ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2021/8/5

      ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                      ᠦᠪᠦᠷ ᠵᠠᠰᠠᠭ ᠠᠯᠪᠠᠨ ᠲᠠᠷᠬᠠᠭᠠᠭᠰᠠᠨ ﹇2021﹈ 21 ᠳ᠋ᠦ᠋ᠭᠡᠷ ᠲᠣᠭᠠᠲᠤ

                ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠥᠪᠥᠷ

         ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣ᠋‍ᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂

ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ

ᠬᠥᠭᠵᠢᠯᠲᠡ ᠶᠢᠨ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ

ᠴᠢᠩᠭᠠᠳᠬᠠᠨ᠂ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃

     ᠨᠢᠭᠡ᠂ ᠶᠡᠷᠦᠩᠬᠡᠢ ᠱᠠᠭᠠᠷᠳᠠᠯᠭ᠎ᠠ

     ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ

ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ

ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂

ᠪᠣᠬᠢᠷᠲᠤᠯ ᠦᠭᠡᠢ ᠪᠠᠷ᠂ ᠨᠡᠭᠦᠷᠡᠰᠦᠲᠥ᠋ᠷᠥᠭᠴᠢ ᠪᠠᠭᠠᠲᠠᠢ ᠪᠠ ᠦᠷᠭᠦᠯᠵᠢᠯᠡᠬᠦ ᠬᠥᠭᠵᠢᠯᠲᠡ ᠪᠠᠷ ᠭᠤᠤᠯ ᠱᠤᠭᠤᠮ ᠪᠣᠯᠭᠠᠵᠤ᠂ ᠲᠥᠷᠥ ᠶᠢᠨ ᠪᠣᠳᠣᠯᠭ᠎ᠠ ᠶᠢᠨ

ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠬᠤ᠂ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠬᠤ ᠪᠠᠷ ᠠᠷᠭ᠎ᠠ

ᠪᠠᠷᠢᠯ ᠪᠣᠯᠭᠠᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂

ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠡᠨᠧᠷᠭᠢ ᠶᠢᠨ ᠬᠤᠷᠣᠭᠳᠠᠯ ᠳᠤ ︽ᠬᠤᠶᠠᠷ ᠢ

ᠬᠢᠵᠠᠭᠠᠷᠯᠠᠬᠤ︾ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠬᠢ ᠪᠠᠶᠠᠯᠢᠭ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠤᠷᠤᠰᠢᠨ ᠰᠠᠭᠤᠬᠤ ᠣᠷᠴᠢᠨ

ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠲᠡᠶ

ᠲᠤᠯᠭᠠᠭᠤᠷᠢᠯᠠᠯ ᠬᠠᠩᠭᠠᠨ᠎ᠠ᠃

     ︵ᠬᠤᠶᠠᠷ︶ ᠦᠨᠳᠦᠰᠦᠨ ᠵᠠᠷᠴᠢᠮ

     --- ᠬᠠᠤᠯᠢ ᠶᠣᠰᠣᠭᠠᠷ ᠠᠬᠢᠭᠤᠯᠵᠤ᠂ ᠵᠢᠷᠤᠮᠵᠢᠭᠤᠯᠤᠨ ᠬᠠᠮᠢᠶᠠᠷᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ

ᠪᠣᠳᠣᠯᠭ᠎ᠠ ᠶᠢᠨ ᠲᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠯᠴᠠᠭ᠎ᠠ᠂ ᠮᠡᠷᠭᠡᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠵᠦ᠂ ᠡᠯ᠎ᠡ ᠰᠠᠯᠠᠭ᠎ᠠ ᠮᠥᠴᠢᠷ ᠤᠨ

ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠳᠠᠷᠠᠭᠤᠯᠤᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ

ᠬᠠᠮᠢᠶᠠᠷᠬᠤ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃

     --- ᠭᠤᠤᠯᠳᠠᠯᠭ᠎ᠠ ᠪᠠᠨ ᠲᠣᠪᠤᠶᠢᠯᠭᠠᠵᠤ᠂ ᠪᠦᠬᠦ ᠲᠠᠯ᠎ᠠ ᠪᠠᠷ ᠠᠬᠢᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠬᠦ ᠪᠠᠷ ᠭᠤᠣᠯ ᠱᠤᠭᠤᠮ ᠪᠣᠯᠭᠠᠨ᠂

ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ᠂ ᠤᠭᠰᠠᠷᠠᠮᠠᠯ ᠬᠡᠯᠪᠡᠷᠢ ᠪᠦᠬᠦᠢ

ᠪᠠᠷᠢᠯᠭ᠎ᠠ ᠶᠢ ᠬᠥᠭᠵᠢᠭᠦᠯᠬᠦ᠂ ᠣᠳᠣ ᠶᠢᠨ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ᠂ ᠳᠠᠬᠢᠨ ᠡᠭᠦᠰᠴᠦ ᠪᠣᠯᠬᠤ ᠡᠨᠧᠷᠭᠢ ᠶᠢ

ᠬᠡᠷᠡᠭᠯᠡᠬᠦ᠂ ᠪᠠᠷᠢᠯᠭ᠎ᠠ ᠶᠢᠨ ᠳᠤᠯᠠᠭᠠᠨ ᠪᠠᠶᠢᠯᠭᠠᠬᠤ ᠶᠢ ᠪᠠᠳᠤᠯᠠᠬᠤ ᠪᠦᠲᠦᠴᠡ ᠶᠢ ᠨᠢᠭᠡ ᠴᠤᠭᠴᠠᠵᠢᠭᠤᠯᠤᠨ ᠬᠡᠷᠡᠭᠯᠡᠬᠦ᠂ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ

ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢ ᠬᠥᠭᠵᠢᠭᠦᠯᠬᠦ ᠪᠠ ᠪᠣᠬᠢᠷᠲᠤᠯ ᠦᠭᠡᠢ ᠪᠠᠷ ᠪᠠᠷᠢᠯᠭ᠎ᠠ ᠪᠠᠷᠢᠬᠤ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃

     --- ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠵᠤ ᠵᠢᠭᠠᠨ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ

ᠨᠡᠶᠢᠭᠡᠮ ᠤᠨ ᠬᠥᠭᠵᠢᠯᠲᠡ ᠶᠢᠨ ᠲᠦᠪᠰᠢᠨ᠂ ᠡᠬᠢ ᠪᠠᠶᠠᠯᠢᠭ ᠠᠭᠤᠷ ᠠᠮᠢᠰᠬᠤᠯ ᠤᠨ ᠨᠥᠬᠦᠴᠡᠯ ᠪᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠠᠢ

ᠤᠶᠠᠯᠳᠤᠭᠤᠯᠤᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢ ᠬᠥᠭᠵᠢᠭᠦᠯᠬᠦ ᠬᠠᠷᠠᠯᠲᠠ ᠪᠣᠯᠤᠨ ᠠᠷᠭ᠎ᠠ ᠪᠣᠳᠣᠯᠭ᠎ᠠ ᠶᠢ ᠡᠮᠬᠢ ᠵᠢᠷᠤᠮ ᠲᠠᠢ

ᠨᠠᠶᠢᠳᠠᠪᠤᠷᠢᠵᠢᠭᠤᠯᠵᠤ᠂ ᠠᠷᠠᠳ ᠣᠯᠠᠨ ᠤ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠤ ᠬᠡᠷᠡᠭᠴᠡᠭᠡ ᠶᠢ ᠬᠠᠩᠭᠠᠨ᠎ᠠ᠃

     --- ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ︽ᠳᠥᠷᠪᠡᠨ ᠰᠢᠨ᠎ᠡ ᠮᠡᠷᠭᠡᠵᠢᠯ︾ ︵ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ︶

 ᠤᠨ ᠬᠡᠷᠡᠭᠯᠡᠭᠡᠨ ᠢ ᠠᠬᠢᠭᠤᠯᠤᠨ᠂ ᠬᠤᠴᠣᠷᠤᠩᠭᠤᠶ ᠮᠡᠷᠭᠡᠵᠢᠯ ᠪᠠ ᠦᠢᠯᠡᠳᠬᠦᠨ ᠢ ᠲᠦᠷᠭᠡᠳᠬᠡᠨ ᠰᠢᠭᠰᠢᠭᠳᠡᠭᠦᠯᠵᠦ᠂ ᠪᠥᠬᠦ ᠣᠷᠣᠨ ᠤ ᠣᠷᠣᠨ ᠰᠠᠭᠤᠴᠠ ᠪᠠ ᠬᠤᠲᠠ

ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠤ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠦᠨ᠎ᠡ᠃

     ︵ᠭᠤᠷᠪᠠ︶ ᠭᠤᠣᠯ ᠬᠠᠷᠠᠯᠲᠠ᠃ 2022 ᠣᠨ ᠳᠤ᠂ ᠪᠥᠬᠦ ᠣᠷᠣᠨ ᠤ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ ᠪᠣᠬᠢᠷᠲᠤᠯ

ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 60% ᠪᠣᠯᠭᠠᠨ᠎ᠠ︔ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠡᠵᠡᠯᠡᠬᠦ ᠬᠠᠷᠢᠴᠠᠯ ᠢ 15% ᠪᠣᠯᠭᠠᠬᠤ ᠪᠠᠷ

ᠴᠢᠷᠮᠠᠶᠢᠨ᠎ᠠ︔ ᠡᠯ᠎ᠡ ᠠᠶᠢᠮᠠᠭ ᠬᠤᠲᠠ ᠨᠢ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ

ᠠᠵᠢᠯ ᠢ ᠥᠷᠨᠢᠭᠦᠯᠬᠦ ᠬᠡᠷᠡᠭᠲᠡᠶ︔ ᠣᠳᠣ ᠶᠢᠨ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ

500 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠲᠠᠯᠠᠪᠠᠶ ᠶᠢ 700 ᠲᠦᠮᠡᠨ ᠲᠡᠭᠰᠢ

ᠳᠥᠷᠪᠡᠯᠵᠢᠨ ᠮᠧᠲᠷ ᠪᠣᠯᠭᠠᠨ᠎ᠠ︔ ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ ᠪᠠᠷᠢᠯᠭ᠎ᠠ ᠶᠢᠨ ᠳᠤᠯᠠᠭᠠᠨ ᠪᠠᠶᠢᠯᠭᠠᠬᠤ ᠶᠢ ᠪᠠᠳᠤᠯᠠᠬᠤ ᠪᠦᠲᠦᠴᠡ ᠶᠢᠨ ᠨᠢᠭᠡ

ᠴᠣᠭᠴᠠᠵᠢᠭᠤᠯᠤᠭᠰᠠᠨ ᠲᠥᠷᠥᠯ ᠵᠦᠢᠯ ᠤᠨ ᠡᠵᠡᠯᠡᠬᠦ ᠬᠠᠷᠢᠴᠠᠯ ᠢ 10% ᠪᠣᠯᠭᠠᠨ᠎ᠠ︔ ᠠᠷᠠᠳ ᠤᠨ ᠬᠡᠷᠡᠭᠴᠡᠬᠡᠨ ᠤ ᠪᠠᠷᠢᠯᠭ᠎ᠠ ᠳᠤ ᠬᠡᠷᠡᠭᠯᠡᠬᠦ ᠳᠠᠬᠢᠨ ᠡᠭᠦᠰᠴᠦ ᠪᠣᠯᠬᠤ

ᠡᠨᠧᠷᠭᠢ ᠶᠢᠨ ᠬᠠᠷᠢᠴᠠᠯ ᠢ 10% ᠪᠣᠯᠭᠠᠨ᠎ᠠ᠃ 2025 ᠣᠨ ᠪᠣᠯᠬᠤ ᠳᠤ᠂ ᠪᠥᠬᠦ ᠣᠷᠣᠨ ᠤ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ

ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠪᠠ ᠪᠣᠬᠢᠷᠲᠤᠯ ᠥᠬᠡᠶ

ᠠᠮᠢ ᠠᠬᠤᠶ ᠶᠢᠨ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠤᠨ᠂ ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ

ᠣᠳᠣᠨ ᠲᠠᠰ ᠲᠠᠢ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 30% ᠠᠴᠠ ᠳᠠᠪᠠᠭᠤᠯᠤᠨ᠎ᠠ︔ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠲᠠᠯᠠᠪᠠᠢ

ᠪᠦᠷᠢ ᠳᠠᠬᠢ ᠡᠵᠡᠯᠡᠬᠦ ᠬᠠᠷᠢᠴᠠᠯ ᠢ 30% ᠪᠣᠯᠭᠠᠬᠤ ᠪᠠᠷ ᠴᠢᠷᠮᠠᠶᠢᠨ᠎ᠠ︔ ᠣᠳᠣ ᠶᠢᠨ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠳᠤ

1000 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠠᠶᠢᠵᠢᠷᠠᠭᠤᠯᠵᠤ᠂ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠪᠠᠨ

ᠳᠡᠭᠡᠭᠰᠢᠯᠡᠭᠦᠯᠬᠦ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ︔ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ ᠲᠠᠯᠠᠪᠠᠶ ᠪᠠᠨ 1000 ᠲᠦᠮᠡᠨ

ᠲᠡᠭᠰᠢ ᠳᠥᠷᠪᠡᠯᠵᠢᠨ ᠮᠧᠲᠷ ᠲᠤ ᠬᠦᠷᠭᠡᠵᠦ᠂ ᠪᠠᠷᠢᠯᠭ᠎ᠠ ᠶᠢᠨ ᠳᠤᠯᠠᠭᠠᠨ ᠪᠠᠶᠢᠯᠭᠠᠬᠤ ᠶᠢ ᠪᠠᠳᠤᠯᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ

ᠡᠵᠡᠯᠡᠬᠦ ᠬᠠᠷᠢᠴᠠᠯ ᠢ ᠨᠢ 30% ᠠᠴᠠ ᠳᠡᠭᠡᠭᠰᠢ ᠪᠣᠯᠭᠠᠨ᠂ ᠠᠷᠠᠳ ᠤᠨ ᠬᠡᠷᠡᠭᠴᠡᠬᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠬᠦ ᠬᠠᠷᠢᠴᠠᠯ ᠢ

30% ᠪᠣᠯᠭᠠᠨ᠎ᠠ᠃

     ᠬᠤᠶᠠᠷ᠂ ᠭᠤᠣᠯᠳᠠᠯᠭ᠎ᠠ ᠲᠠᠢ ᠡᠭᠦᠷᠭᠡ

     ︵ᠨᠢᠭᠡ︶ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ ᠴᠢᠩᠭᠠᠳᠬᠠᠨ᠎ᠠ᠃

     1 . ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠰᠢᠨ᠎ᠡ ᠪᠠᠷ

ᠪᠠᠶᠢᠭᠤᠯᠬᠤ ᠪᠠᠷᠢᠯᠭ᠎ᠠ ᠳᠤ ︽ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03-35-2019︶

ᠪᠠ ︽ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03-27-2017︶ ᠶᠢ ᠪᠦᠬᠦ ᠲᠠᠯ᠎ᠠ ᠪᠠᠷ

ᠬᠡᠷᠡᠭᠵᠢᠭᠦᠯᠵᠦ᠂ ᠪᠠᠷᠢᠯᠭ᠎ᠠ ᠶᠢᠨ ᠡᠭᠦᠳᠡ ᠴᠣᠩᠬᠤ᠂ ᠭᠠᠳᠠᠷ ᠬᠡᠷᠡᠮ ᠤᠨ ᠳᠤᠯᠠᠭᠠᠨ ᠪᠠᠶᠢᠯᠭᠠᠬᠤ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ ᠬᠡᠰᠡᠭ ᠪᠣᠯᠬᠤ ᠤᠭᠰᠠᠷᠠᠮᠠᠯ

ᠪᠡᠯᠡᠨ ᠦᠢᠯᠡᠳᠬᠦᠨ ᠤ ᠡᠨᠧᠷᠭᠢ ᠠᠷᠪᠢᠯᠠᠬᠤ ᠴᠢᠳᠠᠮᠵᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ᠂ ᠵᠢᠷᠤᠭ ᠲᠥᠯᠥᠪᠯᠡᠭᠡ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂

ᠪᠠᠶᠢᠴᠠᠭᠠᠨ ᠰᠢᠯᠭᠠᠬᠤ᠂ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠭᠤᠭᠴᠣᠭᠠᠨ ᠳᠠᠬᠢ ᠡᠨᠧᠷᠭᠢ ᠠᠷᠪᠢᠯᠠᠬᠤ ᠶᠠᠰᠤ ᠴᠢᠨᠠᠷ ᠤᠨ

ᠬᠠᠮᠢᠶᠠᠷᠤᠯᠲᠠ ᠶᠢ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠱᠠᠭᠠᠷᠳᠠᠵᠤ ᠡᠨᠧᠷᠭᠢ ᠶᠢᠨ ᠬᠤᠷᠣᠭᠳᠠᠯ ᠪᠠᠷᠤᠭ ᠯᠡ ᠦᠭᠡᠶ᠂ ᠡᠨᠧᠷᠭᠢ ᠶᠢᠨ ᠬᠤᠷᠣᠭᠳᠠᠯ

ᠥᠴᠥᠬᠡᠨ ᠴᠦ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ

ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃

ᠳᠣᠷᠣᠭᠰᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠬᠤ ᠴᠢᠬᠤᠯᠠᠲᠠᠢ ᠪᠣᠯᠬᠤᠷ ᠳᠠᠭᠢᠵᠤ ᠵᠢᠭᠰᠠᠭᠠᠵᠤ

ᠲᠤᠳᠤᠷᠬᠠᠶᠢᠯᠠᠬᠤ ᠥᠬᠡᠶ︶

     2 . ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃

ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠬᠠᠮᠢᠶ᠎ᠠ ᠪᠥᠬᠦᠶ ᠵᠢᠷᠤᠭ ᠲᠥᠯᠥᠪᠯᠡᠭᠡ᠂

ᠮᠠᠲ᠋ᠧᠷᠢᠶᠠᠯ ᠤᠨ ᠬᠡᠷᠡᠭᠯᠡᠭᠡᠨ ᠤ ᠮᠡᠷᠭᠡᠵᠢᠯ ᠤᠨ ᠵᠦᠭᠯᠡᠭᠦᠷ ᠪᠠ ᠪᠠᠷᠢᠯᠭ᠎ᠠ ᠪᠠᠷᠢᠬᠤ ᠮᠡᠷᠭᠡᠵᠢᠯ ᠤᠨ ᠳᠦᠷᠢᠮᠯᠠᠯ ᠢ ᠨᠠᠶᠢᠷᠠᠭᠤᠯᠤᠨ ᠵᠣᠬᠢᠶᠠᠵᠤ᠂ ᠮᠡᠷᠭᠡᠵᠢᠯ ᠤᠨ

ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠶᠢᠨ ᠬᠤᠷᠣᠭᠳᠠᠯ᠂ ᠡᠨᠧᠷᠭᠢ ᠶᠢᠨ ᠬᠤᠷᠣᠭᠳᠠᠯ

ᠪᠠᠷᠤᠭ ᠯᠡ ᠦᠭᠡᠢ ᠮᠡᠷᠭᠡᠵᠢᠯ ᠤᠨ ᠰᠤᠳᠤᠯᠤᠯ ᠪᠠ ᠬᠤᠷᠠᠭᠤᠯᠵᠤ ᠰᠢᠨ᠎ᠡ ᠶᠢ ᠡᠭᠦᠳᠬᠦ ᠶᠢ ᠰᠠᠶᠢᠲᠤᠷ ᠬᠢᠵᠦ᠂ ᠠᠵᠤ ᠦᠢᠯᠡᠰ ᠤᠨ ᠬᠠᠩᠭᠠᠯᠭ᠎ᠠ ᠪᠠ ᠮᠡᠷᠭᠡᠵᠢᠯ ᠤᠨ ᠬᠢᠷᠢ

ᠲᠦᠪᠰᠢᠨ ᠢ ᠳᠡᠭᠡᠭᠰᠢᠯᠡᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ᠂ ᠡᠨᠧᠷᠭᠢ ᠶᠢᠨ ᠬᠤᠷᠣᠭᠳᠠᠯ ᠪᠠᠷᠤᠭ

ᠯᠡ ᠦᠭᠡᠢ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ

ᠬᠤᠷᠣᠭᠳᠠᠯ ᠲᠠᠢ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠶᠢᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ ︵ᠥᠪᠡᠷᠲᠡᠭᠡᠨ ᠵᠠᠰᠠᠬᠤ

ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂

ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠷᠢᠭᠤᠴᠠᠨ᠎ᠠ︶

     3 . ᠪᠠᠷᠢᠯᠭ᠎ᠠ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠥᠷᠢᠨᠰᠢᠭᠦᠯᠦᠨ᠎ᠡ᠃ ᠡᠨᠧᠷᠭᠢ ᠶᠢᠨ ᠠᠰᠢᠭᠯᠠᠮᠵᠢ ᠶᠢ ᠰᠢᠯᠭᠠᠨ

ᠲᠣᠭᠲᠠᠭᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠶᠢᠨ ᠠᠰᠢᠭᠯᠠᠮᠵᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠴᠢᠳᠠᠪᠤᠷᠢ ᠶᠢᠨ

ᠪᠠᠶᠢᠭᠤᠯᠤᠯᠲᠠ ᠶᠢ ᠴᠢᠩᠭᠠᠳᠬᠠᠨ᠂ ᠢᠯᠡᠳᠬᠡᠬᠦ ᠲᠡᠮᠳᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠᠨ ᠠᠬᠢᠭᠤᠯᠤᠨ᠎ᠠ᠃ ᠣᠯᠠᠨ ᠨᠡᠶᠢᠲᠡ ᠶᠢᠨ ᠪᠠᠷᠢᠯᠭ᠎ᠠ ᠶᠢᠨ

ᠡᠨᠧᠷᠭᠢ ᠶᠢᠨ ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠠᠯᠪᠠᠨ ᠪᠠᠶᠢᠭᠤᠯᠭ᠎ᠠ ᠶᠢᠨ ᠠᠯᠪᠠᠯᠠᠬᠤ ᠭᠠᠵᠠᠷ ᠤᠨ ᠪᠠᠷᠢᠯᠭ᠎ᠠ ᠪᠠ ᠣᠯᠠᠨ ᠨᠡᠶᠢᠲᠡ ᠶᠢᠨ ᠲᠣᠮᠣ

ᠬᠡᠯᠪᠡᠷᠢ ᠶᠢᠨ ᠪᠠᠷᠢᠯᠭ᠎ᠠ ᠳᠤ ᠡᠨᠧᠷᠭᠢ ᠠᠷᠪᠢᠯᠠᠬᠤ ᠶᠢ ᠬᠢᠨᠠᠨ ᠰᠢᠨᠵᠢᠬᠦ ᠰᠢᠰᠲ᠋ᠧᠮ ᠤᠭᠰᠠᠷᠠᠬᠤ ᠶᠢ ᠠᠬᠢᠭᠤᠯᠤᠨ᠎ᠠ᠂ ᠨᠥᠬᠦᠴᠡᠯ ᠲᠠᠢ ᠭᠠᠵᠠᠷ ᠣᠷᠣᠨ ᠨᠢ ᠣᠯᠠᠨ

ᠨᠡᠶᠢᠲᠡ ᠶᠢᠨ ᠪᠤᠰᠤᠳ ᠪᠠᠷᠢᠯᠭ᠎ᠠ᠂ ᠣᠷᠣᠨ ᠰᠠᠭᠤᠴᠠ ᠶᠢᠨ ᠪᠠᠷᠢᠯᠭ᠎ᠠ ᠬᠦᠷᠲᠡᠯ᠎ᠡ ᠤᠭᠰᠠᠷᠠᠵᠦ᠂ ᠪᠠᠷᠢᠯᠭ᠎ᠠ ᠶᠢᠨ ᠡᠨᠧᠷᠭᠢ ᠬᠡᠷᠡᠭᠯᠡᠬᠦ ᠶᠢ ᠲᠥᠷᠥᠯ ᠬᠤᠪᠢᠶᠠᠬᠤ ᠪᠠ ᠵᠦᠢᠯ

ᠬᠤᠪᠢᠶᠠᠨ ᠬᠡᠮᠵᠢᠬᠦ ᠪᠣᠯᠭᠠᠨ᠎ᠠ᠃ ᠣᠯᠠᠨ ᠨᠡᠶᠢᠲᠡ ᠶᠢᠨ ᠪᠠᠷᠢᠯᠭ᠎ᠠ ᠳᠠᠬᠢ ᠡᠨᠧᠷᠭᠢ ᠵᠣᠬᠢᠰᠲᠠᠶ ᠬᠡᠷᠡᠭᠯᠡᠬᠦ᠂ ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ᠂ ᠪᠠᠷᠢᠯᠭ᠎ᠠ ᠶᠢᠨ

ᠲᠥᠷᠥᠯ ᠬᠤᠪᠢᠶᠠᠨ ᠡᠨᠧᠷᠭᠢ ᠬᠡᠷᠡᠭᠯᠡᠬᠦ ᠶᠢᠨ ᠵᠢᠱᠢᠶᠡᠯᠡᠪᠦᠷᠢ ᠵᠡᠷᠭᠡ ᠳᠦᠷᠢᠮ ᠢ ᠪᠠᠶᠢᠭᠤᠯᠤᠨ᠎ᠠ᠃ ᠡᠨᠧᠷᠭᠢ ᠶᠢᠨ ᠬᠤᠷᠣᠭᠳᠠᠯ ᠢ ᠪᠦᠷᠢᠳᠬᠡᠬᠦ᠂ ᠡᠨᠧᠷᠭᠢ ᠶᠢ ᠬᠢᠨᠠᠨ

ᠪᠣᠳᠣᠬᠤ᠂ ᠡᠨᠧᠷᠭᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ᠂ ᠡᠨᠧᠷᠭᠢ ᠶᠢᠨ ᠠᠰᠢᠭᠯᠠᠮᠵᠢ ᠶᠢ ᠢᠯᠡ ᠨᠡᠶᠢᠲᠡᠯᠡᠬᠦ ᠵᠡᠷᠭᠡ ᠠᠵᠢᠯ ᠢᠶᠠᠨ ᠠᠬᠢᠭᠤᠯᠵᠤ᠂

ᠪᠠᠷᠢᠯᠭ᠎ᠠ ᠶᠢᠨ ᠠᠵᠢᠯᠯᠠᠭᠠᠨ ᠤ ᠱᠠᠲᠤᠨ ᠳᠠᠬᠢ ᠡᠨᠧᠷᠭᠢ ᠶᠢᠨ ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠰᠤᠷᠭᠠᠨ

ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ

ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

     4 . ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢ ᠬᠥᠲᠥᠯᠥᠨ ᠵᠢᠯᠣᠭᠤᠳᠴᠤ ᠪᠠᠶᠢᠭᠠᠳ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ

ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠪᠠᠷᠢᠯᠭ᠎ᠠ᠂ ᠮᠠᠯᠵᠢᠬᠤ ᠲᠠᠷᠢᠶᠠᠯᠠᠬᠤ

ᠣᠷᠣᠨ ᠤ ᠡᠯ᠎ᠡ ᠲᠥᠷᠥᠯ ᠤᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠪᠣᠬᠢᠷᠲᠤᠯ ᠥᠬᠡᠶ ᠡᠨᠧᠷᠭᠢ ᠠᠷᠪᠢᠯᠠᠬᠤ

ᠮᠡᠷᠭᠡᠵᠢᠯ ᠢ ᠰᠣᠩᠭᠤᠨ ᠬᠡᠷᠡᠭᠯᠡᠬᠦ ᠶᠢ ᠨᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢ ︽ᠮᠠᠯᠵᠢᠬᠤ ᠲᠠᠷᠢᠶᠠᠯᠠᠬᠤ

ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03-78-2017︶ ᠶᠣᠰᠣᠭᠠᠷ

ᠵᠢᠷᠤᠭᠯᠠᠨ ᠲᠥᠯᠥᠪᠯᠡᠬᠦ ᠪᠠ ᠪᠠᠶᠢᠭᠤᠯᠬᠤ ᠶᠢ ᠠᠬᠢᠭᠤᠯᠤᠨ᠎ᠠ᠃ ᠬᠤᠳᠠ ᠬᠥᠳᠡᠭᠡ ᠶᠢᠨ ᠠᠭᠤᠯᠵᠠᠷ ᠬᠡᠰᠡᠭ ᠲᠠᠬᠢ ᠤᠤᠯ ᠤᠨ ᠪᠠᠶᠢᠭᠰᠠᠨ ᠪᠠᠷᠢᠯᠭ᠎ᠠ ᠶᠢᠨ ᠡᠨᠧᠷᠭᠢ

ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ ᠪᠠ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ ᠴᠢᠩᠭᠠᠳᠬᠠᠨ᠎ᠠ᠃

ᠲᠠᠷᠢᠶᠠᠴᠢᠨ ᠤ ᠭᠡᠷ ᠪᠠᠶᠢᠰᠢᠩ ᠤᠨ ᠪᠣᠬᠢᠷᠲᠤᠯ ᠦᠭᠡᠢ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠴᠡᠪᠡᠷ ᠳᠤᠯᠠᠭᠠᠯᠠᠭ᠎ᠠ ᠶᠢ ᠳᠡᠯᠭᠡᠷᠡᠭᠦᠯᠵᠦ᠂ ᠮᠠᠯᠵᠢᠬᠤ

ᠲᠠᠷᠢᠶᠠᠯᠠᠬᠤ ᠣᠷᠣᠨ ᠤ ᠪᠠᠷᠢᠯᠭ᠎ᠠ ᠶᠢᠨ ᠡᠨᠧᠷᠭᠢ ᠬᠡᠷᠡᠭᠯᠡᠬᠦ ᠶᠢ ᠴᠡᠪᠡᠷᠰᠢᠭᠦᠯᠬᠦ᠂ ᠨᠡᠭᠦᠷᠡᠰᠦ ᠦᠭᠡᠢ ᠪᠣᠯᠭᠠᠬᠤ ᠶᠢ ᠨᠢ ᠬᠥᠲᠥᠯᠥᠨ ᠵᠢᠯᠣᠭᠤᠳᠴᠤ᠂ ᠣᠷᠣᠨ

ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠡᠩ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ

ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶

     ︵ᠬᠤᠶᠠᠷ︶ ᠪᠣᠬᠢᠷᠲᠤᠯ ᠦᠭᠡᠢ ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃

     1 . ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠪᠴᠢᠶ᠎ᠡ ᠪᠠᠨ ᠥᠷᠭᠡᠳᠬᠡᠨ᠎ᠡ᠃ ᠪᠣᠬᠢᠷᠲᠤᠯ ᠦᠭᠡᠶ ᠪᠠᠷᠢᠯᠭ᠎ᠠ ᠶᠢ ᠠᠬᠢᠭᠤᠯᠬᠤ ᠳᠤ ᠳᠠᠩ

ᠴᠣᠭᠴᠠ᠂ ᠪᠦᠯᠬᠦᠮ ᠲᠠᠢ ᠬᠥᠭᠵᠢᠵᠦ ᠪᠠᠶᠢᠭᠰᠠᠨ ᠠᠴᠠ ᠰᠠᠭᠤᠭᠠᠯᠢ ᠲᠣᠭᠤᠷᠢᠭ ᠲᠡᠶᠢᠰᠢ᠂ ᠣᠷᠣᠨ ᠪᠦᠰᠡ ᠲᠡᠶᠢᠰᠢ ᠬᠥᠭᠵᠢᠭᠦᠯᠬᠦ ᠪᠣᠯᠭᠠᠵᠤ᠂ ᠪᠣᠬᠢᠷᠲᠤᠯ ᠦᠭᠡᠶ ᠠᠮᠢ

ᠠᠬᠤᠶ ᠶᠢᠨ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠬᠡᠬᠤᠲᠠ᠂ ᠪᠤᠭᠤᠲᠤ ᠬᠤᠲᠠ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ

ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠤᠰᠤᠳ ᠭᠠᠵᠠᠷ ᠣᠷᠣᠨ ᠢ ᠵᠣᠷᠢᠭᠵᠢᠭᠤᠯᠤᠨ ᠪᠣᠬᠢᠷᠲᠤᠯ ᠦᠭᠡᠶ ᠪᠠᠷᠢᠯᠭ᠎ᠠ ᠶᠢᠨ

ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠡᠯ᠎ᠡ ᠭᠠᠵᠠᠷ ᠣᠷᠣᠨ ᠤ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠤᠨ ᠬᠥᠭᠵᠢᠯᠲᠡ ᠶᠢᠨ

ᠲᠥᠯᠥᠪᠵᠢᠭᠦᠯᠭᠡ ᠲᠣᠭᠲᠠᠭᠠᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠶᠢᠭᠤᠯᠤᠯ ᠲᠣᠭᠲᠠᠴᠠ ᠳᠤ ᠰᠢᠨ᠎ᠡ ᠶᠢ

ᠡᠭᠦᠳᠦᠨ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ

ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ

ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶

     2 . ᠥᠨᠳᠥᠷ ᠣᠳᠣᠨ ᠲᠠᠰ ᠤᠨ ᠪᠣᠬᠢᠷᠲᠤᠯ ᠦᠭᠡᠶ ᠪᠠᠷᠢᠯᠭ᠎ᠠ ᠶᠢ ᠬᠥᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠳᠤ ᠲᠣᠭᠲᠠᠭᠠᠭᠰᠠᠨ ︽ᠳᠥᠷᠪᠡᠨ ᠲᠥᠷᠥᠯ︾

 ᠤᠨ ᠠᠷᠠᠳ ᠤᠨ ᠬᠡᠷᠡᠭᠴᠡᠬᠡᠨ ᠤ ᠪᠠᠷᠢᠯᠭ᠎ᠠ ᠶᠢ ᠨᠢᠭᠡ ᠣᠳᠣᠨ ᠳᠡᠰ ᠠᠴᠠ ᠳᠡᠭᠡᠭᠰᠢᠬᠢ ᠪᠣᠬᠢᠷᠲᠤᠯ ᠦᠭᠡᠶ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ

ᠪᠠᠶᠢᠭᠤᠯᠤᠨ᠎ᠠ᠃ ᠪᠠᠷᠢᠯᠭ᠎ᠠ᠂ ᠪᠦᠲᠦᠴᠡ᠂ ᠮᠠᠰᠢᠨ ᠴᠠᠬᠢᠯᠭᠠᠨ᠂ ᠵᠠᠰᠠᠵᠤ ᠴᠢᠮᠡᠭᠯᠡᠬᠦ ᠵᠡᠷᠭᠡ ᠲᠤᠰᠬᠠᠶ ᠮᠡᠷᠭᠡᠵᠢᠯ ᠢᠶᠠᠷ ᠬᠠᠮᠵᠢᠯᠴᠠᠬᠤ ᠵᠢᠴᠢ ᠵᠢᠷᠤᠭᠯᠠᠨ ᠲᠥᠯᠥᠪᠯᠡᠬᠦ᠂

ᠦᠢᠯᠡᠳᠪᠦᠷᠢᠯᠡᠬᠦ᠂ ᠬᠤᠳᠠᠯᠳᠤᠨ ᠠᠪᠬᠤ ᠪᠦᠬᠦ ᠶᠠᠪᠤᠴᠠ ᠶᠢ ᠨᠢ ᠨᠢᠭᠡᠳᠦᠯᠲᠡᠶ ᠲᠥᠯᠥᠪᠯᠡᠭᠰᠡᠨ ᠪᠣᠬᠢᠷᠲᠤᠯ ᠦᠭᠡᠶ ᠪᠠᠷᠢᠯᠭ᠎ᠠ ᠶᠢᠨ ᠮᠡᠷᠭᠡᠵᠢᠯ ᠤᠨ ᠬᠤᠷᠠᠮᠠᠯ ᠬᠡᠷᠡᠭᠯᠡᠭᠡᠨ ᠢ

ᠳᠡᠯᠭᠡᠷᠡᠭᠦᠯᠵᠦ᠂ ᠪᠤᠰᠤᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠳᠤ ᠥᠨᠳᠥᠷ ᠣᠳᠣᠨ ᠲᠠᠰ ᠤᠨ ᠪᠣᠬᠢᠷᠲᠤᠯ ᠦᠭᠡᠶ

ᠪᠠᠷᠢᠯᠭ᠎ᠠ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠂ ᠨᠢᠭᠡ ᠪᠦᠯᠦᠭ ᠣᠳᠣᠨ ᠲᠠᠰ ᠲᠠᠢ ᠪᠣᠬᠢᠷᠲᠤᠯ ᠦᠭᠡᠶ ᠪᠠᠷᠢᠯᠭ᠎ᠠ᠂ ᠪᠣᠬᠢᠷᠲᠤᠯ ᠦᠭᠡᠶ ᠠᠮᠢ ᠠᠬᠤᠶ ᠶᠢᠨ

ᠰᠠᠭᠤᠭᠠᠯᠢ ᠲᠣᠭᠤᠷᠢᠭ ᠢ ᠲᠥᠪᠯᠡᠷᠡᠭᠦᠯᠦᠨ ᠵᠠᠯᠭᠠᠯᠳᠤᠭᠤᠯᠵᠤ ᠪᠦᠲᠦᠭᠡᠨ ᠪᠠᠶᠢᠭᠤᠯᠤᠨ᠎ᠠ᠃ ᠪᠣᠬᠢᠷᠲᠤᠯ ᠦᠭᠡᠶ ᠪᠠᠷᠢᠯᠭ᠎ᠠ ᠶᠢᠨ ᠲᠡᠮᠳᠡᠭ ᠢ ᠱᠠᠲᠤ ᠬᠤᠪᠢᠶᠠᠨ

ᠬᠠᠮᠢᠶᠠᠷᠬᠤ ᠶᠢ ᠬᠡᠷᠡᠭᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠣᠷᠣᠨ

ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ

ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠲᠤᠰ ᠲᠤᠰ ᠭᠤᠷᠪᠠᠨ ᠣᠳᠣᠨ᠂ ᠬᠤᠶᠠᠷ ᠣᠳᠣᠨ᠂ ᠨᠢᠭᠡ ᠣᠳᠣᠨ ᠲᠡᠰ ᠤᠨ ᠪᠣᠬᠢᠷᠲᠤᠯ ᠦᠭᠡᠶ ᠪᠠᠷᠢᠯᠭ᠎ᠠ ᠶᠢᠨ

ᠲᠡᠮᠳᠡᠭ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂

ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶

     3 . ᠪᠣᠬᠢᠷᠲᠤᠯ ᠥᠬᠡᠶ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ ᠣᠷᠣᠨ ᠰᠠᠭᠤᠴᠠ ᠪᠠ ᠬᠤᠲᠠ

ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠪᠣᠬᠢᠷᠲᠤᠯ ᠥᠬᠡᠶ ᠣᠷᠣᠨ ᠰᠠᠭᠤᠴᠠ ᠬᠤᠳᠠᠯᠳᠤᠨ ᠠᠪᠤᠭᠴᠢ ᠶᠢᠨ ᠭᠡᠷ ᠪᠠᠶᠢᠰᠢᠩ ᠢ ᠰᠢᠯᠭᠠᠬᠤ ᠵᠦᠭᠯᠡᠭᠦᠷ︾

ᠪᠠ ᠪᠣᠬᠢᠷᠲᠤᠯ ᠥᠬᠡᠶ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠣᠬᠢᠷᠲᠤᠯ

ᠥᠬᠡᠶ ᠣᠷᠣᠨ ᠰᠠᠭᠤᠴᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠭᠡᠷ ᠪᠠᠶᠢᠰᠢᠩ ᠬᠤᠳᠠᠯᠳᠤᠨ

ᠠᠪᠤᠭᠴᠢ ᠲᠠᠢ ᠬᠠᠮᠵᠢᠯᠴᠠᠨ ᠭᠡᠷ ᠪᠠᠶᠢᠰᠢᠩ ᠢ ᠨᠢ ᠰᠢᠯᠭᠠᠬᠤ ᠠᠵᠢᠯ ᠢ ᠰᠠᠶᠢᠲᠤᠷ ᠬᠢᠯᠭᠡᠨ᠎ᠡ᠃ ᠡᠯ᠎ᠡ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠣᠷᠣᠨ

ᠰᠠᠭᠤᠴᠠ ᠶᠢᠨ ᠪᠣᠬᠢᠷᠲᠤᠯ ᠥᠬᠡᠶ ᠴᠢᠳᠠᠮᠵᠢ ᠪᠠ ᠪᠦᠷᠢᠨ ᠵᠠᠰᠠᠵᠤ ᠴᠢᠮᠡᠭᠯᠡᠬᠦ ᠶᠠᠰᠤ ᠴᠢᠨᠠᠷ ᠤᠨ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠲᠠᠸᠠᠷ ᠤᠨ ᠭᠡᠷ ᠪᠠᠶᠢᠰᠢᠩ

ᠬᠤᠳᠠᠯᠳᠤᠭᠠᠯᠠᠬᠤ ᠭᠡᠷ᠎ᠡ᠂ ᠣᠷᠣᠨ ᠰᠠᠭᠤᠴᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ ᠪᠠ ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠲᠤ

ᠣᠷᠣᠭᠤᠯᠵᠤ᠂ ᠶᠠᠰᠤ ᠴᠢᠨᠠᠷ ᠤᠨ ᠵᠠᠰᠠᠵᠤ ᠪᠠᠲᠤᠯᠠᠬᠤ ᠬᠠᠷᠢᠭᠤᠴᠠᠯᠭ᠎ᠠ ᠪᠠ ᠵᠢᠭᠤᠷᠠᠯᠳᠤᠭᠠᠨ ᠢ ᠰᠢᠢᠳᠪᠦᠷᠢᠡᠯᠬᠦ ᠠᠷᠭ᠎ᠠ ᠮᠠᠶ᠋ᠢᠭ ᠢ ᠨᠢ ᠲᠣᠳᠣᠷᠬᠠᠶ ᠲᠣᠭᠲᠠᠭᠠᠨ᠎ᠠ᠃

ᠨᠢᠭᠡ ᠪᠦᠯᠦᠭ ᠣᠷᠣᠨ ᠰᠠᠭᠤᠴᠠ ᠳᠤ ᠡᠷᠡᠭᠦᠯ ᠡᠩᠬᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠵᠤ᠂ ᠣᠷᠣᠨ ᠰᠠᠭᠤᠴᠠ ᠶᠢᠨ ᠡᠷᠡᠭᠦᠯ ᠡᠩᠬᠡ ᠶᠢᠨ

ᠴᠢᠳᠠᠮᠵᠢ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ ᠴᠢᠩᠭᠠᠷᠠᠭᠤᠯᠤᠨ᠂ ᠪᠠᠷᠢᠯᠭ᠎ᠠ ᠳᠠᠭᠤᠰᠴᠤ ᠰᠢᠯᠭᠠᠨ ᠠᠪᠬᠤ ᠬᠠᠮᠢᠶᠠᠷᠤᠯᠲᠠ ᠶᠢ ᠴᠢᠩᠳᠠᠯᠠᠵᠤ᠂ ᠪᠣᠬᠢᠷᠲᠤᠯ

ᠥᠬᠡᠶ ᠡᠷᠡᠭᠦᠯ ᠡᠩᠬᠡ ᠶᠢᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ

ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶

     ︵ᠭᠤᠷᠪᠠ︶ ᠪᠠᠷᠢᠯᠭ᠎ᠠ ᠶᠢᠨ ᠠᠵᠤ ᠦᠢᠯᠡᠳᠪᠦᠷᠢᠵᠢᠭᠰᠡᠨ ᠬᠥᠭᠵᠢᠯᠲᠡ ᠶᠢ ᠠᠬᠢᠭᠤᠯᠤᠨ᠎ᠠ᠃

     1 . ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢ ᠦᠷᠭᠦᠯᠵᠢᠯᠡᠨ ᠬᠥᠭᠵᠢᠭᠦᠯᠦᠨ᠎ᠡ᠃ ᠪᠠᠷᠢᠮᠵᠢᠶᠠᠲᠤ ᠪᠡᠯᠡᠨ ᠤᠭᠰᠠᠷᠠᠮᠠᠯ ᠦᠢᠯᠡᠳᠬᠦᠨ ᠢᠶᠠᠷ ᠰᠠᠭᠤᠷᠢ

ᠪᠣᠯᠭᠠᠭᠰᠠᠨ ᠲᠤᠰᠬᠠᠶᠢᠵᠢᠭᠰᠠᠨ᠂ ᠬᠡᠪᠴᠢᠶᠡᠵᠢᠭᠰᠡᠨ᠂ ᠮᠡᠳᠡᠭᠡ ᠵᠠᠩᠭᠢᠵᠢᠭᠰᠠᠨ ᠦᠢᠯᠡᠳᠪᠦᠷᠢᠯᠡᠯ ᠤᠨ ᠲᠣᠭᠲᠠᠯᠴᠠᠭ᠎ᠠ ᠶᠢ ᠪᠠᠶᠢᠭᠤᠯᠵᠤ᠂ ᠤᠭᠰᠠᠷᠠᠮᠠᠯ ᠬᠡᠯᠪᠡᠷᠢ ᠪᠦᠬᠦᠢ

ᠪᠠᠷᠢᠯᠭ᠎ᠠ ᠶᠢᠨ ᠠᠵᠤ ᠦᠢᠯᠡᠰ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠪᠠᠶᠢᠷᠢᠰᠢᠭᠤᠯᠤᠨ᠂ ᠤᠭᠰᠠᠷᠠᠮᠠᠯ ᠬᠡᠯᠪᠡᠷᠢ ᠪᠦᠬᠦᠢ

ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠭᠰᠠᠷᠠᠮᠠᠯ ᠬᠡᠯᠪᠡᠷᠢ ᠪᠦᠬᠦᠢ

ᠪᠧᠲ᠋ᠤᠨ ᠤ ᠪᠦᠲᠦᠴᠡ ᠶᠢᠨ ᠲᠥᠷᠥᠯ ᠵᠦᠢᠯ ᠳᠤ ᠳᠣᠲᠣᠷ᠎ᠠ ᠭᠠᠳᠠᠨᠠᠬᠢ ᠬᠡᠷᠡᠮ ᠤᠨ ᠬᠠᠪᠲᠠᠰᠤ᠂ ᠠᠰᠠᠷ ᠤᠨ ᠬᠠᠪᠲᠠᠰᠤ᠂ ᠠᠰᠠᠷ ᠤᠨ ᠱᠠᠲᠤ ᠵᠡᠷᠭᠡ ᠪᠡᠯᠡᠨ ᠤᠨᠨᠰᠠᠷᠠᠮᠠᠯ

ᠲᠣᠨᠤᠭ ᠢ ᠤᠷᠢᠳ ᠢᠶᠠᠷ ᠬᠡᠷᠡᠭᠯᠡᠨ᠂ ᠳᠠᠬᠢᠭᠠᠳ ᠠᠯᠬᠤᠮ ᠠᠯᠬᠤᠮ ᠢᠶᠠᠷ ᠪᠣᠰᠤᠭ᠎ᠠ ᠲᠣᠨᠣᠭᠯᠠᠭᠠᠰᠤ ᠶᠢ ᠬᠡᠷᠡᠭᠯᠡᠬᠦ ᠪᠣᠯᠭᠠᠨ ᠬᠥᠭᠵᠢᠭᠦᠯᠵᠦ᠂ ᠤᠭᠰᠠᠷᠠᠬᠤ ᠨᠣᠷᠮ᠎ᠠ ᠶᠢᠨ

ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠠᠯᠪᠠᠯᠠᠬᠤ ᠠᠰᠠᠷ᠂ ᠡᠮᠨᠡᠯᠭᠡ ᠶᠢᠨ ᠬᠤᠷᠢᠶ᠎ᠠ᠂

ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠡᠯ᠎ᠡ ᠲᠥᠷᠥᠯ ᠤᠨ ᠠᠷᠠᠳ ᠤᠨ ᠬᠡᠷᠡᠭᠴᠡᠭᠡᠨ ᠤ

ᠪᠠᠷᠢᠯᠭ᠎ᠠ ᠳᠤ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠲᠦᠴᠡ ᠬᠡᠷᠡᠭᠯᠡᠬᠦ ᠶᠢ ᠠᠬᠢᠭᠤᠯᠵᠤ᠂ ᠨᠡᠭᠡᠭᠡᠨ ᠬᠥᠭᠵᠢᠭᠦᠯᠵᠦ ᠪᠠᠶᠢᠭ᠎ᠠ ᠬᠤᠳᠠᠯᠳᠤᠭᠠᠴᠢᠨ ᠢ ᠬᠥᠲᠥᠯᠥᠨ

ᠵᠢᠯᠣᠭᠤᠳᠴᠤ ᠪᠠᠶᠢᠭᠠᠳ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠳᠦᠴᠡ ᠲᠠᠢ ᠣᠷᠣᠨ ᠰᠠᠭᠤᠴᠠ ᠶᠢ ᠪᠥᠲᠥᠭᠡᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ

ᠣᠷᠣᠨ᠂ ᠴᠡᠴᠡᠷᠯᠢᠭ ᠤᠨ ᠦᠵᠡᠮᠵᠢ᠂ ᠥᠪᠡᠰᠦᠪᠡᠨ ᠲᠡᠷᠭᠡ ᠵᠢᠯᠣᠭᠤᠳᠴᠤ ᠵᠤᠭᠠᠴᠠᠭᠰᠠᠳ ᠤᠨ ᠪᠠᠭᠤᠳᠠᠯ ᠵᠢᠴᠢ ᠠᠮᠠᠷᠠᠯᠲᠠ ᠶᠢᠨ ᠣᠷᠣᠨ ᠵᠡᠷᠭᠡ ᠣᠷᠣᠨ ᠪᠦᠰᠡ ᠳᠠᠬᠢ

ᠰᠢᠨ᠎ᠡ ᠪᠠᠷᠢᠯᠭ᠎ᠠ ᠳᠤ᠂ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠤᠳᠤ ᠦᠶ᠎ᠡ ᠶᠢᠨ ᠤᠭᠰᠠᠷᠠᠮᠠᠯ ᠬᠡᠯᠪᠡᠷᠢ ᠪᠦᠬᠦᠢ ᠮᠣᠳᠣᠨ ᠪᠦᠲᠦᠴᠡ ᠶᠢ

ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ

ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠰᠣᠶᠣᠯ ᠪᠠ

ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶

     2 . ᠣᠷᠣᠨ ᠰᠠᠭᠤᠴᠠ ᠳᠤ ᠪᠦᠷᠢᠨ ᠵᠠᠰᠠᠵᠤ ᠴᠢᠮᠡᠭᠯᠡᠬᠦ ᠶᠢ ᠢᠳᠡᠪᠬᠢᠲᠡᠢ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠲᠥᠷᠥᠯ

ᠵᠦᠢᠯ ᠢ ᠠᠬᠢᠭᠤᠯᠬᠤ ᠳᠤ ᠪᠠᠷᠢᠯᠭ᠎ᠠ ᠪᠠᠨ ᠶᠡᠷᠦᠩᠬᠡᠶᠢᠯᠡᠨ ᠳᠠᠭᠠᠭᠠᠴᠢᠯᠠᠭᠤᠯᠬᠤ ᠠᠷᠭ᠎ᠠ ᠮᠠᠶ᠋ᠢᠭ ᠢ ᠬᠡᠷᠡᠭᠵᠢᠭᠦᠯᠵᠤ᠂ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂

ᠪᠠᠷᠢᠯᠭ᠎ᠠ ᠪᠠᠷᠢᠬᠤ ᠪᠠᠨ ᠨᠢᠭᠡ ᠴᠣᠠᠠᠴᠠᠵᠢᠭᠤᠯᠬᠤ ᠶᠢ ᠪᠡᠶᠡᠯᠡᠭᠦᠯᠦᠨ᠎ᠡ᠃ ᠲᠣᠪᠶᠤᠭ ᠮᠠᠶ᠋ᠢᠭ ᠤᠨ ᠰᠣᠩᠭᠤᠯᠲᠠ ᠲᠠᠢ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠥᠪᠡᠷᠮᠢᠴᠡ

ᠣᠨᠴᠠᠯᠢᠭ ᠲᠠᠢ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠨ᠎ᠠ᠃ ᠬᠠᠭᠤᠷᠠᠶ ᠪᠠᠷ ᠤᠭᠰᠠᠷᠠᠭᠰᠠᠨ ᠠᠰᠠᠷ ︵ᠱᠠᠯᠠ︶ ᠤᠨ ᠥᠩᠭᠡᠨ ᠲᠠᠯ᠎ᠠ᠂ ᠨᠢᠭᠡᠳᠬᠡᠯ ᠴᠢᠳᠠᠮᠵᠢ ᠲᠠᠢ

ᠲᠣᠭᠤᠭᠠᠨ ᠬᠡᠷ᠂ ᠨᠢᠭᠡᠳᠬᠡᠯ ᠴᠢᠳᠠᠮᠵᠢ ᠲᠠᠢ ᠠᠷᠢᠭᠤᠨ ᠴᠡᠪᠡᠷ ᠤᠨ ᠲᠠᠰᠤᠯᠭ᠎ᠠ᠂ ᠬᠤᠭᠤᠯᠠᠶ ᠭᠤᠤᠷᠰᠤ ᠤᠲᠠᠰᠤ ᠵᠡᠷᠭᠡ ᠶᠢ ᠤᠭᠰᠠᠷᠠᠮᠠᠯ ᠠᠷᠭ᠎ᠠ ᠪᠠᠷ ᠵᠠᠰᠠᠵᠤ ᠴᠢᠮᠡᠭᠯᠡᠨ

ᠤᠭᠰᠠᠷᠠᠵᠤ ᠪᠠᠶᠢᠭᠤᠯᠬᠤ ᠶᠢ ᠨᠢ ᠠᠬᠢᠭᠤᠯᠤᠨ᠎ᠠ᠃ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠳᠤ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂

ᠪᠣᠷᠣᠯᠠᠭᠤᠯᠤᠨ ᠬᠤᠳᠠᠯᠳᠤᠬᠤ ᠳᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠡᠯᠡᠨ ᠣᠷᠣᠨ ᠰᠠᠭᠤᠴᠠ ᠶᠢ ᠵᠠᠰᠠᠵᠤ ᠴᠢᠮᠡᠭᠯᠡᠬᠦ᠂ ᠣᠷᠴᠢᠨ ᠲᠣᠭᠤᠷᠢᠨ ᠢ ᠬᠠᠮᠠᠭᠠᠯᠠᠬᠤ

ᠪᠠ ᠬᠡᠷ ᠳᠣᠲᠣᠷᠠᠬᠢ ᠣᠷᠴᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ ᠲᠥᠪ ᠪᠣᠯᠬᠤ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ

ᠰᠢᠨ᠎ᠡ ᠪᠠᠶᠢᠭᠤᠯᠤᠭᠰᠠᠨ ᠣᠷᠣᠨ ᠰᠠᠭᠤᠴᠠ ᠳᠤ ᠪᠠᠷᠢᠯᠭ᠎ᠠ ᠶᠢᠨ ᠪᠦᠷᠢᠨ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠪᠡᠯᠡᠨ ᠭᠡᠷ ᠪᠠᠶᠢᠰᠢᠩ ᠤᠨ ᠠᠷᠠᠯᠵᠢᠶ᠎ᠠ ᠶᠢ

ᠪᠡᠶᠡᠯᠡᠭᠦᠯᠦᠨ᠎ᠡ︔ ᠪᠤᠰᠤᠳ ᠣᠷᠣᠨ ᠪᠦᠰᠡ ᠳᠠᠬᠢ ᠰᠢᠨ᠎ᠡ ᠪᠠᠶᠢᠭᠤᠯᠤᠭᠰᠠᠨ ᠣᠷᠣᠨ ᠰᠠᠭᠤᠴᠠ ᠳᠤ ᠪᠦᠷᠢᠨ ᠵᠠᠰᠠᠵᠤ ᠴᠢᠮᠡᠭᠯᠡᠬᠦ ᠪᠠ ᠪᠡᠯᠡᠨ ᠭᠡᠷ ᠪᠠᠶᠢᠰᠢᠩ ᠢᠶᠠᠨ

ᠲᠤᠰᠢᠶᠠᠬᠤ ᠳᠤ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ ᠶᠢ ᠲᠣᠳᠣᠷᠬᠠᠶ ᠲᠣᠭᠲᠠᠭᠠᠵᠤ᠂ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠶᠢ ᠨᠡᠶᠢᠳᠡᠮ

ᠪᠦᠷᠬᠦᠭᠦᠯᠬᠦ ᠪᠠᠷ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ

ᠬᠠᠷᠢᠭᠤᠴᠠᠨ᠎ᠠ︶

     ︵ᠳᠥᠷᠪᠡ︶ ᠤᠤᠯ ᠤᠨ ᠪᠠᠶᠢᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ

ᠠᠬᠢᠭᠤᠯᠤᠨ᠎ᠠ᠃

     1 . ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ

ᠠᠬᠢᠭᠤᠯᠤᠨ᠎ᠠ᠃ ᠬᠤᠲᠠ ᠶᠢᠨ ᠬᠤᠤᠰ ᠵᠠᠰᠠᠯᠲᠠ᠂ ᠴᠡᠪᠡᠷ ᠳᠤᠯᠠᠭᠠᠯᠠᠯᠭ᠎ᠠ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ

ᠵᠡᠷᠭᠡ ᠲᠠᠢ ᠤᠶᠠᠯᠳᠤᠭᠤᠯᠤᠨ᠂ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠪᠠᠷ ᠬᠥᠲᠥᠯᠦᠨ ᠵᠢᠯᠣᠭᠤᠳᠬᠤ᠂ ᠥᠮᠴᠢᠲᠡᠨ ᠤ ᠪᠠᠶᠢᠭ᠎ᠠ ᠨᠢᠭᠡᠴᠢ ᠪᠠ ᠢᠯᠴᠢ

ᠬᠠᠩᠭᠠᠬᠤ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠬᠤᠭᠤᠯᠠᠶ ᠭᠤᠤᠷᠰᠤ ᠤᠳᠠᠰᠤᠨ ᠤ ᠠᠵᠢᠯ ᠤᠨ ᠨᠢᠭᠡᠴᠢ ᠲᠠᠢ ᠬᠠᠮᠲᠤᠷᠠᠵᠤ ᠪᠠᠶᠢᠭᠤᠯᠤᠭᠰᠠᠨ᠂

ᠣᠷᠣᠨ ᠰᠠᠭᠤᠴᠠ ᠶᠢᠨ ᠰᠡᠯᠪᠢᠨ ᠵᠠᠰᠠᠬᠤ ᠰᠠᠭᠤᠷᠢ ᠮᠥᠩᠭᠦ ᠪᠠᠷ ᠨᠥᠬᠦᠪᠦᠷᠢᠯᠡᠬᠦ᠂ ᠠᠰᠢᠭ ᠭᠥᠷᠳᠡᠭᠰᠡᠨ ᠰᠠᠭᠤᠭᠠᠯᠢ ᠠᠷᠠᠳ ᠤᠨ ᠣᠷᠣᠯᠴᠠᠭᠰᠠᠨ ᠣᠯᠠᠨ ᠡᠰᠢᠵᠢᠯ ᠤᠨ

ᠪᠡᠯᠡ ᠬᠤᠷᠠᠮᠳᠤᠭᠤᠯᠭ᠎ᠠ ᠶᠢᠨ ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠨᠢ ᠥᠭᠡᠷᠡᠴᠢᠯᠡᠨ ᠰᠠᠶᠢᠵᠢᠷᠠᠭᠤᠯᠬᠤ ᠵᠠᠭᠪᠤᠷ ᠢ

ᠢᠳᠡᠪᠬᠢᠲᠡᠶ ᠳᠡᠯᠭᠡᠷᠡᠭᠦᠯᠦᠨ᠎ᠡ᠃ ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠳᠤ ᠪᠣᠬᠢᠷᠲᠤᠯ ᠥᠬᠡᠶ ᠪᠣᠯᠭᠠᠨ ᠥᠭᠡᠷᠡᠴᠢᠯᠡᠵᠦ ᠰᠠᠶᠢᠵᠢᠷᠠᠭᠤᠯᠬᠤ ᠶᠢ

ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠳ᠋ ᠤᠨ

ᠵᠠᠰᠠᠭ ᠤᠨ ᠲᠢᠩᠬᠢᠮ ᠬᠠᠷᠢᠭᠤᠴᠠᠨ᠎ᠠ︶

     2 . ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃

ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠬᠡᠷᠡᠭᠯᠡᠬᠦ ᠬᠠᠮᠢᠶᠠᠷᠤᠯᠲᠠ ᠶᠢ ᠴᠢᠩᠭᠠᠷᠠᠭᠤᠯᠵᠤ᠂ ᠠᠵᠤ ᠦᠢᠯᠡᠰ ᠬᠢᠭᠡᠳ ᠮᠥᠩᠭᠦᠨ ᠭᠦᠢᠯᠭᠡᠭᠡ ᠶᠢᠨ ᠤᠶᠠᠯᠳᠤᠬᠤ ᠪᠠ

ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠴᠦ ᠦᠢᠯᠡᠴᠢᠯᠡᠬᠦ ᠶᠢ ᠨᠢ ᠠᠬᠢᠭᠤᠯᠤᠨ᠎ᠠ᠃ ᠠᠯᠪᠠᠨ ᠪᠠᠶᠢᠭᠤᠯᠭ᠎ᠠ ᠶᠢᠨ ᠠᠯᠪᠠᠯᠠᠬᠤ ᠪᠠᠷᠢᠯᠭ᠎ᠠ᠂ ᠵᠠᠰᠠᠭ ᠤᠨ ᠣᠷᠳᠣᠨ ᠠᠴᠠ

ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ ᠶᠢ ᠤᠷᠢᠳ ᠢᠶᠠᠷ ᠡᠨᠧᠷᠭᠢ ᠠᠷᠪᠢᠯᠠᠬᠤ ᠪᠣᠯᠭᠠᠨ

ᠥᠭᠡᠷᠡᠴᠢᠯᠡᠨ ᠰᠠᠶᠢᠵᠢᠷᠠᠭᠤᠯᠵᠤ᠂ ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠶᠢ ᠬᠡᠷᠡᠭᠯᠡᠨ ᠡᠨᠧᠷᠭᠢ ᠠᠷᠪᠢᠯᠠᠬᠤ ᠠᠵᠢᠯᠯᠠᠭᠠᠨ ᠤ ᠬᠠᠮᠢᠶᠠᠷᠤᠯᠲᠠ ᠶᠢ

ᠬᠡᠷᠡᠭᠵᠢᠭᠦᠯᠬᠦ ᠶᠢ ᠨᠢ ᠵᠣᠷᠢᠭᠵᠢᠭᠤᠯᠤᠨ᠂ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠶᠣᠰᠣᠭᠠᠷ ᠡᠨᠧᠷᠭᠢ ᠠᠷᠪᠢᠯᠠᠬᠤ ᠦᠢᠯᠡᠴᠢᠯᠡᠭᠡᠨ ᠤ ᠺᠣᠮᠫᠠᠨᠢ ᠳᠤ

ᠥᠭᠭᠦᠭᠰᠡᠨ ᠵᠠᠷᠤᠯᠭ᠎ᠠ ᠶᠢ ᠨᠢ ᠡᠨᠧᠷᠭᠢ ᠶᠢᠨ ᠵᠠᠷᠤᠳᠠᠯ ᠤᠨ ᠵᠠᠷᠤᠯᠭ᠎ᠠ ᠲᠠᠢ ᠠᠳᠠᠯᠢ ᠪᠠᠷ ᠦᠵᠡᠨ᠎ᠡ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ

ᠳᠡᠭᠡᠭᠰᠢᠯᠡᠭᠦᠯᠬᠦ ᠭᠤᠣᠯᠳᠠᠯᠭ᠎ᠠ ᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠥᠬᠡᠬᠤᠲᠠ᠂ ᠪᠤᠭᠤᠲᠤ ᠬᠤᠲᠠ ᠨᠢ ᠣᠯᠠᠨ ᠨᠡᠶᠢᠲᠡ ᠶᠢᠨ

ᠪᠠᠷᠢᠯᠭ᠎ᠠ ᠶᠢᠨ ᠡᠨᠧᠷᠭᠢ ᠠᠷᠪᠢᠯᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯᠯᠠᠭᠠᠨ ᠤ ᠬᠠᠮᠢᠶᠠᠷᠤᠯᠲᠠ ᠶᠢᠨ ᠳᠦᠷᠢᠮ ᠢᠶᠠᠨ

ᠲᠡᠭᠦᠯᠳᠡᠷᠵᠢᠭᠦᠯᠵᠦ᠂ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠬᠢᠭᠡᠳ ᠭᠡᠷ᠎ᠡ ᠲᠠᠢ ᠤᠰᠤ ᠠᠷᠪᠢᠯᠠᠬᠤ ᠬᠠᠮᠢᠶᠠᠷᠤᠯᠲᠠ ᠶᠢ ᠳᠡᠯᠭᠡᠷᠡᠭᠦᠯᠦᠨ᠂ ᠪᠤᠰᠤᠳ ᠠᠶᠢᠮᠠᠭ

ᠬᠤᠲᠠ ᠨᠢ ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢᠶᠠᠨ ᠢᠳᠡᠪᠬᠢᠲᠡᠶ ᠠᠬᠢᠭᠤᠯᠬᠤ ᠬᠡᠷᠡᠭᠲᠡᠶ᠃

︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂

ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ

ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ ᠬᠠᠷᠢᠭᠤᠴᠠᠨ᠎ᠠ︶

     ︵ᠲᠠᠪᠤ︶ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃

     1 . ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠤᠨ᠎ᠠ᠃ ᠨᠢᠭᠲᠠ ᠴᠢᠩᠭᠠᠯᠢᠭ ᠰᠢᠷᠪᠥᠰᠥ ᠪᠣᠯᠣᠳ᠂ ᠴᠢᠳᠠᠮᠵᠢ

ᠰᠠᠶᠢᠲᠠᠢ ᠪᠧᠲ᠋ᠤᠨ᠂ ᠴᠢᠳᠠᠮᠵᠢ ᠰᠠᠶᠢᠲᠠᠢ ᠦᠷᠦᠮᠡᠯ ᠮᠠᠲ᠋ᠧᠷᠢᠶᠠᠯ᠂ ᠳᠤᠯᠠᠭᠠᠨ ᠪᠠᠶᠢᠯᠭᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠬᠡᠷᠡᠮ ᠤᠨ ᠬᠠᠪᠲᠠᠰᠤ ᠵᠡᠷᠭᠡ

ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠶᠡᠭᠡ ᠪᠠᠷ ᠬᠥᠭᠵᠢᠭᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠦᠢᠯᠡᠳᠬᠦᠨ ᠪᠠ

ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶ ᠪᠣᠯᠭᠠᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠭᠡᠷᠡᠴᠢᠯᠡᠯ ᠤᠨ ᠲᠦᠷᠢᠮ ᠢ

ᠬᠡᠷᠡᠭᠵᠢᠭᠦᠯᠬᠦ ᠶᠢ ᠨᠢ ᠠᠬᠢᠭᠤᠯᠵᠤ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠦᠢᠯᠡᠳᠪᠦᠷᠢᠯᠡᠬᠦ᠂ ᠭᠡᠷᠡᠴᠢᠯᠡᠬᠦ᠂ ᠮᠡᠳᠡᠭᠡ ᠵᠠᠩᠭᠢ ᠴᠤᠭᠯᠠᠭᠤᠯᠵᠤ

ᠬᠡᠷᠡᠭᠯᠡᠬᠦ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ

ᠲᠣᠭᠲᠠᠯᠴᠠᠭ᠎ᠠ ᠶᠢ ᠪᠦᠷᠢᠨᠰᠢᠬᠦᠯᠵᠦ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠣᠬᠢᠷᠲᠤᠯ ᠥᠬᠡᠶ

ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠪᠣᠬᠢᠷᠲᠤᠯ ᠥᠬᠡᠶ ᠦᠢᠯᠡᠳᠬᠦᠨ ᠤ ᠬᠡᠷᠡᠭᠯᠡᠭᠡ ᠶᠢ ᠬᠥᠲᠥᠯᠦᠨ ᠵᠢᠯᠣᠭᠤᠳᠴᠤ᠂

ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠪᠣᠬᠢᠷᠲᠤᠯ

ᠦᠭᠡᠶ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠤᠶᠤ ᠡᠳ᠋ ᠤᠨ ᠵᠠᠰᠠᠭ ᠤᠨ ᠪᠡᠯᠡ

ᠮᠥᠩᠭᠦ ᠶᠢ ᠬᠡᠷᠡᠭᠯᠡᠵᠦ ᠪᠦᠲᠦᠭᠡᠨ ᠪᠠᠶᠢᠭᠤᠯᠬᠤ ᠲᠥᠷᠥᠯ ᠵᠦᠢᠯ ᠵᠢᠴᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠢᠯᠡᠭᠦᠦ ᠲᠠᠯᠠᠪᠠᠢ ᠲᠠᠢ ᠣᠯᠠᠨ ᠨᠡᠶᠢᠲᠡ ᠶᠢᠨ

ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ ᠠᠴᠠ ᠢᠯᠡᠭᠦᠦ ᠲᠠᠯᠠᠪᠠᠢ ᠲᠠᠢ ᠣᠷᠣᠨ ᠰᠠᠭᠤᠴᠠ ᠶᠢᠨ ᠪᠠᠷᠢᠯᠭ᠎ᠠ ᠶᠢᠨ ᠲᠥᠷᠥᠯ ᠵᠦᠢᠯ ᠳᠤ ᠭᠡᠷᠡᠴᠢᠯᠡᠯ ᠣᠯᠤᠭᠰᠠᠨ

ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠢ ᠡᠩ ᠲᠡᠷᠢᠭᠦᠨ ᠳᠤ ᠬᠡᠷᠡᠭᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ

ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶

     2 . ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠳᠤ ᠨᠢᠭᠡ ᠴᠣᠭᠴᠠᠵᠢᠭᠤᠯᠬᠤ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ

ᠪᠦᠲᠦᠴᠡ ᠳᠤ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠬᠦ ᠠᠵᠢᠯ ᠤᠨ ᠲᠥᠰᠦᠯ ᠢ ᠲᠣᠭᠲᠠᠭᠠᠵᠤ᠂ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ

ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠦᠢᠯᠡᠳᠪᠦᠷᠢᠯᠡᠬᠦ ᠠᠵᠤ ᠠᠬᠤᠶᠢᠯᠠᠯ ᠤᠨ ᠨᠢᠭᠡ ᠴᠣᠭᠴᠠᠵᠢᠭᠤᠯᠤᠭᠰᠠᠨ ᠮᠡᠷᠭᠡᠵᠢᠯ ᠢ

ᠰᠤᠳᠤᠯᠤᠨ ᠨᠡᠭᠡᠭᠡᠬᠦ ᠪᠠ ᠣᠷᠣᠭᠤᠯᠤᠨ ᠠᠪᠴᠢᠷᠠᠬᠤ ᠶᠢ ᠬᠥᠲᠥᠯᠥᠨ ᠵᠢᠯᠣᠭᠤᠳᠴᠤ᠂ ᠭᠠᠷ ᠤᠷᠠᠯᠠᠯ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ

ᠳᠡᠭᠡᠭᠰᠢᠯᠡᠭᠦᠯᠦᠨ᠂ ᠶᠠᠰᠤ ᠴᠢᠨᠠᠷ ᠢ ᠨᠢ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠮᠡᠷᠭᠡᠵᠢᠯ ᠲᠠᠢ ᠦᠢᠯᠡᠳᠬᠦᠨ ᠤ ᠶᠠᠰᠤ

ᠴᠢᠨᠠᠷ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ᠎ᠠ᠃ ᠨᠢᠭᠡ ᠴᠣᠭᠴᠠᠵᠢᠭᠤᠯᠤᠭᠰᠠᠨ ᠮᠡᠷᠭᠡᠵᠢᠯ ᠳᠤ ᠰᠢᠯᠢᠨ ᠰᠣᠩᠭᠤᠬᠤ ᠠᠵᠢᠯ ᠢ ᠥᠷᠨᠢᠭᠦᠯᠵᠦ᠂ ᠪᠦᠷᠢᠨ

ᠲᠡᠭᠦᠯᠳᠡᠷ ᠮᠡᠷᠭᠡᠵᠢᠯ ᠤᠨ ᠲᠤᠯᠭᠠᠭᠤᠷᠢᠯᠠᠯ ᠲᠠᠢ ᠲᠣᠭᠲᠠᠯᠴᠠᠭ᠎ᠠ ᠶᠢ ᠪᠠᠶᠢᠭᠤᠯᠤᠨ᠎ᠠ᠃ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠪᠣᠬᠢᠷᠲᠤᠯ

ᠦᠭᠡᠶ ᠪᠠᠷᠢᠯᠭ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠᠷᠢᠯᠭ᠎ᠠ ᠳᠤ ᠨᠢᠭᠡ

ᠴᠣᠭᠴᠠᠵᠢᠭᠤᠯᠤᠭᠰᠠᠨ ᠮᠡᠷᠭᠡᠵᠢᠯ ᠬᠡᠷᠡᠭᠯᠡᠬᠦ ᠶᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ ᠤᠨ ᠰᠢᠨ᠎ᠡ ᠪᠠᠶᠢᠭᠤᠯᠬᠤ ᠪᠠᠷᠢᠯᠭ᠎ᠠ ᠳᠤ

ᠤᠷᠢᠳ ᠢᠶᠠᠷ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠬᠡᠷᠡᠭᠯᠡᠵᠦ᠂ ᠪᠤᠰᠤᠳ ᠠᠶᠢᠮᠠᠭ ᠬᠤᠲᠠ ᠳᠤ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ︵ᠥᠪᠡᠷᠲᠡᠭᠡᠨ

ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ

ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠷᠢᠭᠤᠴᠠᠨ᠎ᠠ︶

     3 . ︽ᠳᠥᠷᠪᠡᠨ ᠰᠢᠨ᠎ᠡ︾ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ

ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠳᠡᠯᠭᠡᠷᠡᠭᠦᠯᠦᠨ ᠬᠡᠷᠡᠭᠯᠡᠬᠦ ᠶᠢ ᠨᠢ

ᠬᠢᠵᠠᠭᠠᠷᠯᠠᠨ ᠬᠤᠷᠢᠭᠯᠠᠬᠤ ᠮᠡᠷᠭᠡᠵᠢᠯ ᠤᠨ ᠭᠠᠷᠴᠠᠭ ᠢ ᠴᠠᠭ ᠲᠤᠬᠠᠶ ᠳᠤ ᠨᠢ ᠰᠢᠨᠡᠳᠬᠡᠨ ᠨᠡᠶᠢᠲᠡᠯᠡᠨ᠎ᠡ᠃ ᠠᠶᠠᠨᠳᠠᠭᠠᠨ ᠨᠠᠷᠠᠨ ᠤ ᠬᠡᠷᠡᠯ ᠲᠤᠰᠬᠤ᠂ ᠰᠠᠯᠬᠢ ᠨᠡᠪᠲᠡᠷᠡᠬᠦ᠂

ᠪᠣᠷᠣᠭᠠᠨ ᠤ ᠤᠰᠤ ᠴᠤᠭᠯᠠᠭᠤᠯᠬᠤ᠂ ᠴᠡᠪᠡᠷᠵᠢᠭᠦᠨ ᠤᠰᠤ ᠶᠢ ᠠᠰᠢᠭᠯᠠᠬᠤ᠂ ᠤᠰᠤ ᠠᠷᠪᠢᠯᠠᠬᠤ᠂ ᠲᠠᠭᠤ ᠬᠥᠨᠳᠡᠶᠢᠷᠡᠭᠦᠯᠬᠦ ᠵᠡᠷᠭᠡ ᠪᠣᠯᠪᠠᠰᠤᠷᠠᠩᠭᠤᠶ ᠪᠣᠯᠤᠭᠰᠠᠨ

ᠮᠡᠷᠭᠡᠵᠢᠯ ᠤᠨ ᠦᠢᠯᠡᠳᠬᠦᠨ ᠢ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ᠂ ᠨᠡᠭᠦᠷᠡᠰᠦᠨ ᠴᠢᠯᠠᠭᠤ᠂

ᠨᠤᠨᠲᠠᠭ ᠨᠡᠭᠦᠷᠡᠰᠦᠨ ᠤ ᠦᠨᠡᠰᠦ᠂ ᠵᠤᠤᠬ᠎ᠠ ᠶᠢᠨ ᠰᠢᠭᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠲᠦᠭᠦᠬᠡᠶ ᠮᠠᠲ᠋ᠧᠷᠢᠶᠠᠯ

ᠪᠣᠯᠭᠠᠵᠤ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ

ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ

ᠬᠠᠷᠢᠭᠤᠴᠠᠨ᠎ᠠ︶

     ︵ᠵᠢᠷᠭᠤᠭ᠎ᠠ︶ ᠲᠠᠬᠢᠨ ᠡᠭᠦᠰᠴᠤ ᠪᠣᠯᠬᠤ ᠡᠨᠧᠷᠬᠢ ᠶᠢᠨ ᠪᠠᠷᠢᠯᠭ᠎ᠠ ᠳᠤ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠪᠠᠷᠢᠯᠭ᠎ᠠ ᠳᠤ ᠳᠠᠬᠢᠨ ᠡᠭᠦᠰᠴᠦ ᠪᠣᠯᠬᠤ

ᠡᠨᠧᠷᠭᠢ ᠶᠢ ᠬᠡᠷᠡᠭᠯᠡᠬᠦ ᠪᠠᠨ ᠴᠢᠩᠭᠠᠳᠬᠠᠨ᠎ᠠ᠃ ᠨᠡᠷᠡᠨ ᠤ ᠡᠨᠧᠷᠭᠢ᠂ ᠭᠦᠢᠬᠡᠨ ᠳᠠᠪᠬᠤᠷᠭ᠎ᠠ ᠳᠠᠬᠢ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠡᠨᠧᠷᠭᠢ ᠵᠡᠷᠭᠡ

ᠰᠢᠨ᠎ᠡ ᠡᠨᠧᠷᠭᠢ ᠶᠢ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠠᠷᠢᠯᠭ᠎ᠠ ᠳᠤ ᠬᠡᠷᠡᠭᠯᠡᠬᠦ ᠶᠢ ᠠᠬᠢᠭᠤᠯᠵᠤ᠂ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ

ᠡᠩ ᠤᠨ ᠡᠨᠧᠷᠭᠢ ᠶᠢᠨ ᠬᠡᠷᠡᠭᠯᠡᠯᠲᠡ ᠶᠢ ᠪᠠᠭᠠᠰᠬᠠᠨ᠎ᠠ᠃ ᠳᠠᠬᠢᠨ ᠡᠭᠦᠰᠴᠦ ᠪᠣᠯᠬᠤ ᠡᠨᠧᠷᠭᠢ ᠶᠢ ᠪᠠᠷᠢᠯᠭ᠎ᠠ ᠳᠤ ᠬᠡᠷᠡᠭᠯᠡᠬᠦ ᠢᠨᠵᠧᠨᠧᠷᠢᠩ ᠤᠨ ᠲᠥᠯᠥᠪᠵᠢᠭᠦᠯᠭᠡ᠂ ᠵᠢᠷᠤᠭ

ᠲᠥᠯᠥᠪᠯᠡᠭᠡ᠂ ᠪᠠᠷᠢᠯᠭ᠎ᠠ ᠪᠠᠷᠢᠬᠤ᠂ ᠰᠢᠯᠭᠠᠨ ᠠᠪᠬᠤ᠂ ᠠᠵᠢᠯᠯᠠᠭᠤᠯᠬᠤ ᠵᠡᠷᠭᠡ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠷᠡᠨ ᠤ ᠡᠨᠧᠷᠭᠢ ᠪᠠᠷ ᠤᠰᠤ

ᠬᠠᠯᠠᠭᠠᠬᠤ ᠪᠠᠷᠢᠯᠭ᠎ᠠ ᠶᠢᠨ ᠨᠢᠭᠡ ᠴᠣᠭᠴᠠᠵᠢᠭᠤᠯᠬᠤ ᠰᠢᠰᠲ᠋ᠧᠮ ᠢ ᠶᠡᠭᠡ ᠪᠠᠷ ᠬᠥᠭᠵᠢᠭᠦᠯᠵᠦ᠂ 12 ᠳᠠᠪᠬᠤᠷᠯᠢᠭ ᠬᠦᠷᠬᠦ ᠦᠭᠡᠢ ᠣᠷᠣᠨ ᠰᠠᠭᠤᠴᠠ ᠶᠢᠨ ᠪᠠᠷᠢᠯᠭ᠎ᠠ ᠪᠠ

ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ ᠤᠬᠢᠶᠠᠯᠭ᠎ᠠ ᠶᠢᠨ ᠥᠷᠥᠭᠡ ᠵᠡᠷᠭᠡ ᠣᠯᠠᠨ

ᠨᠡᠶᠢᠲᠡ ᠶᠢᠨ ᠪᠠᠷᠢᠯᠭ᠎ᠠ ᠳᠤ ᠨᠡᠷᠡᠨ ᠤ ᠡᠨᠧᠷᠭᠢ ᠶᠢᠨ ᠭᠡᠷᠡᠯ ᠢᠯᠴᠢ ᠬᠡᠷᠡᠭᠯᠡᠬᠦ ᠪᠠᠷᠢᠯᠭ᠎ᠠ ᠶᠢᠨ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠠᠬᠢᠭᠤᠯᠤᠨ᠎ᠠ᠃ ᠬᠤᠲᠠ

ᠪᠠᠯᠭᠠᠰᠤᠨ ᠤ ᠪᠠᠷᠢᠯᠭ᠎ᠠ ᠳᠤ ᠨᠡᠷᠡᠨ ᠤ ᠡᠨᠧᠷᠭᠢ ᠶᠢᠨ ᠭᠡᠷᠡᠯ ᠴᠡᠨᠡᠭ ᠤᠨ ᠲᠠᠷᠬᠠᠯᠲᠠ ᠶᠢᠨ ᠬᠡᠯᠪᠡᠷᠢ ᠲᠠᠢ᠂ ᠨᠢᠭᠡ ᠴᠣᠭᠴᠠᠵᠢᠭᠤᠯᠤᠨ ᠬᠡᠷᠡᠭᠯᠡᠬᠦ ᠶᠢ ᠳᠡᠯᠭᠡᠷᠡᠭᠦᠯᠵᠦ᠂

ᠲᠤᠬᠠᠶ ᠶᠢᠨ ᠭᠠᠵᠠᠷ ᠲᠤ ᠨᠢ ᠦᠢᠯᠡᠳᠪᠦᠷᠢᠯᠡᠬᠦ ᠪᠠ ᠠᠪᠴᠤ ᠬᠡᠷᠡᠭᠯᠡᠬᠦ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ

ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ

ᠲᠣᠪᠴᠢᠶ᠎ᠠ ᠬᠠᠷᠢᠭᠤᠴᠠᠨ᠎ᠠ︶

     ︵ᠳᠣᠯᠤᠭ᠎ᠠ︶ ᠪᠣᠬᠢᠷᠲᠤᠯ ᠥᠬᠡᠶ ᠪᠠᠷᠢᠯᠭ᠎ᠠ ᠪᠠᠷᠢᠬᠤ ᠠᠵᠢᠯ ᠢ ᠠᠬᠢᠭᠤᠯᠤᠨ᠎ᠠ᠃ ᠪᠣᠬᠢᠷᠲᠤᠯ ᠦᠭᠡᠢ ᠪᠠᠷ ᠪᠠᠷᠢᠯᠭ᠎ᠠ ᠪᠠᠷᠢᠬᠤ ᠪᠠ ᠠᠮᠤᠷ ᠲᠦᠪᠰᠢᠨ

ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠠᠬᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ ᠪᠠᠷᠢᠬᠤ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂

ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ ᠲᠡᠷᠢᠭᠦᠨ ᠤ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠪᠠᠷᠢᠯᠭ᠎ᠠ ᠶᠢᠨ ᠬᠤᠭ ᠲᠣᠭᠤᠰᠣ ᠶᠢ ᠵᠠᠰᠠᠬᠤ᠂ ᠤᠰᠤ

ᠠᠷᠪᠢᠯᠠᠵᠤ ᠬᠤᠷᠣᠭᠳᠠᠯ ᠢ ᠪᠠᠭᠠᠰᠬᠠᠬᠤ᠂ ᠰᠢᠭᠠᠷᠤ ᠰᠢᠷᠣᠶ ᠶᠢᠨ ᠲᠡᠭᠡᠭᠡᠪᠦᠷᠢ᠂ ᠱᠤᠤᠬᠢᠶᠠᠨ ᠤ ᠪᠣᠬᠢᠷᠲᠤᠯ᠂ ᠵᠠᠳᠠᠯᠤᠨ ᠰᠠᠯᠭᠠᠵᠤ ᠡᠷᠭᠢᠯᠳᠦᠭᠦᠯᠦᠨ ᠠᠰᠢᠭᠯᠠᠬᠤ ᠵᠡᠷᠭᠡ

ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠳᠥᠷᠪᠡ ᠶᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ︾ ︵ᠡᠨᠧᠷᠭᠢ ᠠᠷᠪᠢᠯᠠᠬᠤ᠂ ᠭᠠᠵᠠᠷ ᠰᠢᠷᠣᠶ

ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ︶ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠤᠭ ᠤᠨ ᠶᠡᠭᠡ

ᠬᠡᠮᠵᠢᠶ᠎ᠡ ᠪᠠᠷ ᠡᠨᠧᠷᠭᠢ ᠠᠷᠪᠢᠯᠠᠵᠤ ᠬᠤᠷᠣᠭᠳᠠᠯ ᠢ ᠪᠠᠭᠤᠷᠠᠭᠤᠯᠤᠨ᠂ ᠪᠠᠷᠢᠯᠭ᠎ᠠ ᠶᠢᠨ ᠭᠠᠵᠠᠷ ᠤᠨ ᠪᠣᠬᠢᠷᠲᠤᠯ ᠥᠬᠡᠶ ᠪᠠᠷᠢᠯᠭ᠎ᠠ ᠪᠠᠷᠢᠬᠤ ᠪᠠ ᠣᠷᠴᠢᠨ ᠲᠣᠭᠤᠷᠢᠨ ᠢ

ᠬᠠᠮᠠᠭᠠᠯᠠᠵᠤ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶

     ︵ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ

ᠤᠳᠤᠷᠢᠳᠤᠮᠵᠢ ᠪᠣᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ

ᠲᠣᠭᠲᠠᠯᠴᠠᠭ᠎ᠠ ᠶᠢ ᠪᠠᠶᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠨᠡᠶᠢᠲᠡᠯᠢᠭ ᠴᠢᠨᠠᠷ ᠪᠠ ᠵᠠᠩᠭᠢᠯᠠᠭ᠎ᠠ ᠶᠢᠨ ᠮᠡᠷᠭᠡᠵᠢᠯ ᠤᠨ

ᠰᠤᠳᠤᠯᠤᠨ ᠨᠡᠭᠡᠭᠡᠬᠦ ᠵᠢᠴᠢ ᠬᠡᠷᠡᠭᠯᠡᠬᠦ ᠶᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠪᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ

ᠡᠭᠦᠳᠬᠦ ᠲᠥᠪ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠰᠤᠳᠤᠯᠬᠤ ᠲᠥᠪ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠵᠦ᠂

ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ᠂ ᠮᠡᠷᠭᠡᠵᠢᠯ᠂ ᠮᠠᠲ᠋ᠧᠷᠢᠶᠠᠯ᠂

ᠲᠥᠬᠦᠭᠡᠷᠦᠮᠵᠢ ᠵᠡᠷᠭᠡ ᠪᠠᠨ ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠳᠡᠮᠵᠢᠬᠦ ᠬᠦᠷᠢᠶᠡᠨ ᠳᠤ ᠵᠢᠭᠰᠠᠭᠠᠨ ᠣᠷᠣᠭᠤᠯᠬᠤ ᠶᠢ

ᠠᠬᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠶ ᠪᠠᠷ ᠣᠷᠣᠭᠤᠯᠵᠤ ᠠᠪᠴᠢᠷᠠᠬᠤ᠂

ᠬᠡᠷᠡᠭᠯᠡᠬᠦ ᠪᠠ ᠰᠢᠩᠭᠡᠭᠡᠨ ᠠᠪᠴᠤ᠂ ᠲᠤᠰ ᠭᠠᠵᠠᠷ ᠣᠷᠣᠨ ᠤ ᠪᠠᠨ ᠪᠣᠳᠠᠲᠠᠢ ᠳᠤ ᠨᠡᠶᠢᠴᠡᠭᠰᠡᠨ ᠲᠥᠬᠦᠷ ᠦᠢᠯᠡᠳᠬᠦᠨ ᠪᠠ ᠰᠢᠨ᠎ᠡ ᠮᠡᠷᠭᠡᠵᠢᠯ ᠢ ᠬᠥᠭᠵᠢᠭᠦᠯᠦᠨ᠂

ᠲᠡᠷᠢᠭᠦᠨ ᠤ ᠪᠣᠯᠪᠠᠰᠤᠷᠠᠩᠭᠤᠶ ᠮᠡᠷᠭᠡᠵᠢᠯ ᠤᠨ ᠦᠢᠯᠡᠳᠬᠦᠨ ᠢ ᠠᠵᠤ ᠦᠢᠯᠡᠰᠵᠢᠭᠦᠯᠬᠦ ᠠᠬᠢᠴᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ

ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ︶

     ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ

     ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ

ᠦᠭᠡᠶ ᠪᠠᠷᠢᠯᠭ᠎ᠠ ᠶᠢᠨ ᠬᠥᠭᠵᠢᠯᠲᠡ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠬᠠᠮᠲᠤᠷᠠᠭᠰᠠᠨ ᠬᠤᠷᠠᠯ ᠤᠨ ᠠᠯᠪᠠᠨ

ᠭᠡᠷ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠲᠣᠬᠢᠷᠠᠭᠤᠯᠵᠤ᠂ ᠪᠠᠷᠢᠯᠭ᠎ᠠ ᠶᠢᠨ

ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠲᠤᠰ

ᠰᠠᠨᠠᠯ ᠢ ᠪᠠᠭᠤᠯᠭᠠᠭᠰᠠᠨ ᠤ ᠳᠠᠷᠠᠭᠠᠬᠢ 6 ᠰᠠᠷ᠎ᠠ ᠶᠢᠨ ᠳᠣᠲᠣᠷ᠎ᠠ᠂ ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠠᠯᠲᠠ ᠡᠭᠦᠷᠭᠡ ᠪᠠᠨ

ᠨᠠᠷᠢᠯᠢᠭᠵᠢᠭᠤᠯᠤᠨ᠂ ᠬᠠᠷᠢᠭᠤᠴᠠᠬᠤ ᠨᠢᠭᠡᠴᠢ ᠶᠢ ᠲᠣᠳᠣᠷᠬᠠᠶᠢᠯᠠᠵᠤ᠂ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠠᠷᠢᠶ᠎ᠠ ᠪᠦᠬᠦᠢ ᠬᠤᠰᠢᠭᠤ

ᠰᠢᠶᠠᠨ ︵ᠬᠤᠲᠠ᠂ ᠲᠣᠭᠤᠷᠢᠭ︶ ᠢ ᠵᠢᠭᠠᠨ ᠵᠢᠯᠣᠭᠤᠳᠴᠤ ᠪᠠᠶᠢᠭᠠᠳ ᠬᠠᠷᠢᠭᠤᠴᠠᠯᠭ᠎ᠠ ᠶᠢᠨ ᠲᠣᠭᠲᠠᠴᠠ ᠶᠢ ᠨᠢ ᠪᠦᠷᠢᠨᠰᠢᠭᠦᠯᠵᠦ᠂ ᠵᠡᠷᠭᠡ ᠪᠠᠷ ᠠᠳᠬᠤᠨ ᠬᠠᠮᠲᠤ ᠪᠠᠷ

ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠶᠢᠨ ᠲᠢᠩᠬᠢᠮ ᠵᠡᠷᠭᠡ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠨ᠎ᠠ︶

     ︵ᠬᠤᠶᠠᠷ︶ ᠪᠦᠲᠦᠭᠡᠨ ᠪᠠᠶᠢᠭᠤᠯᠬᠤ ᠪᠠᠷᠢᠯᠭ᠎ᠠ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾

ᠵᠡᠷᠭᠡ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠠᠷᠠᠳ ᠤᠨ ᠬᠡᠷᠡᠭᠴᠡᠬᠡᠨ ᠤ ᠪᠠᠷᠢᠯᠭ᠎ᠠ ᠶᠢᠨ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠭᠠᠵᠠᠷ

ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠢ ᠬᠢᠨᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠰᠢᠯᠭᠠᠬᠤ᠂ ᠰᠢᠯᠭᠠᠨ ᠠᠪᠬᠤ᠂ ᠦᠨᠡᠯᠡᠬᠦ ᠵᠡᠷᠭᠡ ᠪᠥᠬᠦ ᠶᠠᠪᠤᠴᠠ ᠳᠤ

ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠠᠮᠢᠶ᠎ᠠ ᠪᠥᠬᠦᠶ ᠬᠠᠤᠯᠢ

ᠲᠣᠭᠲᠠᠭᠠᠯ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ ᠢ ᠬᠡᠷᠡᠭᠵᠢᠭᠦᠯᠬᠦ ᠳᠤ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ᠂ ᠬᠠᠶᠢᠨ ᠪᠠᠶᠢᠴᠠᠭᠠᠵᠤ ᠵᠢᠷᠤᠭᠯᠠᠨ

ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠶᠢᠨ ᠪᠥᠲᠥᠭᠡᠨ ᠪᠠᠶᠢᠭᠤᠯᠬᠤ ᠡᠯ᠎ᠡ

ᠲᠠᠯ᠎ᠠ ᠶᠢᠨ ᠬᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ

ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠱᠠᠲᠤᠨ ᠳᠤ ᠪᠠᠷᠢᠯᠭ᠎ᠠ ᠶᠢᠨ ᠡᠨᠧᠷᠭᠢ

ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰ

ᠳᠠᠷᠠᠭᠠᠯᠠᠯ ᠳᠤ ᠣᠷᠣᠭᠤᠯᠵᠤ᠂ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠲᠠ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ

ᠪᠦᠷᠢᠳᠬᠡᠨ ᠳᠠᠩᠰᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ︽ᠬᠤᠶᠠᠷ ᠢ ᠰᠤᠭᠤᠴᠢᠨ ᠪᠠᠶᠢᠴᠠᠭᠠᠵᠤ᠂ ᠨᠢᠭᠡ ᠶᠢ ᠢᠯᠡ ᠪᠣᠯᠭᠠᠬᠤ︾ ᠪᠠ

︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠶᠣᠰᠣᠭᠠᠷ᠂ ᠡᠳᠦᠷ ᠲᠤᠲᠤᠮ ᠤᠨ ᠪᠠᠶᠢᠴᠠᠭᠠᠬᠤ ᠪᠠ ᠰᠤᠭᠤᠴᠢᠨ ᠪᠠᠶᠢᠴᠠᠭᠠᠵᠤ ᠰᠢᠯᠭᠠᠬᠤ ᠶᠢ

ᠤᠶᠠᠯᠳᠤᠭᠤᠯᠤᠭᠰᠠᠨ ᠪᠠᠶᠢᠴᠠᠭᠠᠬᠤ ᠠᠷᠭ᠎ᠠ ᠬᠡᠯᠪᠡᠷᠢ ᠶᠢ ᠬᠡᠷᠡᠭᠯᠡᠵᠦ᠂ ᠡᠯ᠎ᠡ ᠲᠠᠯ᠎ᠠ ᠶᠢᠨ ᠬᠢᠨ ᠤ ᠭᠤᠤᠯ ᠴᠣᠭᠴᠠ ᠶᠢᠨ ᠬᠡᠷᠡᠭᠵᠢᠭᠦᠯᠵᠦ ᠪᠠᠶᠢᠭ᠎ᠠ ᠪᠠᠷᠢᠯᠭ᠎ᠠ ᠶᠢᠨ ᠡᠨᠧᠷᠭᠢ

ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠠᠮᠢᠶ᠎ᠠ ᠪᠦᠬᠦᠢ ᠪᠠᠷᠢᠮᠵᠢᠶ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠶᠢᠨ ᠵᠢᠷᠤᠭ

ᠲᠥᠯᠥᠪᠯᠡᠭᠡᠨ ᠤ ᠲᠤᠰᠬᠠᠶ ᠬᠠᠭᠤᠳᠠᠰᠤ᠂ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠤᠨ ᠶᠠᠰᠤ ᠴᠢᠨᠠᠷ ᠤᠨ ᠬᠢᠨᠠᠨ ᠪᠠᠶᠢᠴᠠᠭᠠᠯᠲᠠ᠂ ᠲᠤᠰᠬᠠᠶ

ᠪᠠᠷᠢᠯᠭ᠎ᠠ ᠶᠢᠨ ᠮᠡᠷᠭᠡᠵᠢᠯ ᠤᠨ ᠲᠥᠰᠦᠯ᠂ ᠲᠤᠰᠬᠠᠶ ᠬᠢᠨᠠᠨ ᠬᠠᠮᠢᠶᠠᠷᠬᠤ ᠨᠠᠷᠢᠨ ᠲᠦᠷᠢᠮ ᠵᠡᠷᠭᠡ ᠶᠢ ᠨᠠᠶᠢᠷᠠᠭᠤᠯᠤᠨ ᠬᠢᠨᠠᠬᠤ ᠪᠠ ᠬᠡᠷᠡᠭᠵᠢᠭᠦᠯᠦᠭᠰᠡᠨ ᠪᠠᠶᠢᠳᠠᠯ ᠳᠤ

ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠶᠠᠰᠤ ᠴᠢᠨᠠᠷ ᠤᠨ ᠠᠵᠢᠯᠯᠠᠭ᠎ᠠ ᠳᠤ ᠡᠯ᠎ᠡ

ᠲᠠᠯ᠎ᠠ ᠶᠢᠨ ᠬᠢᠨ ᠤ ᠭᠤᠣᠯ ᠴᠣᠭᠴᠠ ᠶᠢᠨ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠡᠯ᠎ᠡ ᠵᠦᠢᠯ ᠤᠨ ᠱᠠᠭᠠᠷᠳᠠᠯᠭ᠎ᠠ ᠪᠠᠨ ᠪᠣᠲᠠᠲᠠᠶᠢᠵᠢᠭᠤᠯᠤᠨ

ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ

ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ ᠬᠠᠷᠢᠭᠤᠴᠠᠨ᠎ᠠ︶

     ︵ᠭᠤᠷᠪᠠ︶ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠶᠢ ᠪᠠᠭᠠᠰᠬᠠᠬᠤ᠂ ᠠᠵᠤ

ᠦᠢᠯᠡᠰ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠲᠥᠷᠥ ᠶᠢᠨ

ᠪᠣᠳᠣᠯᠭ᠎ᠠ ᠲᠠᠢ ᠤᠶᠠᠯᠳᠤᠭᠤᠯᠤᠨ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠ ᠡᠨᠧᠷᠭᠢ ᠶᠢᠨ ᠬᠤᠷᠣᠭᠳᠠᠯ ᠪᠠᠷᠤᠭ ᠯᠡ

ᠦᠭᠡᠢ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠶᠢᠨ ᠬᠤᠲᠠ ᠲᠣᠭᠤᠷᠢᠭ᠂ ᠣᠳᠣᠨ ᠲᠠᠰ ᠲᠠᠢ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ

ᠪᠠᠷᠢᠯᠭ᠎ᠠ᠂ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠯᠲᠡ᠂ ᠣᠳᠣ ᠶᠢᠨ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ᠂

ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠡᠨᠧᠷᠭᠢ ᠶᠢᠨ ᠭᠡᠷ᠎ᠡ ᠲᠠᠢ ᠬᠠᠮᠢᠶᠠᠷᠤᠯᠲᠠ ᠶᠢᠨ ᠲᠥᠷᠥᠯ ᠵᠦᠢᠯ᠂ ᠰᠢᠨᠵᠢᠯᠡᠬᠦ

ᠤᠬᠠᠭᠠᠨ ᠤ ᠰᠤᠳᠤᠯᠤᠯ ᠤᠨ ᠲᠥᠷᠥᠯ ᠵᠦᠢᠯ᠂ ᠰᠠᠭᠤᠷᠢ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠭᠤᠤᠯᠳᠠᠯᠭ᠎ᠠ ᠲᠠᠢ

ᠴᠢᠩᠭᠠᠷᠠᠭᠤᠯᠤᠨ᠎ᠠ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ

ᠠᠬᠤᠶᠢᠯᠠᠯ ᠪᠤᠶᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠤᠭᠰᠠᠷᠠᠮᠠᠯ ᠬᠡᠯᠪᠡᠷᠢ ᠪᠦᠬᠦᠢ᠂ ᠪᠣᠬᠢᠷᠲᠤᠯ ᠦᠭᠡᠶ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ

ᠳᠤᠯᠠᠭᠠᠨ ᠢ ᠬᠠᠮᠠᠭᠠᠯᠠᠬᠤ ᠪᠦᠲᠦᠴᠡ ᠶᠢ ᠨᠢᠭᠡ ᠴᠣᠭᠴᠠᠵᠢᠭᠤᠯᠬᠤ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ

ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠪᠣᠳᠣᠯᠭ᠎ᠠ ᠶᠢ ᠬᠦᠷᠲᠡᠭᠡᠨ᠎ᠡ︔ ᠪᠣᠬᠢᠷᠲᠤᠯ ᠦᠭᠡᠶ ᠪᠠᠷᠢᠯᠭ᠎ᠠ ᠶᠢ

ᠦᠨᠡᠯᠡᠬᠦ ᠲᠡᠮᠳᠡᠭ ᠲᠠᠢ ᠲᠥᠷᠥᠯ ᠵᠦᠢᠯ ᠳᠤ ᠭᠠᠶᠢᠯᠢ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠪᠠ ᠰᠢᠯᠢᠳᠡᠭ ᠢ ᠨᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ

ᠲᠥᠷᠥ ᠶᠢᠨ ᠪᠣᠳᠣᠯᠭ᠎ᠠ ᠶᠢ ᠬᠦᠷᠲᠡᠭᠡᠬᠦ ᠠᠵᠢᠯ ᠢᠶᠠᠨ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂

ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠵᠦ᠂

ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠠᠮᠵᠢᠵᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠳᠤ

ᠨᠡᠶᠢᠴᠡᠭᠦᠯᠦᠭᠰᠡᠨ ᠤᠷᠢᠲᠠᠯ ᠳᠤᠤᠷ᠎ᠠ᠂ ᠬᠤᠳᠠᠯᠳᠤᠨ ᠠᠪᠤᠭᠴᠢ ᠳᠤ ᠵᠢᠭᠡᠯᠡᠯᠭᠡ ᠶᠢᠨ ᠵᠣᠭᠤᠰᠤᠨ ᠤ ᠲᠤᠭ᠎ᠠ ᠪᠤᠶᠤ ᠬᠦᠦ ᠶᠢᠨ ᠨᠣᠷᠮ᠎ᠠ ᠶᠢᠨ ᠬᠠᠷᠠᠭᠠᠯᠵᠠᠯ ᠦᠵᠡᠭᠦᠯᠵᠤ᠂

ᠨᠣᠭᠤᠭᠠᠨ ᠮᠥᠩᠭᠦᠨ ᠭᠦᠢᠯᠭᠡᠭᠡᠨ ᠢᠶᠠᠷ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠨᠢ ᠳᠡᠮᠵᠢᠬᠦ ᠶᠢ ᠠᠬᠢᠭᠤᠯᠤᠨ᠂

ᠤᠯᠤᠰ ᠤᠨ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠵᠠᠰᠠᠭ ᠤᠨ

ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠠᠷᠭ᠎ᠠ ᠬᠡᠯᠪᠡᠷᠢ ᠶᠢ ᠬᠡᠷᠡᠭᠯᠡᠬᠦ ᠶᠢ ᠨᠢ ᠵᠣᠷᠢᠭᠵᠢᠭᠤᠯᠵᠤ ᠪᠠᠶᠢᠭᠠᠳ ᠠᠵᠢᠯ ᠢᠶᠠᠨ

ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂

ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ

ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ

ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

     ︵ᠳᠥᠷᠪᠡ︶ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢᠶᠠᠨ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ

ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠠᠬᠢᠭᠤᠯᠬᠤ

ᠠᠵᠢᠯ ᠤᠨ ᠨᠢᠭᠡᠳᠦᠭᠡᠷ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ

ᠪᠠᠶᠢᠭᠤᠯᠤᠯᠲᠠ ᠶᠢᠨ ᠲᠣᠪᠴᠢᠶ᠎ᠠ ᠪᠣᠯ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠨᠢᠭᠡᠳᠦᠭᠡᠷ ᠳᠠᠭᠠᠭᠠᠨ ᠡᠭᠦᠷᠭᠡᠯᠡᠬᠦ ᠰᠠᠯᠠᠭ᠎ᠠ

ᠮᠥᠴᠢᠷ ᠪᠣᠯᠬᠤᠷ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾᠂ ᠠᠮᠢ ᠠᠬᠤᠶ ᠶᠢᠨ

ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠵᠡᠷᠭᠡ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ

ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ

ᠲᠡᠭᠦᠯᠳᠡᠷᠵᠢᠭᠦᠯᠦᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶ ᠲᠣᠭᠲᠠᠭᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠬᠢᠨᠠᠯᠲᠠ ᠲᠠᠯᠪᠢᠵᠤ

ᠪᠠᠶᠢᠴᠠᠭᠠᠬᠤ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ

ᠨᠠᠷᠢᠯᠢᠬᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠴᠠᠭ ᠲᠤᠬᠠᠶ ᠳᠤ ᠨᠢ ᠳ᠋ᠦᠩᠨᠡᠨ᠂ ᠣᠨ ᠤ ᠮᠡᠳᠡᠭᠦᠯᠦᠯᠲᠡ ᠶᠢ

ᠪᠢᠴᠢᠵᠦ᠂ ᠵᠢᠯ ᠪᠦᠷᠢ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ

ᠲᠢᠩᠬᠢᠮ ᠳᠤ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ

ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠴᠠᠭ ᠲᠤ ᠨᠢ ᠲᠤᠬᠢᠷᠠᠭᠤᠯᠤᠨ ᠡᠯ᠎ᠡ ᠭᠠᠵᠠᠷ ᠣᠷᠣᠨ ᠢ ᠬᠥᠳᠡᠯᠦᠩᠭᠦᠶ ᠵᠢᠭᠠᠨ ᠵᠢᠯᠣᠭᠤᠳᠬᠤ᠂ ᠬᠢᠨᠠᠯᠲᠠ

ᠲᠠᠯᠪᠢᠵᠤ ᠰᠢᠯᠭᠠᠨ ᠬᠢᠨᠠᠬᠤ ᠪᠠ ᠦᠷ᠎ᠡ ᠪᠦᠲᠦᠮᠵᠢ ᠶᠢ ᠨᠢ ᠦᠨᠡᠯᠡᠨ ᠵᠢᠱᠢᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ

ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂

ᠡᠳ᠋ ᠤᠨ ᠵᠠᠰᠠᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ ᠰᠠᠯᠠᠭ᠎ᠠ ᠮᠥᠴᠢᠷ

ᠬᠠᠷᠢᠭᠤᠴᠠᠨ᠎ᠠ︶

                                            2021 ᠣᠨ ᠤ 4 ᠳ᠋ᠣᠭᠡᠷ ᠰᠠᠷ᠎ᠠ ᠶᠢᠨ 15 ᠤ ᠡᠳᠦᠷ

                                               ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

   ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ  ᠮᠣᠩᠭᠤᠯ ᠤᠨ ᠴᠡᠷᠢᠭ ᠤᠨ ᠲᠣᠭᠤᠷᠢᠭ᠂

ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ  ᠶᠡᠷᠦᠩᠬᠡᠢ ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂

ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ  ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ

ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃

     ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

       2021 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ