠴᠢᠨᠠᠷᠲᠠᠶ ᠵᠠᠮ ᠬᠠᠷᠢᠯᠴᠠᠭᠠᠨ ᠤ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠵᠦᠢᠯᠡᠰ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠠᠶᠢᠮᠠᠭ ᠬᠤᠲᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠳᠤ ᠠᠶᠢᠮᠠᠭ ᠬᠤᠲᠠ ᠨᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ᠭᠤᠷᠪᠠ᠂ ᠲᠥᠬᠦᠷ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠢᠭᠤᠯᠵᠦ ᠤᠳᠤᠷᠢᠳᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡᠨ ᠦᠵᠡᠯ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠵᠣᠬᠢᠶᠠᠨ ᠪᠠᠶᠢᠭᠤᠯᠵᠤ ᠣᠳᠣᠷᠢᠳᠬᠤ ᠪᠠ ᠵᠣᠬᠢᠴᠠᠭᠤᠯᠤᠨ ᠬᠠᠮᠵᠢᠯᠴᠠᠬᠤ ᠪᠠᠨ ᠦᠨᠡᠨ ᠬᠦ ᠴᠢᠩᠭᠠᠳᠬᠠᠵᠤ᠂ ᠲᠣᠰ ᠲᠥᠰᠦᠯ ᠳᠤ ᠲᠣᠳᠣᠷᠬᠠᠢ ᠲᠣᠨᠨᠳᠠᠭᠠᠨᠨᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠥᠰᠦᠯ ᠢ ᠦᠨᠳᠦᠰᠦᠯᠡᠨ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢᠨ ᠠᠬᠢᠴᠠ ᠶᠢᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠦᠨᠡᠯᠡᠨ ᠵᠢᠱᠢᠬᠦ ᠪᠠᠨ ᠴᠢᠩᠭᠠᠷᠠᠭᠤᠯᠤᠨ᠂ ᠥᠭᠡᠷᠡᠴᠢᠯᠡᠯᠲᠡ ᠠᠴᠠ ᠪᠣᠯᠤᠭᠰᠠᠨ ᠬᠦᠴᠢᠷᠳᠡᠯ ᠪᠠ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠬᠡᠷᠡᠭᠲᠡᠶ᠃ ᠡᠯ᠎ᠡ ᠠᠶᠢᠮᠠᠭ ᠬᠤᠲᠠ ᠨᠢ ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠪᠣᠳᠠᠳᠠᠢ ᠲᠠᠢ ᠪᠠᠨ ᠤᠶᠠᠯᠳᠤᠭᠤᠯᠤᠨ᠂ ᠠᠶᠢᠮᠠᠭ ᠬᠤᠲᠠ ᠠᠴᠠ ᠳᠣᠷᠣᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠠᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢᠶᠠᠨ ᠲᠣᠭᠲᠠᠭᠠᠵᠤ᠂ ᠵᠣᠬᠢᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠨ᠂ ᠥᠭᠡᠷᠡᠴᠢᠯᠡᠯᠲᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ ᠨᠢ ᠲᠣᠰ ᠲᠥᠰᠦᠯ ᠢ ᠦᠨᠳᠦᠰᠦᠯᠡᠨ᠂ ᠲᠣᠭᠲᠠᠭᠠᠯ ᠶᠣᠰᠣᠭᠠᠷ ᠲᠥᠰᠦᠪ ᠤᠨ ᠲᠣᠬᠢᠷᠠᠭᠤᠯᠤᠯᠲᠠ ᠪᠠ ᠪᠠᠯᠠ ᠣᠷᠣᠭᠤᠯᠤᠯᠲᠠ ᠶᠢᠨ ᠲᠥᠯᠥᠪᠯᠡᠭᠡ ᠪᠠᠨ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠬᠠᠷᠢᠶᠠᠯᠠᠭᠳᠠᠬᠤ ᠶᠢ ᠵᠠᠷᠴᠢᠮ ᠳᠡᠭᠡᠷ᠎ᠡ ᠪᠠᠨ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠦᠪᠡᠷᠰᠡᠳ ᠤᠨ ᠡᠳ᠋ ᠤᠨ ᠬᠦᠴᠦᠨ ᠤ ᠲᠣᠬᠢᠷᠠᠭᠤᠯᠤᠯᠲᠠ ᠪᠠᠷ ᠳᠠᠮᠵᠢᠭᠤᠯᠤᠨ᠂ ᠠᠶᠢᠮᠠᠭ ᠬᠤᠲᠠ ᠶᠢᠨ ᠳᠠᠭᠠᠭᠠᠨ ᠡᠭᠦᠷᠭᠡᠯᠡᠭᠰᠡᠨ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠨ ᠦᠨᠡᠨ ᠬᠦ ᠪᠠᠳᠤᠯᠠᠬᠤ ᠬᠡᠷᠡᠭᠳᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠭᠦᠢᠴᠡᠳᠬᠡᠬᠦ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠤᠰᠤ ᠴᠠᠭ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠪᠠ ᠠᠶᠢᠮᠠᠭ ᠬᠤᠲᠠ ᠶᠢᠨ ᠡᠳ᠋ ᠤᠨ ᠬᠦᠴᠦᠨ ᠤ ᠬᠢᠷᠢ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠵᠣᠬᠢᠬᠤ ᠬᠡᠮᠵᠢᠶᠡᠨ ᠤ ᠪᠠᠯᠠ ᠮᠦᠩᠭᠦᠨ ᠤ ᠳᠡᠮᠵᠢᠯᠭᠡ ᠥᠭᠴᠦ ᠪᠣᠯᠤᠨ᠎ᠠ᠃      ︵ᠭᠤᠷᠪᠠ︶ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠶᠢᠨ ᠰᠠᠢᠬᠠᠨ ᠬᠠᠷᠢᠯᠴᠠᠨ ᠭᠦᠳᠡᠯᠦᠯᠴᠡᠬᠦ ᠪᠣᠯᠭᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠠᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠤ ᠴᠢᠬᠤᠯᠠ ᠶᠡᠭᠡ ᠥᠭᠡᠷᠡᠴᠢᠯᠡᠯᠲᠡ ᠯᠦᠭᠡ ᠣᠷᠭᠠᠨᠢᠭ ᠢᠶᠠᠷ ᠵᠤᠯᠭᠠᠭᠤᠯᠤᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠶᠢᠨ ᠰᠠᠢᠬᠠᠨ ᠬᠠᠷᠢᠯᠴᠠᠨ ᠭᠦᠳᠡᠯᠦᠯᠴᠡᠬᠦ ᠪᠣᠯᠭᠠᠨ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠥᠭᠡᠷᠡᠴᠢᠯᠡᠯᠲᠡ ᠶᠢᠨ ᠠᠬᠢᠴᠠ ᠪᠠ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠴᠠᠭ ᠲᠤ ᠨᠢ ᠲᠤᠬᠢᠷᠠᠭᠤᠯᠵᠦ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠯᠦᠩᠭᠦᠶ ᠪᠠᠷ ᠳᠣᠭᠢᠷᠠᠭᠤᠯᠤᠨ᠂ ᠰᠠᠶᠢᠨ ᠰᠠᠶᠢᠬᠠᠨ ᠬᠠᠷᠢᠯᠴᠠᠨ ᠭᠦᠳᠡᠯᠦᠯᠴᠡᠬᠦ ᠪᠠ ᠬᠠᠮᠵᠢᠯᠴᠠᠨ ᠠᠬᠢᠭᠤᠯᠬᠤ ᠪᠠᠶᠢᠳᠠᠯ ᠢ ᠪᠣᠶ ᠪᠣᠯᠭᠠᠨ᠎ᠠ᠃ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠦᠯᠡᠳᠡᠭᠡᠯ ᠪᠡᠯᠡ ᠮᠥᠩᠭᠦ ᠶᠢ ᠭᠦᠢᠯᠭᠡᠭᠡᠯᠡᠵᠣ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠵᠠᠮ ᠲᠡᠭᠡᠭᠡᠪᠦᠷᠢ ᠶᠢᠨ ᠭᠦᠷᠢᠶᠡᠨ ᠳᠠᠬᠢ ᠪᠡᠯᠡ ᠮᠥᠩᠭᠦ ᠶᠢᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃      ︵ᠳᠥᠷᠪᠡ︶ ᠲᠦᠬᠦᠷ ᠲᠦᠷᠢᠮ ᠢ ᠲᠡᠭᠦᠯᠳᠡᠷᠵᠢᠭᠦᠯᠵᠦ᠂ ᠵᠢᠷᠤᠮᠵᠢᠭᠰᠠᠨ ᠠᠵᠢᠯᠯᠠᠭᠠᠨ ᠢ ᠠᠬᠢᠭᠤᠯᠤᠨ᠎ᠠ᠃ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠲᠠᠯ᠎ᠠ ᠪᠠᠷ ᠬᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠵᠢᠴᠢ ᠲᠦᠷᠢᠮ ᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠳᠤ ᠱᠠᠯᠠᠪᠳᠠᠨ ᠵᠠᠰᠠᠪᠤᠷᠢ ᠣᠷᠣᠭᠤᠯᠵᠤ᠂ ᠬᠠᠮᠢᠶ᠎ᠠ ᠪᠥᠬᠦᠶ ᠬᠠᠤᠯᠢ ᠲᠣᠭᠲᠠᠭᠠᠯ᠂ ᠲᠣᠭᠲᠠᠭᠠᠯ ᠲᠦᠷᠢᠮ ᠢ ᠲᠡᠭᠦᠯᠳᠡᠷᠵᠢᠭᠦᠯᠬᠦ ᠪᠠᠨ ᠠᠬᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠬᠠᠤᠯᠢ ᠪᠠᠷ ᠵᠠᠰᠠᠬᠤ ᠪᠠ ᠵᠢᠷᠤᠮᠵᠢᠭᠤᠯᠬᠤ ᠪᠠᠨ ᠠᠯᠬᠤᠮ ᠠᠯᠬᠤᠮ ᠢᠶᠠᠷ ᠪᠡᠶᠡᠯᠡᠬᠦᠯᠬᠦ ᠬᠡᠷᠡᠭᠳᠡᠢ᠃      ᠲᠣᠰ ᠲᠥᠰᠦᠯ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ     ︽ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠲᠥᠪ ᠤᠨ ᠬᠢᠬᠡᠳ ᠤᠷᠤᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2020﹈ 13 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠳᠤ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠦᠭᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠭᠡᠬᠦ ᠣᠨᠣᠯᠵᠢᠬᠤᠨ ᠢ ᠪᠠᠷᠢᠮᠲᠠᠯᠠᠨ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠶ ᠪᠠᠷ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠠ ᠡᠳ᠋ ᠤᠨ ᠵᠠᠰᠠᠭ ᠤᠨ ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠡᠳ᠋ ᠤᠨ ᠬᠦᠴᠦᠨ ᠨᠢ ᠵᠣᠬᠢᠴᠠᠩᠭᠤᠶ᠂ ᠣᠷᠣᠨ ᠪᠦᠰᠡ ᠨᠢ ᠲᠡᠩᠴᠡᠭᠦᠷᠢᠲᠡᠶ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠪᠠᠶᠢᠭᠤᠯᠤᠨ᠂ ᠲᠣᠨᠨᠳᠠᠪᠤᠷᠢ ᠪᠦᠭᠦᠢ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠨᠢ ᠬᠠᠷᠢᠯᠴᠠᠨ ᠵᠣᠬᠢᠴᠠᠯᠳᠤᠭᠰᠠᠨ ᠲᠦᠷᠢᠮ ᠢ ᠪᠤᠢ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢ ᠡᠷᠡᠰ ᠳᠡᠮᠵᠢᠨ᠂ ᠠᠮᠢ ᠠᠬᠤᠶ ᠶᠢᠨ ᠪᠣᠯᠪᠠᠰᠤᠨ ᠤ ᠲᠣᠭᠲᠠᠯᠴᠠᠭ᠎ᠠ ᠶᠢ ᠲᠦᠷᠬᠡᠳᠬᠡᠨ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠠ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠲᠡᠶ ᠲᠣᠯᠭᠠᠭᠤᠷᠢᠯᠠᠯ ᠬᠠᠩᠭᠠᠨ᠎ᠠ᠃      ︵ᠬᠤᠶᠠᠷ︶ ᠦᠨᠳᠦᠰᠦᠨ ᠵᠠᠷᠴᠢᠮ᠃      — ᠪᠦᠷᠢᠨ ᠲᠡᠭᠦᠯᠳᠡᠷ ᠠᠵᠢᠯ ᠶᠠᠪᠤᠳᠠᠯ ᠤᠨ ᠡᠷᠬᠡ ᠶᠢᠨ ᠪᠣᠷᠣ ᠲᠥᠰᠥᠪ ᠢ ᠪᠠᠶᠢᠭᠤᠯᠵᠤ᠂ ᠡᠯ᠎ᠡ ᠱᠠᠲᠤᠨ ᠤ ᠡᠷᠬᠡ ᠪᠠ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠲᠥᠪ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠪᠣᠳᠠᠲᠠᠶ ᠳᠤ ᠰᠠᠭᠤᠷᠢᠯᠠᠬᠤ ᠶᠢ ᠤᠶᠠᠯᠳᠤᠭᠤᠯᠬᠤ ᠪᠠᠨ ᠪᠠᠷᠢᠮᠳᠠᠯᠠᠨ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠪᠣᠷᠣ ᠲᠥᠰᠥᠪ ᠢ ᠵᠢᠷᠤᠮᠯᠠᠵᠤ᠂ ᠪᠥᠬᠦ ᠲᠠᠯ᠎ᠠ ᠪᠠᠷ ᠡᠮᠬᠢᠯᠡᠵᠤ ᠨᠠᠷᠢᠯᠢᠭᠵᠢᠭᠤᠯᠤᠨ᠂ ᠪᠥᠬᠦ ᠲᠠᠯ᠎ᠠ ᠶᠢ ᠬᠠᠮᠤᠷᠤᠭᠰᠠᠨ᠂ ᠲᠠᠰ ᠱᠠᠳᠣ ᠨᠢ ᠲᠣᠳᠣᠷᠬᠠᠶ ᠪᠠᠶᠢᠬᠤ ᠠᠵᠢᠯ ᠶᠠᠪᠤᠳᠠᠯ ᠤᠨ ᠡᠷᠬᠡ ᠶᠢᠨ ᠪᠣᠷᠣ ᠲᠥᠰᠥᠪ ᠢ ᠪᠦᠷᠢᠯᠳᠦᠭᠦᠯᠦᠨ᠎ᠡ᠃ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠬᠢᠬᠡᠳ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠶᠠᠯᠳᠤᠭᠤᠯᠬᠤ ᠪᠠᠨ ᠪᠠᠷᠢᠮᠲᠠᠯᠠᠵᠤ᠂ ᠲᠡᠦᠬᠡ ᠶᠢᠨ ᠤᠯᠠᠷᠢᠯ ᠬᠤᠪᠢᠰᠤᠯᠲᠠ ᠶᠢ ᠬᠦᠨᠳᠦᠳᠭᠡᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠤᠯ ᠯᠤᠭ᠎ᠠ ᠵᠣᠯᠭᠠᠭᠤᠯᠬᠤ ᠶᠢ ᠴᠢᠬᠤᠯᠠᠴᠢᠯᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠢᠶᠠᠷ ᠨᠡᠯᠢᠶᠡᠳ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠵᠦᠢᠯᠡᠰ ᠢ ᠨᠤᠲᠠᠯᠠᠨ ᠲᠣᠭᠲᠠᠭᠠᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠨᠢ ᠵᠦᠢ ᠵᠤᠬᠢᠰ ᠦᠭᠡᠢ ᠵᠦᠢᠯᠡᠰ ᠲᠤ ᠲᠤᠬᠢᠷᠠᠭᠤᠯᠤᠯᠳᠠ ᠬᠢᠵᠦ᠂ ᠥᠭᠡᠷᠡᠴᠢᠯᠡᠯᠲᠡ ᠶᠢᠨ ᠨᠥᠬᠦᠴᠡᠯ ᠬᠠᠷᠠᠬᠠᠨ ᠪᠦᠷᠢᠯᠳᠦᠭᠡᠳᠦᠢ ᠪᠠᠶᠢᠪᠠᠯ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠢᠶᠠᠨ ᠲᠦᠷ ᠦᠷᠭᠦᠯᠵᠢᠯᠡᠭᠦᠯᠵᠦ᠂ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠪᠣᠷᠣ ᠲᠥᠰᠥᠪ ᠪᠠ ᠡᠳ᠋ ᠤᠨ ᠬᠦᠴᠦᠨ ᠤ ᠪᠠᠶᠢᠷᠢᠰᠢᠯ ᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃      — ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠦᠯᠦᠪᠯᠡᠬᠦ ᠶᠢ ᠴᠢᠩᠭᠠᠳᠬᠠᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠴᠢᠬᠤᠯᠠ ᠶᠡᠭᠡ ᠵᠦᠢᠯᠡᠰ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠬᠤᠯᠪᠣᠭᠳᠠᠭᠰᠠᠨ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠤ ᠵᠦᠢᠯᠡᠰ ᠢ ᠨᠢᠭᠡᠳᠦᠯᠲᠡᠶ ᠲᠥᠯᠥᠪᠯᠡᠬᠦ ᠬᠠᠷᠢᠭᠤᠴᠠᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠷᠤᠯᠭ᠎ᠠ ᠶᠢᠨ ᠳᠠᠷᠤᠭᠠᠰᠤ ᠶᠢ ᠬᠦᠩᠭᠡᠷᠡᠭᠦᠯᠦᠨ᠂ ᠰᠢᠨ᠎ᠡ ᠶᠢ ᠡᠭᠦᠳᠬᠦ ᠬᠥᠭᠵᠢᠯᠲᠡ ᠶᠢᠨ ᠣᠨᠣᠯᠵᠢᠬᠤᠨ ᠢ ᠡᠵᠡᠮᠳᠡᠨ᠂ ᠲᠦᠷᠢᠮ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠭᠰᠠᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠨᠡᠶᠢᠲᠡ ᠤᠯᠠᠨ ᠢᠶᠠᠷ ᠢᠶᠠᠨ ᠣᠷᠣᠯᠴᠠᠭᠰᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠬᠤ ᠪᠠᠨ ᠲᠦᠷᠭᠡᠳᠬᠡᠨ ᠠᠬᠢᠭᠤᠯᠵᠤ᠂ ᠠᠷᠠᠳ ᠤᠯᠠᠨ ᠤ ᠠᠮᠢ ᠠᠬᠤᠢ ᠣᠷᠴᠢᠨ ᠲᠣᠭᠤᠷᠢᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃      — ᠠᠶᠢᠮᠠᠭ ᠬᠤᠲᠠ ᠶᠢᠨ ᠬᠠᠮᠢᠶᠠᠷᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠬᠠᠮᠵᠢᠯᠴᠬᠠᠰᠠᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠰᠢᠯᠢᠳᠡᠭᠵᠢᠭᠦᠯᠦᠨ ᠲᠣᠬᠢᠷᠠᠭᠤᠯᠵᠤ᠂ ᠠᠶᠢᠮᠠᠭ ᠬᠤᠲᠠ ᠶᠢᠨ ᠳᠠᠪᠠᠭᠤᠯᠢᠭ ᠢ ᠪᠠᠳᠠᠷᠠᠭᠤᠯᠤᠨ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠡᠯ᠎ᠡ ᠲᠥᠷᠥᠯ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠲᠣᠭᠲᠠᠭᠠᠵᠤ᠂ ᠡᠷᠬᠡ᠂ ᠬᠠᠷᠢᠭᠤᠴᠠᠯᠭ᠎ᠠ᠂ ᠠᠰᠢᠭ ᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠨᠠᠩ ᠰᠠᠶᠢᠲᠤᠷ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠦᠷᠭᠦᠯᠵᠢᠯᠡᠬᠦ ᠶᠢ ᠦᠨᠡᠨ ᠬᠦ ᠪᠠᠲᠤᠯᠠᠨ᠎ᠠ᠃ ᠠᠶᠢᠮᠠᠭ ᠬᠤᠲᠠ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠣᠳᠠᠲᠤ ᠪᠠᠶᠢᠳᠠᠯ ᠤᠨ ᠬᠡᠷᠡᠭᠴᠡᠭᠡ ᠶᠢ ᠨᠢ ᠦᠨᠳᠦᠰᠦᠯᠡᠨ᠂ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠲᠠᠢ ᠨᠢ ᠤᠶᠠᠯᠳᠤᠭᠤᠯᠤᠨ ᠨᠥᠬᠦᠪᠥᠷᠢ ᠥᠭᠴᠦ᠂ ᠠᠶᠢᠮᠠᠭ ᠬᠤᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃      ᠬᠤᠶᠠᠷ᠂ ᠭᠤᠣᠯ ᠠᠭᠤᠯᠭ᠎ᠠ      ︵ᠨᠢᠭᠡ︶ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ ᠶᠢᠨ ᠲᠦᠷᠢᠮ ᠢ ᠲᠣᠭᠲᠠᠭᠠᠨ᠎ᠠ᠃      1. ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ᠂ ᠣᠷᠣᠨ ᠪᠦᠰᠡ ᠠᠯᠤᠰᠯᠠᠭᠰᠠᠨ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ᠂ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ᠂ ᠨᠥᠯᠥᠭᠡ ᠪᠠᠷ ᠨᠡᠯᠢᠶᠡᠳ ᠶᠡᠭᠡ ᠪᠣᠯᠬᠤ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ ᠲᠥᠯᠥᠪᠵᠢᠭᠦᠯᠭᠡ ᠪᠠ ᠪᠦᠬᠦ ᠣᠷᠣᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠥᠯᠥᠪᠵᠢᠭᠦᠯᠭᠡ ᠵᠢᠴᠢ ᠠᠵᠢᠯ ᠤᠨ ᠲᠥᠰᠦᠯ᠂ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ᠂ ᠪᠣᠬᠢᠷᠲᠤᠯ ᠥᠬᠡᠶ ᠪᠦᠬᠡᠳ ᠨᠡᠭᠦᠷᠡᠰᠣᠳᠦ᠋ᠷᠦᠭᠴᠢ ᠪᠠᠭᠠᠳᠠᠢ ᠬᠥᠭᠵᠢᠯᠲᠡ ᠶᠢ ᠠᠬᠢᠭᠤᠯᠬᠤ ᠶᠢᠨ ᠲᠥᠷᠥ ᠶᠢᠨ ᠪᠣᠳᠣᠯᠭ᠎ᠠ ᠲᠤᠬᠲᠠᠭᠠᠬᠤ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠬᠤ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      2. ᠠᠮᠢ ᠠᠬᠤᠶ ᠣᠷᠴᠢᠨ ᠲᠣᠭᠤᠷᠢᠨ ᠤ ᠪᠤᠰᠤᠳ ᠲᠥᠯᠥᠪᠵᠢᠭᠦᠯᠭᠡ ᠲᠣᠭᠲᠠᠭᠠᠬᠤ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠣ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ︵ᠬᠤᠶᠠᠷ︶ ᠠᠮᠢ ᠠᠬᠤᠶ ᠣᠷᠴᠢᠨ ᠲᠣᠭᠤᠷᠢᠨ ᠢ ᠬᠢᠨᠠᠨ ᠰᠢᠨᠵᠢᠵᠦ ᠬᠠᠤᠯᠢ ᠬᠡᠷᠡᠭᠵᠢᠭᠦᠯᠦᠨ᠎ᠡ᠃      1. ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠢᠨᠠᠨ ᠰᠢᠨᠵᠢᠬᠦ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠠᠭᠠᠯᠠᠯᠲᠠ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠵᠡᠷᠭᠡ ᠵᠦᠢᠯᠡᠰ ᠬᠢᠬᠡᠳ ᠠᠮᠢ ᠠᠬᠤᠶ ᠣᠷᠴᠢᠨ ᠲᠣᠭᠤᠷᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠵᠢᠴᠢ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ᠂ ᠪᠥᠬᠦ ᠣᠷᠣᠨ ᠤ ᠴᠢᠨᠠᠷᠲᠠᠶ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠬᠦᠯᠦᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ      2. ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠢᠨᠠᠨ ᠰᠢᠨᠵᠢᠬᠦ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠵᠡᠷᠭᠡ ᠵᠦᠢᠯᠡᠰ ᠵᠢᠴᠢ ᠠᠮᠢ ᠠᠬᠤᠶ ᠣᠷᠴᠢᠨ ᠲᠣᠭᠤᠷᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ᠂ ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠬᠦᠯᠦᠨ ᠪᠠᠶᠢᠴᠠᠭᠠᠬᠤ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      3. ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠣᠷᠣᠨ ᠳᠠᠬᠢ ᠤᠯᠤᠰ ᠠᠴᠠ ᠡᠵᠡᠮᠳᠡᠬᠦ᠂ ᠣᠷᠣᠨ ᠠᠴᠠ ᠡᠵᠡᠮᠳᠡᠵᠦ ᠪᠠᠶᠢᠭ᠎ᠠ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠥᠷᠲᠡᠭᠡ ᠴᠡᠭ ᠤᠨ ᠠᠵᠢᠯᠯᠠᠭᠠᠨ ᠤ ᠰᠠᠭᠤᠷᠢ ᠨᠥᠬᠦᠴᠡᠯ ᠤᠨ ᠪᠠᠲᠤᠯᠠᠭ᠎ᠠ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠬᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠯᠵᠢᠭᠦᠯᠦᠨ ᠲᠦᠯᠦᠬᠦ ᠶᠢ ᠨᠢᠭᠡᠳᠦᠯᠲᠡᠶ ᠲᠥᠯᠥᠪᠯᠡᠬᠦ ᠪᠠᠷ ᠳᠠᠮᠵᠢᠭᠤᠯᠵᠦ ᠳᠡᠮᠵᠢᠯᠭᠡ ᠦᠵᠡᠭᠦᠯᠦᠨ᠎ᠡ᠃      ︵ᠭᠤᠷᠪᠠ︶ ᠠᠮᠢ ᠠᠬᠤᠶ ᠣᠷᠴᠢᠨ ᠲᠣᠭᠤᠷᠢᠨ ᠤ ᠬᠠᠮᠢᠶᠠᠷᠤᠯᠲᠠ ᠶᠢᠨ ᠶᠠᠪᠤᠳᠠᠯ ᠬᠢᠭᠡᠳ ᠴᠢᠳᠠᠪᠤᠷᠢ ᠶᠢᠨ ᠪᠠᠶᠢᠭᠤᠯᠤᠯᠲᠠ᠃      1. ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠵᠦ ᠪᠠᠶᠢᠭ᠎ᠠ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠨ ᠬᠠᠮᠢᠶᠠᠷᠬᠤ ᠵᠢᠴᠢ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠣᠷᠣᠨ ᠵᠠᠶ ᠶᠢᠨ ᠠᠮᠢ ᠠᠬᠤᠶ ᠣᠷᠴᠢᠨ ᠲᠣᠭᠤᠷᠢᠨ ᠤ ᠦᠨᠡᠯᠡᠯᠲᠡ᠂ ᠪᠦᠬᠦ ᠣᠷᠣᠨ ᠤ ᠭᠤᠣᠯᠳᠠᠯᠭ᠎ᠠ ᠲᠠᠢ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ᠂ ᠨᠡᠭᠦᠷᠡᠰᠦᠲᠥ᠋ᠷᠥᠭᠴᠢ ᠪᠠᠭᠠᠲᠠᠢ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠵᠡᠷᠭᠡ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠵᠦ ᠰᠢᠯᠭᠠᠨ ᠬᠢᠨᠠᠬᠤ᠂ ᠪᠦᠬᠦ ᠣᠷᠣᠨ ᠤ ᠭᠤᠣᠯ ᠮᠦᠷᠡᠨ ᠤᠷᠤᠭᠤ ᠪᠣᠬᠢᠷᠲᠤᠯ ᠪᠣᠳᠠᠰ ᠭᠠᠳᠠᠭᠰᠢᠯᠠᠭᠤᠯᠬᠤ ᠭᠠᠵᠠᠷ ᠲᠣᠬᠢᠷᠠᠭᠤᠯᠵᠣ ᠬᠠᠮᠢᠶᠠᠷᠬᠤ᠂ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠤᠨ ᠬᠡᠪᠴᠢᠶᠡᠨ ᠳᠠᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠬᠢᠵᠠᠭᠠᠷᠯᠠᠬᠤ ᠵᠥᠪᠰᠢᠶᠡᠷᠡᠯ ᠤᠨ ᠳᠦᠷᠢᠮ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠬᠡᠷᠡᠭᠯᠡᠬᠦ ᠪᠠ ᠠᠷᠠᠯᠵᠢᠶᠠᠯᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠨᠢᠭᠡᠳᠦᠯᠲᠡᠶ ᠬᠢᠨᠠᠯᠲᠠ ᠲᠠᠯᠪᠢᠵᠦ ᠬᠠᠮᠢᠶᠠᠷᠬᠤ᠂ ᠪᠦᠬᠦ ᠣᠷᠣᠨ ᠤ ᠴᠢᠨᠠᠷᠲᠠᠶ ᠠᠮᠢ ᠠᠬᠤᠢ ᠣᠷᠴᠢᠨ ᠲᠣᠭᠤᠷᠢᠨ ᠢ ᠨᠡᠶᠢᠳᠡᠮ ᠪᠠᠢᠴᠠᠭᠠᠬᠤ᠂ ᠪᠦᠷᠢᠳᠬᠡᠬᠦ᠂ ᠲᠤᠰᠬᠠᠶ ᠪᠠᠶᠢᠴᠠᠭᠠᠵᠤ ᠦᠨᠡᠯᠡᠨ ᠵᠢᠱᠢᠬᠦ ᠪᠠ ᠠᠵᠢᠭᠯᠠᠨ ᠰᠢᠨᠵᠢᠬᠦ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠰᠠᠭᠤᠷᠢ ᠰᠤᠳᠤᠯᠤᠯ᠂ ᠲᠣᠭᠠᠴᠠᠭᠠᠯᠠᠵᠤ ᠳᠠᠬᠢᠨ ᠪᠤᠳᠤᠬᠤ ᠵᠢᠴᠢ ᠴᠢᠳᠠᠪᠤᠷᠢ ᠶᠢᠨ ᠪᠠᠶᠢᠭᠤᠯᠤᠯᠲᠠ᠂ ᠪᠥᠬᠦ ᠲᠠᠯ᠎ᠠ ᠶᠢᠨ ᠴᠢᠨᠠᠷᠲᠠᠶ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠴᠢ ᠬᠤᠯᠪᠣᠭᠳᠠᠯ ᠪᠦᠭᠦᠢ ᠠᠮᠢ ᠠᠬᠤᠶ ᠶᠢᠨ ᠠᠰᠢᠭ ᠭᠥᠷᠳᠡᠬᠦ ᠬᠡᠪᠴᠢᠶ᠎ᠡ ᠪᠠᠷ ᠥᠷᠭᠡᠨ ᠳᠡᠯᠭᠡᠷ ᠠᠮᠢ ᠠᠬᠤᠶ ᠶᠢ ᠬᠠᠮᠠᠭᠠᠯᠠᠨ ᠦᠩᠵᠢᠬᠦᠯᠬᠦ ᠶᠢ ᠵᠢᠭᠠᠨ ᠵᠢᠯᠤᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠬᠤ᠂ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠪᠥᠬᠦ ᠣᠷᠣᠨ ᠤ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ᠂ ᠪᠥᠬᠦ ᠣᠷᠣᠨ ᠤ ᠣᠷᠴᠢᠨ ᠲᠣᠭᠤᠷᠢᠨ ᠤ ᠴᠢᠬᠤᠯᠠ ᠶᠡᠭᠡ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠬᠦ ᠵᠡᠷᠭᠡ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      2. ᠠᠶᠢᠮᠠᠭ ᠬᠤᠲᠠ ᠶᠢᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠨ ᠬᠠᠮᠢᠶᠠᠷᠬᠤ ᠵᠢᠴᠢ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ᠂ ᠠᠶᠢᠮᠠᠭ ᠬᠤᠲᠠ ᠶᠢᠨ ᠣᠷᠣᠨ ᠪᠦᠰᠡ ᠶᠢᠨ ᠣᠷᠣᠨ ᠵᠠᠶ ᠶᠢᠨ ᠠᠮᠢ ᠠᠬᠤᠶ ᠣᠷᠴᠢᠨ ᠲᠣᠭᠤᠷᠢᠨ ᠤ ᠦᠨᠡᠯᠡᠯᠲᠡ᠂ ᠣᠷᠣᠨ ᠨᠤᠲᠤᠭ ᠤᠨ ᠴᠢᠨᠠᠷᠲᠠᠶ ᠭᠤᠣᠯᠳᠠᠯᠭ᠎ᠠ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ᠂ ᠨᠡᠭᠦᠷᠡᠰᠦᠲᠥ᠋ᠷᠥᠭᠴᠢ ᠪᠠᠭᠠᠲᠠᠢ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠵᠡᠷᠭᠡ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠵᠦ ᠰᠢᠯᠭᠠᠨ ᠬᠢᠨᠠᠬᠤ᠂ ᠣᠷᠣᠨ ᠨᠤᠲᠤᠭ ᠤᠨ ᠭᠤᠣᠯ ᠮᠦᠷᠡᠨ ᠤᠷᠤᠭᠤ ᠪᠣᠬᠢᠷᠲᠤᠯ ᠪᠣᠳᠠᠰ ᠭᠠᠳᠠᠭᠰᠢᠯᠠᠭᠤᠯᠬᠤ ᠭᠠᠵᠠᠷ ᠲᠣᠬᠢᠷᠠᠭᠤᠯᠵᠣ ᠬᠠᠮᠢᠶᠠᠷᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠬᠢᠵᠠᠭᠠᠷᠯᠠᠬᠤ ᠵᠥᠪᠰᠢᠶᠡᠷᠡᠯ ᠤᠨ ᠳᠦᠷᠢᠮ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠬᠡᠷᠡᠭᠯᠡᠬᠦ ᠪᠠ ᠠᠷᠠᠯᠵᠢᠶᠠᠯᠠᠬᠤ᠂ ᠠᠮᠢ ᠠᠬᠤᠶ ᠣᠷᠴᠢᠨ ᠲᠣᠭᠤᠷᠢᠨ ᠢ ᠨᠡᠶᠢᠳᠡᠮ ᠪᠠᠶᠢᠴᠠᠭᠠᠬᠤ᠂ ᠪᠦᠷᠢᠳᠬᠡᠬᠦ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠲᠣᠭᠠᠴᠠᠭᠠᠯᠠᠵᠤ ᠬᠠᠷᠭᠤᠭᠤᠯᠤᠨ ᠪᠠᠶᠢᠴᠠᠭᠠᠬᠤ ᠵᠢᠴᠢ ᠲᠥᠷᠥᠯ ᠵᠦᠢᠯ ᠤᠨ ᠬᠠᠮᠢᠶᠠᠷᠤᠯᠲᠠ ᠶᠢᠨ ᠣᠷᠣᠨ ᠨᠤᠲᠤᠭ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠠᠰᠢᠭ ᠭᠥᠷᠳᠡᠬᠦ ᠬᠡᠪᠴᠢᠶᠡᠨ ᠤ ᠣᠷᠣᠨ ᠪᠦᠰᠡ ᠶᠢᠨ ᠴᠢᠨᠠᠷ ᠢᠶᠠᠷ ᠨᠡᠯᠢᠶᠡᠳ ᠴᠢᠩᠭ᠎ᠠ ᠪᠦᠬᠦᠢ ᠣᠷᠣᠨ ᠨᠤᠲᠤᠭ ᠤᠨ ᠠᠮᠢ ᠠᠬᠤᠶ ᠶᠢ ᠬᠠᠮᠠᠭᠠᠯᠠᠨ ᠦᠩᠵᠢᠬᠦᠯᠬᠦ ᠶᠢ ᠵᠢᠭᠠᠨ ᠵᠢᠯᠤᠭᠤᠳᠴᠣ ᠵᠣᠬᠢᠴᠠᠭᠤᠯᠬᠤ ᠪᠠ ᠬᠢᠨᠠᠯᠲᠠ ᠲᠠᠯᠪᠢᠬᠤ᠂ ᠣᠷᠣᠨ ᠨᠤᠲᠤᠭ ᠤᠨ ᠴᠢᠨᠠᠷᠲᠠᠶ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠣᠷᠣᠨ ᠨᠤᠲᠤᠭ ᠤᠨ ᠴᠢᠨᠠᠷᠲᠠᠶ ᠠᠮᠢ ᠠᠬᠤᠶ ᠣᠷᠴᠢᠨ ᠲᠣᠭᠤᠷᠢᠨ ᠤ ᠤᠬᠠᠭᠤᠯᠭ᠎ᠠ ᠬᠥᠮᠦᠵᠢᠯ᠂ ᠣᠷᠣᠨ ᠨᠤᠲᠤᠭ ᠤᠨ ᠣᠷᠴᠢᠨ ᠲᠣᠭᠤᠷᠢᠨ ᠤ ᠮᠡᠳᠡᠭᠡ ᠵᠠᠩᠭᠢ ᠨᠡᠶᠢᠲᠡᠯᠡᠬᠦ᠂ ᠣᠷᠣᠨ ᠨᠤᠲᠤᠭ ᠤᠨ ᠵᠠᠰᠠᠭ ᠵᠠᠬᠢᠷᠭᠠᠨ ᠤ ᠣᠷᠣᠨ ᠳᠠᠬᠢ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠵᠡᠷᠭᠡ ᠵᠦᠢᠯᠡᠰ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ︵ᠲᠥᠷᠪᠡ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠃      1. ᠠᠶᠢᠮᠠᠭ ᠬᠤᠲᠠ ᠨᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠤᠨ ᠰᠠᠭᠤᠷᠢᠨ ᠳᠡᠭᠡᠷ᠎ᠡ᠂ ᠰᠠᠴᠤᠷᠠᠭ ᠤᠨ ᠴᠢᠨᠠᠷᠲᠠᠶ ᠪᠣᠬᠢᠷᠲᠤᠯ ᠢ ᠰᠡᠷᠭᠡᠶᠢᠯᠡᠨ ᠵᠠᠰᠠᠬᠤ᠂ ᠬᠥᠬᠡᠬᠤᠲᠠ ᠪᠤᠭᠤᠲᠤ ᠣᠷᠳᠣᠰ ᠪᠠᠶᠠᠨᠨᠠᠭᠤᠷ᠂ ᠦᠬᠠᠶ ᠬᠤᠳᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠨᠥᠯᠥᠭᠡ ᠪᠠᠷ ᠨᠡᠯᠢᠶᠡᠳ ᠶᠡᠭᠡ ᠪᠣᠯᠬᠤ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠬᠠᠳᠤᠨ ᠭᠤᠣᠯ᠂ ᠬᠥᠯᠥᠨ ᠨᠠᠭᠤᠷ᠂ ᠲᠠᠭ᠎ᠠ ᠶᠢᠨ ᠨᠠᠭᠤᠷ᠂ ᠤᠯᠠᠭᠠᠨᠰᠤᠬᠠᠢ ᠵᠡᠷᠭᠡ ᠭᠤᠣᠯᠳᠠᠯᠭ᠎ᠠ ᠲᠠᠢ ᠨᠠᠭᠤᠷ ᠴᠦᠬᠦᠷᠦᠮ ᠤᠨ ᠰᠠᠪᠠ ᠭᠠᠵᠠᠷ᠂ ᠨᠥᠯᠥᠭᠡ ᠪᠠᠷ ᠨᠡᠯᠢᠶᠡᠳ ᠶᠡᠭᠡ ᠪᠣᠯᠬᠤ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠵᠦᠢᠯᠡᠰ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠳᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠳᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠳᠤ ᠪᠠᠷ ᠳᠠᠭᠠᠭᠠᠨ ᠡᠭᠦᠷᠭᠡᠯᠡᠨ᠎ᠡ᠃      2. ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠬᠢᠮᠢ ᠶᠢᠨ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠪᠤᠰᠤᠳ ᠠᠶᠢᠮᠠᠭ ᠬᠤᠲᠠ ᠶᠢᠨ ᠠᠭᠠᠷ ᠮᠠᠨᠳᠠᠯ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠯᠵᠢᠭᠦᠯᠦᠨ ᠲᠦᠯᠦᠬᠦ ᠶᠢ ᠨᠢᠭᠡᠳᠦᠯᠲᠡᠶ ᠲᠥᠯᠥᠪᠯᠡᠬᠦ ᠪᠠᠷ ᠳᠠᠮᠵᠢᠭᠤᠯᠵᠦ ᠳᠡᠮᠵᠢᠯᠭᠡ ᠦᠵᠡᠭᠦᠯᠦᠨ᠎ᠡ᠃      3. ᠱᠤᠤᠭᠢᠶᠠᠨ᠂ ᠬᠡᠷᠡᠯ᠂ ᠦᠮᠡᠬᠡᠶ ᠦᠨᠦᠷ᠂ ᠴᠠᠬᠢᠯᠭᠠᠨ ᠰᠣᠷᠢᠨᠵᠢᠨ ᠰᠠᠴᠤᠷᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ︵ᠲᠠᠪᠤ︶ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠪᠤᠰᠤᠳ ᠵᠦᠢᠯᠡᠰ᠃      1. ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠣᠷᠣᠨ ᠨᠤᠲᠤᠭ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠢ ᠰᠤᠳᠤᠯᠤᠨ ᠲᠣᠭᠲᠠᠭᠠᠬᠤ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ      2. ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠳᠠᠬᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠣᠷᠣᠨ ᠨᠤᠲᠤᠭ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠮᠡᠷᠭᠡᠵᠢᠯ ᠤᠨ ᠵᠢᠷᠤᠮᠵᠢᠯ ᠢ ᠰᠤᠳᠤᠯᠤᠨ ᠲᠣᠭᠲᠠᠭᠠᠬᠤ ᠵᠡᠷᠭᠡ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠨᠤᠲᠠᠯᠠᠨ ᠲᠣᠭᠲᠠᠭᠠᠵᠤ᠂ ᠠᠶᠢᠮᠠᠭ ᠬᠤᠲᠠ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ᠃      ᠭᠤᠷᠪᠠ᠂ ᠲᠥᠬᠦᠷ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ︽ᠳᠥᠷᠪᠡᠨ ᠦᠵᠡᠯ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠣᠬᠢᠶᠠᠨ ᠪᠠᠢᠭᠤᠯᠵᠦ ᠤᠳᠤᠷᠢᠳᠬᠤ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠢᠭᠲᠠ ᠵᠤᠬᠢᠴᠠᠭᠤᠯᠵᠦ ᠬᠠᠮᠵᠢᠯᠴᠠᠨ᠂ ᠥᠭᠡᠷᠡᠴᠢᠯᠡᠯᠲᠡ ᠶᠢᠨ ᠠᠵᠢᠯ ᠢᠶᠠᠨ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠬᠤᠶᠠᠷ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠬᠤᠲᠠ ᠨᠢ ᠠᠮᠢ ᠠᠬᠤᠶ ᠣᠷᠴᠢᠨ ᠲᠣᠭᠤᠷᠢᠨ ᠢᠶᠠᠨ ᠡᠳ᠋ ᠤᠨ ᠵᠠᠰᠠᠭ ᠤᠨ ᠵᠠᠷᠤᠯᠭ᠎ᠠ ᠶᠢᠨ ᠭᠤᠤᠯᠳᠠᠯᠭ᠎ᠠ ᠲᠠᠢ ᠬᠦᠷᠢᠶ᠎ᠡ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠣᠰ ᠲᠥᠰᠦᠯ ᠳᠤ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠲᠣᠭᠲᠠᠭᠠᠯ ᠶᠣᠰᠣᠭᠠᠷ ᠲᠥᠰᠦᠪ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠶ᠃ ᠪᠡᠯᠡ ᠮᠥᠩᠭᠦ ᠬᠡᠷᠡᠭᠯᠡᠬᠦ ᠴᠢᠭᠯᠡᠯ ᠢᠶᠠᠨ ᠲᠤᠬᠢᠷᠠᠭᠤᠯᠤᠨ ᠰᠢᠯᠢᠳᠡᠭᠵᠢᠭᠦᠯᠵᠦ᠂ ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢ ᠳᠡᠮᠵᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃      ︵ᠭᠤᠷᠪᠠ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠬᠤᠯᠠᠴᠢᠯᠠᠨ᠎ᠠ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠣᠰ ᠲᠥᠰᠦᠯ ᠤᠨ ᠵᠣᠷᠢᠭ ᠰᠠᠨᠠᠭ᠎ᠠ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠲᠦᠷᠢᠮ ᠳᠤ ᠵᠠᠰᠠᠪᠤᠷᠢ ᠤᠷᠤᠭᠤᠯᠤᠨ ᠲᠡᠭᠦᠯᠳᠡᠷᠵᠢᠬᠦᠯᠵᠦ᠂ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠠᠮᠢ ᠠᠬᠤᠶ ᠣᠷᠴᠢᠨ ᠲᠣᠭᠤᠷᠢᠨ ᠤ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠶ ᠵᠣᠬᠢᠰᠲᠠᠶ ᠬᠤᠪᠢᠶᠠᠷᠢᠯᠠᠬᠤ ᠬᠡᠷᠡᠭᠲᠡᠶ᠃ ᠨᠢᠭᠡᠳᠦᠯᠲᠡᠢ ᠲᠦᠯᠦᠪᠯᠡᠵᠦ ᠨᠡᠶᠢᠲᠡ ᠳᠤ ᠨᠢ ᠬᠠᠷᠠᠭᠠᠯᠵᠠᠬᠤ ᠪᠠ ᠵᠣᠬᠢᠴᠠᠯᠳᠤᠨ ᠬᠠᠮᠵᠢᠯᠴᠠᠬᠤ ᠶᠢ ᠴᠢᠬᠤᠯᠠᠴᠢᠯᠠᠨ᠂ ᠠᠵᠢᠯ ᠤᠨ ᠨᠡᠢᠯᠡᠮᠡᠯ ᠬᠦᠴᠦᠨ ᠢ ᠪᠦᠷᠢᠯᠳᠦᠭᠦᠯᠵᠦ᠂ ᠠᠮᠢ ᠠᠬᠤᠢ ᠣᠷᠴᠢᠨ ᠲᠣᠭᠤᠷᠢᠨ ᠤ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠵᠢᠷᠤᠮᠵᠢᠭᠤᠯᠤᠨ ᠠᠵᠢᠯᠯᠠᠭᠤᠯᠬᠤ ᠪᠠᠨ ᠴᠢᠨᠠᠷ ᠰᠠᠶᠢᠲᠠᠢ᠂ ᠠᠶᠢᠵᠠᠮ ᠶᠠᠪᠤᠴᠠ ᠲᠠᠢ ᠪᠠᠷ ᠠᠬᠢᠭᠤᠯᠬᠤ ᠬᠡᠷᠡᠭᠲᠡᠢ᠃      ︵ᠳᠥᠷᠪᠡ︶ ᠥᠭᠡᠷᠡᠴᠢᠯᠡᠯᠲᠡ ᠶᠢ ᠵᠣᠬᠢᠴᠠᠯᠳᠤᠭᠤᠯᠤᠨ ᠠᠬᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠮᠢ ᠠᠬᠤᠢ ᠣᠷᠴᠢᠨ ᠲᠣᠭᠤᠷᠢᠨ ᠤ ᠭᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠠᠨ ᠢᠳᠡᠪᠬᠢᠲᠡᠢ ᠪᠦᠭᠡᠳ ᠯᠠᠪᠳᠠᠭᠤᠨ ᠢᠶᠠᠷ ᠨᠢᠭᠡᠳᠦᠯᠲᠡᠢ ᠲᠦᠯᠦᠪᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠭᠦᠷᠢᠶᠡᠨ ᠳᠠᠬᠢ ᠤᠳᠤ ᠶᠢᠨ ᠴᠢᠬᠤᠯᠠ ᠶᠡᠭᠡ ᠥᠭᠡᠷᠡᠴᠢᠯᠡᠯᠲᠡ ᠯᠦᠭᠡ ᠣᠷᠭᠠᠨᠢᠭ ᠢᠶᠠᠷ ᠵᠣᠯᠭᠠᠭᠤᠯᠵᠤ᠂ ᠪᠦᠬᠦᠯᠢ ᠴᠣᠭᠴᠠ ᠪᠠᠷ ᠨᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠦᠵᠤ ᠵᠢᠷᠤᠭ ᠲᠥᠯᠥᠪᠯᠡᠭᠡ ᠶᠢ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠴᠠᠭ ᠲᠣᠬᠢᠶᠠᠯ᠂ ᠡᠷᠴᠢᠮ ᠪᠠ ᠠᠶᠢᠵᠠᠮ ᠶᠠᠪᠤᠴᠠ ᠶᠢ ᠣᠨᠣᠪᠴᠢᠲᠠᠢ ᠡᠵᠡᠮᠳᠡᠨ᠂ ᠰᠠᠶᠢᠨ ᠰᠠᠶᠢᠬᠠᠨ ᠢᠶᠠᠷ ᠬᠠᠷᠢᠯᠴᠠᠨ ᠭᠦᠳᠡᠯᠦᠯᠴᠡᠭᠰᠡᠨ᠂ ᠵᠤᠬᠢᠴᠠᠯᠳᠤᠭᠤᠯᠵᠦ ᠠᠬᠢᠭᠤᠯᠤᠭᠰᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠦᠷᠦᠩᠭᠡ ᠮᠦᠩᠭᠦ ᠠᠬᠤᠶᠢᠯᠠᠬᠤ ᠶᠢ ᠲᠦᠷᠬᠡᠳᠬᠡᠨ ᠠᠬᠢᠭᠤᠯᠬᠤ ᠬᠡᠷᠡᠭᠲᠡᠶ᠃      ᠲᠣᠰ ᠲᠥᠰᠦᠯ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠃                         ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃                          ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                           2021 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠣᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ