︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠤᠨ ᠬᠠᠮᠢᠶᠠᠷᠬᠤ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/8/4
      ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠵᠣᠷᠢᠯᠭ᠎ᠠ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ ﹇2016﹈ 76 ᠳ᠋ᠤᠭᠠᠷ ᠲᠣᠭᠠᠲᠤ︶ ᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠳᠤ ᠵᠢᠭᠠᠨ ᠭᠠᠷᠭᠠᠭᠰᠠᠨ ︽ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠬᠦᠴᠦᠨ ᠪᠠᠭᠤᠷᠠᠶ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠲᠤᠭ᠎ᠠ ᠪᠦᠷᠢᠳᠬᠡᠯ ᠤᠨ ᠠᠵᠢᠯᠲᠠᠳ ᠨᠠᠰᠤ ᠠᠬᠢᠭᠰᠠᠨ ᠨᠢ ᠣᠯᠠᠨ ᠮᠥᠷᠲᠡᠭᠡᠨ ᠴᠢᠳᠠᠪᠤᠷᠢ ᠬᠡᠪ ᠰᠤᠷᠲᠠᠯ ᠠᠷᠠᠢ ᠥᠨᠳᠥᠷ ᠪᠢᠰᠢ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠳ ᠤᠨ ᠠᠵᠢᠯ ᠤᠨ ᠪᠠᠶᠢᠷᠢ ᠳᠤ ᠪᠠᠶᠢᠨ ᠳᠠᠬᠢᠨ ᠬᠤᠪᠢᠷᠠᠯᠲᠠ ᠭᠠᠷᠳᠠᠭ ᠵᠡᠷᠭᠡ ᠠᠰᠠᠭᠤᠳᠠᠯ ᠤᠳ ᠲᠣᠪᠣᠶᠢᠮ᠎ᠠ ᠪᠠᠶᠢᠬᠤ︾ ᠠᠰᠠᠭᠤᠳᠠᠯ ᠤᠳ ᠢ ᠢ ᠴᠡᠭᠴᠡᠯᠡᠨ ᠰᠠᠶᠢᠵᠢᠷᠠᠭᠤᠯᠵᠤ᠂  ᠬᠤᠰᠢᠭᠤ ᠰᠢᠶᠠᠨ᠂ ᠰᠠᠯᠠᠭ᠎ᠠ ᠮᠥᠴᠢᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠴᠢᠳᠠᠪᠤᠷᠢ ᠶᠢᠨ ᠬᠢᠷᠢ ᠲᠥᠪᠰᠢᠨ ᠢ ᠦᠨᠡᠨ ᠬᠦ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠤᠨ ᠡᠬᠢ ᠰᠤᠷᠪᠤᠯᠵᠢ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠬᠢᠵᠢᠭᠦᠯᠬᠦ ᠶᠢᠨ ᠲᠤᠯᠠᠳᠠ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ  ᠤ ᠱᠠᠲᠤᠨ ᠤ ᠲᠤᠭ᠎ᠠ ᠪᠦᠷᠢᠳᠬᠡᠯ ᠤᠨ ᠠᠵᠢᠯ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠢ ᠵᠢᠷᠤᠮᠵᠢᠭᠤᠯᠤᠨ ᠬᠠᠮᠢᠶᠠᠷᠬᠤ ᠠᠷᠭ᠎ᠠ︾ ︵ᠳᠣᠷᠣᠭᠰᠢ ︽ᠬᠠᠮᠢᠶᠠᠷᠤᠯᠲᠠ  ᠶᠢᠨ ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠨ ᠨᠡᠶᠢᠲᠡᠯᠡᠪᠡ᠃      ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠦᠨᠳᠦᠰᠦᠯᠡᠯ      ︽ᠬᠠᠮᠢᠶᠠᠷᠤᠯᠲᠠ ᠶᠢᠨ ᠠᠷᠭ᠎ᠠ︾ ᠶᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠲᠦᠷᠢᠮ︾᠂ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ ﹇2016﹈ 76 ᠳ᠋ᠤᠭᠠᠷ ᠲᠣᠭᠠᠲᠤ︶᠂ ︽ᠠᠵᠤ ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠢᠯᠣᠭᠤᠳᠬᠤ ᠰᠠᠨᠠᠯ︾ ︵ᠤᠯᠤᠰ ᠪᠦᠷᠢᠳᠬᠡᠯ ᠥᠰᠥᠭ ﹇2021﹈ 84 ᠳ᠋ᠦ᠋ᠭᠡᠷ ᠲᠣᠭᠠᠲᠤ︶᠂ ︽ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ  ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠠᠨᠠᠯ︾ ︵ᠤᠯᠤᠰ ᠪᠦᠷᠢᠳᠬᠡᠯ ᠦᠰᠦᠭ ﹇2021﹈ 85 ᠳ᠋ᠤᠭᠠᠷ ᠲᠣᠭᠠᠲᠤ︶᠂ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2017﹈ 32 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠳ ᠢ ᠦᠨᠳᠦᠰᠦᠯᠡᠨ ᠲᠣᠭᠲᠠᠭᠠᠵᠠᠢ᠃      ᠭᠤᠷᠪᠠ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ      ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 6 ᠪᠦᠯᠦᠭ 39 ᠵᠦᠢᠯ ᠢᠶᠠᠷ ᠪᠦᠷᠢᠯᠳᠦᠵᠦ᠂ ᠭᠤᠤᠯᠳᠠᠭᠤ ᠶᠡᠷᠦᠩᠬᠡᠶ ᠲᠦᠷᠢᠮ᠂ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ᠂ ᠳᠠᠭᠠᠯᠳᠤᠭᠤᠯᠤᠯ ᠲᠦᠷᠢᠮ ᠵᠡᠷᠭᠡ ᠠᠭᠤᠯᠭ᠎ᠠ ᠨᠤᠭᠤᠳ ᠢ ᠪᠠᠭᠲᠠᠭᠠᠪᠠ᠃      ︵ᠨᠢᠭᠡ︶ ᠶᠡᠷᠦᠩᠬᠡᠢ ᠲᠦᠷᠢᠮ ᠤᠨ ᠲᠤᠬᠠᠢ       ︽ᠬᠠᠮᠢᠶᠠᠷᠤᠯᠲᠠ ᠶᠢᠨ ᠠᠷᠭ᠎ᠠ︾ ᠶᠢᠨ ᠬᠡᠷᠡᠭᠵᠢᠭᠦᠯᠦᠭᠳᠡᠬᠦ ᠬᠡᠪᠴᠢᠶ᠎ᠡ ᠶᠢ ᠲᠣᠳᠣᠷᠬᠠᠶᠢᠯᠠᠪᠠ᠂ ᠳᠠᠷᠤᠢ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ︔ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠪᠠᠶᠢᠭᠤᠯᠭ᠎ᠠ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠮᠵᠢᠲᠤ ᠠᠵᠢᠯ ᠦᠶᠯᠡᠰ ᠤᠨ ᠨᠢᠭᠡᠴᠢ᠂ ᠡᠷᠬᠡ ᠣᠯᠭᠤᠯᠲᠠ ᠪᠠᠷ ᠳᠠᠮᠵᠢᠨ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠲᠥᠯᠦᠭᠡᠯᠡᠨ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠶᠢ ᠣᠷᠣᠯᠠᠨ ᠭᠦᠶᠴᠡᠳᠬᠡᠬᠦ ᠠᠵᠤ ᠦᠶᠯᠡᠳᠪᠦᠷᠢ ᠬᠤᠳᠠᠯᠳᠤᠭ᠎ᠠ ᠶᠢᠨ ᠬᠤᠯᠪᠣᠭᠠᠲᠤ ᠬᠤᠷᠠᠯ ᠪᠤᠶᠤ ᠠᠵᠢᠯ ᠲᠥᠷᠥᠯ ᠤᠨ ᠨᠡᠶᠢᠭᠡᠮᠯᠢᠭ ᠪᠠ ᠪᠦᠯᠦᠭᠯᠡᠯ ᠺᠣᠮᠫᠠᠨᠢ ᠵᠢᠴᠢ ᠵᠣᠬᠢᠬᠤ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠲᠠᠢ ᠠᠷᠠᠳ ᠤᠨ ᠪᠦᠯᠬᠦᠮ ᠵᠡᠷᠭᠡ ᠰᠠᠯᠠᠭ᠎ᠠ ᠮᠥᠴᠢᠷ ᠤᠳ︔ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠢᠶᠠᠷ ᠵᠥᠪᠰᠢᠶᠡᠷᠡᠭᠦᠯᠦᠭᠡᠳ ᠪᠠᠶᠢᠭᠤᠯᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠤᠷᠠᠬᠢ ᠠᠵᠤ ᠦᠢᠯᠡᠳᠪᠦᠷᠢ  ᠪᠠᠷ ᠭᠤᠣᠯᠯᠠᠭᠤᠯᠤᠭᠰᠠᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠢᠯᠢ ᠶᠢᠨ ᠠᠵᠤ ᠠᠬᠤᠶ ᠶᠢᠨ ᠬᠤᠷᠰᠢᠶᠠᠵᠢᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ︔ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠰᠢᠭ ᠣᠯᠵᠠᠪᠤᠷᠢ ᠶᠢᠨ ᠴᠢᠨᠠᠷᠲᠠᠶ ᠠᠵᠢᠯᠯᠠᠭ᠎ᠠ ᠬᠢᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯᠭ᠎ᠠ ᠳᠤ ᠬᠠᠤᠯᠢ ᠶᠣᠰᠣᠭᠠᠷ ᠳᠠᠩᠰᠠᠯᠠᠭᠤᠯᠤᠭᠰᠠᠨ ᠬᠠᠤᠯᠢ ᠶᠢᠨ ᠡᠷᠬᠡᠲᠡᠨ ᠤ ᠨᠢᠭᠡᠴᠢ ᠪᠠ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠢ ᠵᠢᠴᠢ ᠪᠤᠰᠤᠳ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠨᠤᠭᠤᠳ ᠪᠤᠯᠤᠨ᠎ᠠ᠃      ︵ᠬᠤᠶᠠᠷ︶ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ ᠶᠢᠨ ᠲᠤᠬᠠᠶ      ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠨᠢ ︽ᠲᠠᠪᠤ ᠶᠢ ᠵᠢᠷᠤᠮᠵᠢᠭᠤᠯᠵᠤ ᠳᠥᠷᠪᠡ ᠶᠢ ᠳᠡᠭᠡᠭᠰᠢᠯᠡᠭᠦᠯᠬᠦ︾ ᠬᠠᠷᠠᠯᠲᠠ ᠶᠢ ᠪᠡᠶᠡᠯᠡᠭᠦᠯᠬᠦ ᠶᠢ ᠳᠤᠷᠠᠳᠴᠠᠢ᠂ ᠲᠤᠬᠠᠶᠢᠯᠠᠪᠠᠯ ᠬᠤᠰᠢᠭᠤ ᠰᠢᠶᠠᠨ ᠤ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ᠂ ᠲᠤᠭ᠎ᠠ ᠪᠠᠷᠢᠮᠲᠠ ᠶᠢ ᠪᠤᠢ ᠪᠤᠯᠭᠠᠬᠤ ᠴᠤᠪᠤᠷᠠᠯ᠂ ᠲᠤᠭ᠎ᠠ ᠪᠦᠷᠢᠳᠬᠡᠯ ᠤᠨ ᠠᠵᠢᠯ ᠤᠨ ᠪᠣᠯᠪᠠᠰᠤᠷᠠᠯ ᠬᠥᠮᠦᠵᠢᠯ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠪᠠ ᠲᠤᠭ᠎ᠠ ᠪᠦᠷᠢᠳᠬᠡᠯ  ᠤᠨ ᠪᠢᠴᠢᠭ ᠮᠠᠲ᠋ᠧᠷᠢᠶᠠᠯ ᠤᠳ ᠤᠨ ᠬᠠᠮᠢᠶᠠᠷᠤᠯᠲᠠ ᠵᠡᠷᠭᠡ ᠶᠢ ᠵᠢᠷᠤᠮᠵᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠬᠢᠷᠢ ᠲᠥᠪᠰᠢᠨ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠢᠷᠢ ᠲᠥᠪᠰᠢᠨ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ  ᠶᠢᠨ ᠬᠢᠷᠢ ᠲᠥᠪᠰᠢᠨ ᠵᠢᠴᠢ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠬᠤ ᠬᠢᠷᠢ ᠲᠥᠪᠰᠢᠨ ᠵᠡᠷᠭᠡ ᠶᠢ ᠳᠡᠭᠡᠭᠰᠢᠯᠡᠭᠦᠯᠦᠨ᠎ᠡ᠃      ︵ᠭᠤᠷᠪᠠ︶ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ  ᠪᠠ ᠱᠠᠭᠠᠷᠳᠠᠯᠭ᠎ᠠ ᠶᠢᠨ ᠲᠤᠬᠠᠶ      ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠳᠤ ︽ᠵᠢᠷᠭᠤᠭ᠎ᠠ ᠶᠢ ᠵᠢᠷᠤᠮᠵᠢᠭᠤᠯᠵᠤ ᠲᠠᠪᠤ ᠶᠢ ᠴᠢᠩᠭᠠᠳᠬᠠᠬᠤ︾ ᠬᠠᠷᠠᠯᠲᠠ ᠶᠢ ᠪᠠᠶᠡᠯᠡᠭᠦᠯᠬᠦ ᠶᠢ ᠳᠤᠷᠠᠳᠪᠠ᠂ ᠲᠤᠬᠠᠶᠢᠯᠠᠪᠠᠯ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠵᠢᠷᠤᠭ ᠲᠥᠯᠥᠪᠯᠡᠭᠡ᠂ ᠪᠠᠶᠢᠴᠠᠭᠠᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠯᠠᠭ᠎ᠠ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠲᠤᠭ᠎ᠠ ᠪᠠᠷᠢᠮᠲᠠ ᠶᠢ ᠨᠡᠶᠢᠲᠡᠯᠡᠬᠦ ᠠᠭᠤᠯᠭ᠎ᠠ ᠵᠡᠷᠭᠡ ᠶᠢ ᠵᠢᠷᠤᠮᠵᠢᠭᠤᠯᠵᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ᠂ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢ ᠬᠠᠮᠠᠭᠠᠯᠠᠬᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ᠂ ᠶᠠᠰᠤ ᠴᠢᠨᠠᠷ ᠢ ᠦᠨᠡᠯᠡᠨ ᠵᠢᠱᠢᠵᠦ ᠰᠢᠯᠭᠠᠨ ᠠᠪᠬᠤ ᠪᠠ ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃      ︵ᠳᠥᠷᠪᠡ︶ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠪᠠ ᠱᠠᠭᠠᠷᠳᠠᠯᠭ᠎ᠠ ᠶᠢᠨ ᠲᠤᠬᠠᠶ      ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠳᠤ ︽ᠭᠤᠷᠪᠠ ᠶᠢ ᠵᠢᠷᠤᠮᠵᠢᠭᠤᠯᠵᠤ ᠬᠤᠶᠠᠷ ᠢ ᠳᠡᠭᠡᠭᠰᠢᠯᠡᠭᠦᠯᠬᠦ︾ ᠬᠠᠷᠠᠯᠲᠠ ᠶᠢ ᠪᠡᠶᠡᠯᠡᠭᠦᠯᠬᠦ ᠶᠢ ᠳᠤᠷᠠᠳᠴᠠᠢ᠂ ᠳᠠᠷᠤᠢ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ᠂ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠴᠤᠪᠤᠷᠠᠯ ᠵᠡᠷᠭᠡ ᠶᠢ ᠵᠢᠷᠤᠮᠵᠢᠭᠤᠯᠵᠤ᠂ ᠬᠠᠤᠯᠢ ᠶᠣᠰᠣᠭᠠᠷ ᠪᠦᠷᠢᠳᠬᠡᠬᠦ ᠴᠢᠳᠠᠪᠤᠷᠢ ᠵᠢᠴᠢ ᠲᠤᠭ᠎ᠠ ᠪᠦᠷᠢᠳᠬᠡᠯ ᠤᠨ ᠠᠵᠢᠯ ᠢ ᠬᠢᠨᠠᠨ ᠰᠢᠯᠭᠠᠬᠤ ᠡᠷᠴᠢᠮ ᠢ ᠳᠡᠭᠡᠭᠰᠢᠯᠡᠭᠦᠯᠦᠨ᠎ᠡ᠃      ︵ᠲᠠᠪᠤ︶ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠤᠨ ᠵᠢᠷᠤᠮᠵᠢᠯ ᠤᠨ ᠠᠭᠤᠯᠭ᠎ᠠ ᠪᠠ ᠱᠠᠭᠠᠷᠳᠠᠯᠭ᠎ᠠ ᠶᠢᠨ ᠲᠤᠬᠠᠶ      ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯ ᠳᠤ ︽ᠭᠤᠷᠪᠠ ᠶᠢ ᠵᠢᠷᠤᠮᠵᠢᠭᠤᠯᠵᠤ ᠳᠥᠷᠪᠡ ᠶᠢ ᠴᠢᠩᠭᠠᠷᠠᠭᠤᠯᠬᠤ︾ ᠬᠠᠷᠠᠯᠲᠠ ᠶᠢ ᠪᠡᠶᠡᠯᠡᠭᠦᠯᠬᠦ ᠶᠢ ᠲᠤᠷᠠᠳᠪᠠ᠂ ᠲᠤᠬᠠᠶᠢᠯᠠᠪᠠᠯ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ᠂ ᠲᠤᠭ᠎ᠠ ᠪᠦᠷᠢᠳᠬᠡᠯ ᠤᠨ ᠠᠵᠢᠯᠯᠠᠭ᠎ᠠ ᠪᠠ ᠠᠵᠢᠯᠲᠠᠨ ᠤ ᠪᠣᠯᠪᠠᠰᠤᠷᠠᠯ ᠵᠡᠷᠭᠡ ᠶᠢ ᠵᠢᠷᠤᠮᠵᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠦᠷᠢᠮ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ᠂ ᠶᠡᠷᠦᠩᠬᠡᠶᠢᠯᠡᠭᠰᠡᠨ ᠪᠠᠲᠤᠯᠠᠭ᠎ᠠ ᠵᠢᠴᠢ ᠲᠤᠭ᠎ᠠ ᠪᠦᠷᠢᠳᠬᠡᠯ ᠤᠨ ᠱᠠᠩᠨᠠᠵᠤ ᠲᠣᠷᠭᠠᠬᠤ ᠳᠦᠷᠢᠮ ᠢ ᠴᠢᠩᠭᠠᠳᠬᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ