ᠱᠢ ᠲᠠᠢ ᠹᠧᠩ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠯᠤᠨ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ ᠬᠠᠮᠤᠭ ᠤᠨ ᠴᠢᠩᠭ᠎ᠠ ᠬᠠᠮᠤᠭ ᠤᠨ ᠪᠣᠳᠠᠲᠠᠶ ᠬᠠᠮᠤᠭ ᠤᠨ ᠨᠠᠷᠢᠯᠢᠭ ᠠᠷᠭ᠎ᠠ ᠬᠡᠮᠵᠢᠶ᠎ᠡ ᠪᠠᠷ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2021/8/5

      8 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠪᠣᠯᠤᠨ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠦᠷᠴᠦ ᠨᠢᠭᠤᠴᠠ ᠪᠠᠷ ᠰᠤᠷᠪᠤᠯᠵᠢᠯᠠᠨ ᠪᠠᠶᠢᠴᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠥᠴᠦᠬᠡᠨ ᠴᠦ ᠴᠠᠯᠠᠭᠠᠢᠢᠷᠠᠵᠦ ᠪᠣᠯᠬᠤ ᠦᠭᠡᠢ᠂ ᠬᠠᠮᠤᠭ ᠤᠨ ᠴᠢᠩᠭ᠎ᠠ ᠬᠠᠮᠤᠭ ᠤᠨ ᠪᠣᠳᠠᠲᠠᠶ ᠬᠠᠮᠤᠭ ᠤᠨ ᠨᠠᠷᠢᠯᠢᠭ ᠠᠷᠭ᠎ᠠ ᠬᠡᠮᠵᠢᠶ᠎ᠡ ᠪᠠᠷ ᠭᠠᠳᠠᠨ᠎ᠠ  ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠪᠣᠭᠤᠮᠲᠠ ᠶᠢ ᠪᠠᠲᠤ ᠰᠠᠬᠢᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃


0805石泰峰在呼和浩特白塔国际机场和内蒙古第四医院调研.jpg


      ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠨᠢᠰᠬᠡᠯ ᠤᠨ ᠦᠷᠲᠡᠭᠡᠨ ᠤ ᠠᠰᠠᠷ ᠲᠤ᠂ ᠱᠢ ᠲᠠᠢ ᠹᠧᠩ ᠳᠠᠷᠬᠠᠭᠠᠨ ᠪᠠᠭᠤᠯᠭᠠᠭᠰᠠᠨ ᠣᠯᠠᠨ ᠤᠯᠤᠰ ᠤᠨ ᠵᠢᠰᠢᠶᠠᠨ ᠤ ᠨᠢᠰᠬᠡᠯ ᠢ ᠠᠷᠭᠠᠴᠠᠭᠠᠨ ᠰᠢᠢᠳᠪᠦᠷᠢᠯᠡᠵᠦ ᠪᠠᠶᠢᠭ᠎ᠠ ᠠᠵᠢᠯ ᠤᠨ ᠶᠠᠪᠤᠴᠠ ᠶᠢ ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠵᠦ᠂ ᠨᠢᠰᠬᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠱᠢ ᠲᠠᠢ ᠹᠧᠩ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠭᠰᠠᠭᠠᠷ᠂ ᠨᠢᠰᠬᠡᠯ ᠤᠨ ᠪᠠᠭᠤᠳᠠᠯ ᠨᠢ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠬᠦᠨᠳᠦ ᠴᠢᠬᠤᠯᠠ ᠶᠤᠮ᠃ ᠣᠷᠣᠨ ᠤ ᠭᠠᠳᠠᠨᠠᠬᠢ ᠬᠤᠯᠪᠣᠭᠳᠠᠯ ᠪᠥᠬᠦᠶ ᠨᠢᠰᠬᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠠᠴᠠ ᠭᠦᠨᠵᠡᠭᠡᠶ ᠰᠤᠷᠭᠠᠮᠵᠢ ᠠᠪᠴᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠠᠵᠢᠯ ᠤᠨ ᠳᠤᠮᠳᠠᠬᠢ ᠠᠯᠳᠠᠰᠢ ᠳᠤᠳᠠᠭᠳᠠᠯ ᠬᠡᠮ ᠰᠣᠭᠤᠭ ᠢ ᠪᠥᠬᠦ ᠲᠠᠯ᠎ᠠ ᠪᠠᠷ ᠭᠦᠨᠵᠡᠭᠡᠶ ᠵᠢᠭᠰᠠᠭᠠᠨ ᠪᠠᠶᠢᠴᠠᠭᠠᠵᠤ᠂ ᠡᠨᠡ ᠬᠦ ᠴᠢᠬᠤᠯᠠ ᠪᠣᠭᠤᠮᠲᠠ ᠶᠢ ᠡᠷᠡᠰ ᠰᠠᠬᠢᠵᠤ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠯᠢ ᠪᠠᠷ ᠣᠷᠣᠵᠤ ᠢᠷᠡᠭᠰᠡᠨ ᠵᠠᠮ ᠬᠠᠷᠢᠯᠴᠠᠭᠠᠨ ᠤ ᠪᠠᠭᠠᠵᠢ ᠶᠢᠨ ᠬᠢᠵᠢᠭ ᠢ ᠪᠠᠶᠢᠴᠠᠭᠠᠵᠤ ᠠᠷᠢᠭᠤᠳᠬᠠᠬᠤ ᠪᠠ ᠬᠤᠭ ᠨᠣᠪᠰᠢ ᠶᠢ ᠰᠢᠢᠳᠪᠦᠷᠢᠯᠡᠬᠦ᠂ ᠣᠯᠠᠨ ᠤᠯᠤᠰ ᠤᠨ ᠡᠳ᠋ ᠪᠠᠷᠠᠭ᠎ᠠ ᠶᠢ ᠠᠷᠢᠭᠤᠳᠬᠠᠬᠤ᠂ ᠰᠢᠭᠤᠳ ᠦᠢᠯᠡᠴᠢᠯᠡᠨ ᠪᠠᠳᠤᠯᠠᠵᠦ ᠪᠠᠶᠢᠭ᠎ᠠ ᠠᠵᠢᠯᠳᠠᠳ ᠤᠨ ᠬᠤᠪᠢ ᠬᠥᠮᠦᠨ ᠤ ᠰᠡᠷᠭᠡᠶᠢᠯᠡᠯᠳᠠ ᠬᠠᠮᠠᠭᠠᠯᠠᠯᠲᠠ ᠵᠡᠷᠭᠡ ᠪᠠᠶᠢᠳᠠᠯ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠨᠠᠷᠢᠨ ᠵᠦᠢᠯᠡᠰ ᠪᠦᠬᠦᠨ ᠢ ᠨᠢᠮᠪᠠᠢ ᠪᠠᠶᠢᠴᠠᠭᠠᠭᠰᠠᠨ ᠰᠠᠭᠤᠷᠢᠨ ᠳᠡᠭᠡᠷ᠎ᠡ ᠠᠵᠢᠯ ᠤᠨ ᠶᠠᠪᠤᠴᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠡᠮᠦᠨ᠎ᠡ ᠹᠷᠦᠨᠲ ᠤᠨ ᠬᠥᠮᠦᠰ ᠲᠤ ᠲᠡᠰ ᠲᠦᠷᠦᠯ ᠬᠤᠪᠢᠶᠠᠨ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠤᠯᠠᠨ ᠤᠯᠤᠰ ᠤᠨ ᠵᠢᠰᠢᠶᠠᠨ ᠤ ᠨᠢᠰᠬᠡᠯ ᠪᠠ ᠤᠯᠤᠰ ᠤᠨ ᠳᠣᠲᠣᠭᠠᠳᠤ ᠶᠢᠨ ᠵᠢᠰᠢᠶᠠᠨ ᠤ ᠨᠢᠰᠬᠡᠯ ᠢ ᠰᠣᠯᠪᠢᠴᠠᠭᠤᠯᠬᠤ ᠦᠭᠡᠢ᠂ ᠠᠶᠠᠨᠴᠢᠳ ᠤᠨ ᠲᠡᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ ᠵᠢᠰᠢᠶᠠᠨ ᠤ ᠨᠢᠰᠬᠡᠯ ᠢ ᠰᠣᠯᠪᠢᠴᠠᠭᠤᠯᠬᠤ ᠦᠭᠡᠢ᠂ ᠠᠵᠢᠯᠯᠠᠬᠤ ᠪᠠ ᠠᠮᠠᠷᠠᠬᠤ ᠣᠷᠣᠨ ᠪᠦᠰᠡ ᠶᠢ ᠴᠢᠩᠭ᠎ᠠ ᠵᠠᠭᠠᠭᠯᠠᠵᠦ᠂ ᠠᠵᠢᠯᠯᠠᠬᠤ ᠲᠠᠯᠠᠪᠤᠷ ᠪᠣᠯᠤᠨ ᠰᠠᠭᠤᠭ᠎ᠠ ᠭᠠᠵᠠᠷ ᠤᠨ ᠬᠤᠭᠤᠷᠣᠨᠳᠣ ᠴᠡᠭ ᠬᠠᠷᠠᠭᠠᠯᠵᠠᠭᠤᠯᠵᠤ ᠬᠤᠪᠢᠶᠠᠨ ᠲᠡᠭᠡᠭᠡᠪᠦᠷᠢᠯᠡᠵᠦ᠂ ᠵᠢᠵᠢᠭᠦᠷᠯᠡᠬᠦ ᠬᠤᠭᠤᠴᠠᠭᠠᠨ ᠳᠤ ᠭᠡᠷ ᠪᠦᠯᠢ ᠶᠢᠨ ᠪᠦᠷᠢᠯᠳᠦᠬᠦᠨ ᠵᠡᠷᠭᠡ ᠲᠠᠢ ᠤᠢᠢᠷᠠᠳᠤᠭᠤᠯᠬᠤ ᠦᠭᠡᠢ ᠪᠠᠶᠢᠬᠤ ᠶᠢ ᠪᠠᠲᠤᠯᠠᠵᠤ᠂ ᠡᠳᠦᠷ ᠲᠤᠳᠤᠮ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠰᠠᠶᠢᠲᠤᠷ ᠬᠢᠵᠦ᠂ ᠡᠮᠦᠨ᠎ᠡ ᠹᠷᠦᠨᠲ ᠤᠨ ᠬᠥᠮᠦᠰ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ︽ᠬᠥᠮᠦᠨ︾᠂ ︽ᠪᠣᠳᠠᠰ︾ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠤᠯᠠᠨ ᠤᠯᠤᠰ ᠤᠨ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠤ ᠡᠳ᠋ ᠪᠠᠷᠠᠭ᠎ᠠ ᠵᠢᠴᠢ ᠠᠶᠠᠨᠴᠢᠳ ᠤᠨ ᠵᠥᠭᠡᠭᠡᠪᠦᠷᠢ ᠶᠢᠨ ᠠᠴᠢᠶ᠎ᠠ ᠶᠢ ᠠᠷᠢᠭᠤᠳᠬᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠥᠬᠦᠭᠡᠷᠦᠮᠵᠢ ᠶᠢ ᠠᠷᠢᠭᠤᠳᠬᠠᠬᠤ ᠳᠠᠪᠳᠠᠮᠵᠢ ᠤᠳᠠᠭ᠎ᠠ ᠶᠢ ᠨᠡᠮᠡᠭᠳᠡᠭᠦᠯᠵᠦ᠂ ᠬᠠᠶᠠᠭᠳᠠᠮᠠᠯ ᠪᠣᠳᠠᠰ ᠪᠠ ᠬᠤᠭ ᠨᠣᠪᠰᠢ ᠶᠢ ᠴᠤᠭᠯᠠᠭᠤᠯᠬᠤ᠂ ᠴᠡᠪᠡᠷᠯᠡᠨ ᠲᠡᠭᠡᠭᠡᠪᠦᠷᠢᠯᠡᠬᠦ ᠪᠠ ᠬᠤᠣᠷ ᠦᠭᠡᠶᠢᠳᠡᠬᠦᠯᠦᠨ ᠵᠢᠷᠤᠮᠵᠢᠭᠤᠯᠤᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠡᠵᠢᠭᠯᠡᠯᠲᠡᠶ ᠡᠪᠡᠳᠴᠢᠨ ᠤ ᠢᠯᠡᠷᠡᠯ ᠲᠠᠢ ᠬᠦᠮᠦᠨ ᠢᠯᠡᠷᠡᠮᠡᠭᠴᠡ ᠬᠠᠮᠢᠶ᠎ᠠ ᠪᠥᠬᠦᠶ ᠰᠢᠢᠳᠪᠦᠷᠢᠯᠡᠬᠦ ᠠᠵᠢᠯ ᠢ ᠲᠦᠷᠭᠡᠨ ᠥᠷᠨᠢᠭᠦᠯᠵᠦ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠬᠠᠮᠤᠭ ᠤᠨ ᠪᠠᠭ᠎ᠠ ᠬᠡᠪᠴᠢᠶᠡᠨ ᠳᠤ ᠬᠢᠵᠠᠭᠠᠷᠯᠠᠵᠤ᠂ ᠳᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠃ ᠬᠥᠬᠡᠬᠤᠲᠠ ᠬᠢᠯᠢ ᠶᠢᠨ ᠪᠠᠶᠢᠴᠠᠭᠠᠯᠲᠠ᠂ ᠪᠣᠭᠤᠮᠲᠠ᠂ ᠨᠢᠰᠬᠡᠯ ᠤᠨ ᠪᠠᠭᠤᠳᠠᠯ ᠵᠡᠷᠭᠡ ᠬᠤᠯᠪᠣᠭᠳᠠᠯ ᠪᠦᠬᠦᠢ ᠲᠠᠯ᠎ᠠ ᠶᠢᠨ ᠬᠢᠨ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠱᠠᠳᠤ ᠳᠠᠪᠬᠤᠷᠭ᠎ᠠ ᠡᠯ᠎ᠡ ᠭᠤᠭᠴᠤᠭ᠎ᠠ ᠶᠢᠨ ᠪᠣᠳᠠᠲᠠᠢ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃


0805石泰峰在呼和浩特白塔国际机场和内蒙古第四医院调研2.jpg


      ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠳᠠᠨ ᠢ ᠠᠪᠤᠷᠠᠨ ᠡᠮᠨᠡᠬᠦ ᠲᠣᠭᠲᠠᠭᠰᠠᠨ ᠡᠮᠨᠡᠯᠭᠡ ᠶᠢᠨ ᠬᠤᠷᠢᠶ᠎ᠠ ᠪᠣᠯᠤᠨ᠎ᠠ᠂ ᠱᠢ ᠲᠠᠢ ᠹᠧᠩ ᠡᠮᠨᠡᠯᠭᠡ ᠶᠢᠨ ᠬᠤᠷᠢᠶ᠎ᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠪᠡᠳᠴᠢᠲᠡᠨ ᠢ ᠠᠪᠤᠷᠠᠨ ᠡᠮᠨᠡᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦ ᠨᠣᠴᠢᠲᠠᠢ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠡᠮᠴᠢᠯᠡᠭᠡᠨ ᠤ ᠠᠵᠢᠯᠳᠠᠨ ᠠᠮᠵᠢᠯᠲᠠ ᠪᠠᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠨᠠᠷᠢᠯᠢᠭ ᠠᠳᠬᠤᠬᠤ ᠶᠢᠨ ᠵᠡᠷᠭᠡ ᠪᠠᠷ ᠡᠮᠴᠢᠯᠡᠭᠡᠨ ᠤ ᠠᠵᠢᠯᠳᠠᠨ᠂ ᠦᠢᠯᠡᠴᠢᠯᠡᠭᠡ ᠪᠠᠲᠤᠯᠠᠭ᠎ᠠ ᠶᠢᠨ ᠠᠵᠢᠯᠳᠠᠨ ᠤ ᠪᠦᠬᠦ ᠶᠠᠪᠤᠴᠠ ᠪᠠᠷ ᠪᠢᠲᠡᠭᠦᠮᠵᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠪᠣᠯᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠬᠦ ᠬᠡᠷᠡᠭᠲᠡᠢ᠃ ᠪᠤᠰᠤᠳ ᠡᠮᠴᠢᠯᠡᠭᠡᠨ ᠤ ᠪᠠᠶᠢᠭᠤᠯᠤᠮᠵᠢ ᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ᠂ ᠡᠮᠴᠢᠯᠡᠭᠡᠨ ᠤ ᠪᠠᠶᠢᠭᠤᠯᠤᠮᠵᠢ ᠶᠢᠨ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠪᠣᠯᠤᠨ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠨ ᠥᠷᠨᠢᠭᠦᠯᠵᠦ᠂ ᠡᠮᠨᠡᠯᠭᠡ ᠶᠢᠨ ᠬᠤᠷᠢᠶᠠᠨ ᠤ ᠳᠣᠲᠣᠷ᠎ᠠ ᠬᠠᠯᠳᠠᠪᠤᠷᠢᠯᠠᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠣᠷᠳᠣ ᠬᠤᠭᠤᠴᠠᠭ᠎ᠠ ᠪᠠᠷ ᠡᠮᠦᠨ᠎ᠡ ᠹᠷᠦᠨᠲ ᠲᠤ ᠠᠵᠢᠯᠯᠠᠵᠤ ᠪᠠᠶᠢᠭ᠎ᠠ ᠡᠮᠴᠢᠯᠡᠭᠡᠨ ᠤ ᠠᠵᠢᠯᠲᠠᠳ ᠢ ᠣᠨᠴᠠᠭᠠᠶᠢᠯᠠᠨ ᠬᠠᠯᠠᠮᠵᠢᠯᠠᠨ ᠬᠠᠶᠢᠷᠠᠯᠠᠵᠤ᠂ ᠪᠣᠳᠠᠲᠠᠶ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ᠂ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃


0805石泰峰在呼和浩特白塔国际机场和内蒙古第四医院调研3.jpg


      ᠱᠢ ᠲᠠᠢ ᠹᠧᠩ ᠪᠠᠰᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠦᠷᠴᠦ ᠨᠢᠭᠤᠴᠠ ᠪᠠᠷ ᠰᠤᠷᠪᠤᠯᠵᠢᠯᠠᠨ ᠪᠠᠶᠢᠴᠠᠭᠠᠪᠠ᠃ ᠲᠡᠷᠡ᠂ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠨᠢᠭᠡᠳᠦᠯᠲᠡᠶ ᠵᠢᠯᠣᠭᠤᠳᠣᠯᠭ᠎ᠠ᠂ ᠨᠢᠭᠡᠳᠦᠯᠲᠡᠶ ᠲᠣᠬᠢᠷᠠᠭᠤᠯᠤᠯᠲᠠ ᠪᠠᠨ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠵᠢᠯᠣᠭᠤᠳᠬᠤ ᠰᠢᠰᠲ᠋ᠧᠮ ᠤᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠢ ᠱᠠᠯᠠᠪᠳᠠᠨ ᠨᠥᠬᠦᠪᠥᠷᠢᠯᠡᠵᠦ᠂ ᠠᠵᠢᠯ ᠤᠨ ᠳᠤᠮᠳᠠᠬᠢ ᠠᠰᠠᠭᠤᠳᠠᠯ ᠢᠯᠠᠩᠭᠤᠶ᠎ᠠ ᠬᠦᠷᠢᠶ᠎ᠡ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ  ᠰᠢᠢᠳᠪᠦᠷᠢᠯᠡᠵᠦ᠂ ᠵᠢᠯᠣᠭᠤᠳᠣᠯᠭ᠎ᠠ ᠬᠦᠴᠦᠲᠡᠶ᠂ ᠠᠵᠢᠯᠯᠠᠭ᠎ᠠ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠳ᠋ᠢᠩ ᠰᠢᠤ ᠹᠧᠩ᠂ ᠡᠸᠤ ᠶᠠᠩ ᠰᠢᠶᠤᠤ ᠬᠤᠶ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠦᠬᠦᠳ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ