ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠯᠠᠱᠠ ᠠᠶᠢᠮᠠᠭ ᠤᠨ ᠬᠢᠯᠢ ᠠᠯᠤᠰᠯᠠᠭᠰᠠᠨ | ᠠᠷᠠᠯᠵᠢᠶ᠎ᠠ ᠶᠢᠨ ᠳᠥᠭᠦᠮᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠠᠯᠠᠱᠠ ᠠᠶᠢᠮᠠᠭ ᠤᠨ ᠭᠠᠳᠠᠭᠠᠳᠤ ᠶᠠᠪᠤᠳᠠᠯ ᠤᠨ | ᠠᠯᠪᠠᠨ ᠬᠡᠷ ᠡᠵᠡᠨ᠎ᠡ ᠪᠣᠭᠤᠮᠲᠠ᠂ ᠠᠯᠠᠱᠠ ᠪᠣᠭᠤᠮᠲᠠ ᠲᠠᠢ ᠬᠠᠮᠲᠤᠷᠠᠨ ︽ᠠᠯᠠᠱᠠ ᠠᠶᠢᠮᠠᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠳᠡᠭᠡᠭᠰᠢᠯᠡᠭᠦᠯᠵᠦ | ᠬᠢᠯᠢ ᠠᠯᠤᠰᠯᠠᠭᠰᠠᠨ ᠠᠷᠠᠯᠵᠢᠶᠠᠨ ᠤ ᠳᠦᠭᠦᠮᠴᠢᠯᠡᠭᠰᠡᠨ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ᠃ ︽ᠢᠯᠡ ᠪᠠᠶᠢᠯᠭᠠᠬᠤ᠂ | ᠢᠯᠡ ᠲᠣᠳᠣ᠂ ᠵᠢᠱᠢᠵᠦ ᠪᠣᠯᠬᠤ᠂ ᠥᠷᠢᠰᠦᠯᠳᠦᠬᠦ ᠬᠦᠴᠦᠨ ᠲᠠᠢ ᠬᠢᠯᠢ ᠳᠠᠭᠠᠤ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠬᠤ︾ | ᠪᠠᠷ ᠬᠠᠷᠠᠯᠲᠠ ᠪᠣᠯᠭᠠᠵᠤ᠂ ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠯᠢ ᠶᠢᠨ ᠬᠢᠨᠠᠨ ᠬᠠᠷᠭᠤᠭᠤᠯᠤᠯᠲᠠ ᠶᠢᠨ ᠬᠡᠷᠡᠭᠰᠡᠬᠦ ᠴᠠᠭ ᠢ | ᠪᠣᠭᠤᠨᠢᠰᠬᠠᠬᠤ︾ ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠢᠯᠢ ᠶᠢᠨ ᠬᠢᠨᠠᠨ ᠬᠠᠷᠭᠤᠭᠤᠯᠤᠯᠲᠠ ᠶᠢᠨ ᠵᠠᠷᠤᠳᠠᠯ ᠢ ᠪᠠᠭᠤᠷᠠᠭᠤᠯᠬᠤ︾ | ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠭᠤᠳᠠᠰᠤ ᠪᠠᠷᠢᠮᠲᠠ ᠶᠢᠨ ᠬᠢᠨᠠᠨ ᠬᠠᠷᠭᠤᠭᠤᠯᠤᠯᠲᠠ ᠶᠢᠨ ᠵᠠᠷᠤᠳᠠᠯ ᠢ ᠪᠠᠭᠤᠷᠠᠭᠤᠯᠬᠤ︾ ︽ᠬᠢᠯᠢ | ᠠᠯᠤᠰᠯᠠᠭᠰᠠᠨ ᠠᠷᠠᠯᠵᠢᠶᠠᠨ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ︾ 4 ᠲᠠᠯ᠎ᠠ ᠠᠴᠠ 31 ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ ᠵᠢᠯ ᠤᠨ ᠡᠴᠦᠰ ᠠᠴᠠ ᠡᠮᠦᠨ᠎ᠡ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠪᠠᠷ ᠮᠡᠳᠡᠭᠦᠯᠬᠦ ᠭᠤᠤᠯ ᠪᠣᠯᠬᠤ | ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ 100% ᠳᠤ ᠬᠦᠷᠦᠭᠦᠯᠵᠦ᠂ ᠨᠡᠭᠦᠷᠡᠰᠦ ᠶᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠦᠬᠦᠯᠢ | ᠴᠣᠭᠴᠠ ᠶᠢᠨ ᠦᠶᠡᠯᠡᠯ ᠤᠨ ᠬᠤᠭᠤᠴᠠᠭ᠎ᠠ ᠶᠢ 4 — 5 ᠡᠳᠦᠷ ᠪᠣᠯᠭᠠᠨ ᠪᠣᠭᠤᠨᠢᠰᠬᠠᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠭᠤᠭᠴᠤᠭ᠎ᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ | ᠴᠠᠭ ᠢ ᠤᠯᠠᠮ ᠨᠢᠭᠡ ᠠᠯᠬᠤᠮ ᠪᠣᠭᠤᠨᠢᠰᠬᠠᠨ᠂ ᠪᠣᠭᠤᠮᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠢᠯᠢ | ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠪᠠᠷ ᠪᠣᠢ᠃ |