ᠮᠠᠨ ᠤ ᠣᠷᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/5
      7 ᠰᠠᠷ᠎ᠠ ᠶᠢᠨ 30 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠬᠦᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠦᠨᠡᠨ ᠬᠦ ᠲᠠᠨᠢᠵᠤ ᠡᠵᠡᠮᠳᠡᠬᠦ ᠬᠡᠷᠡᠭᠲᠡᠢ᠂ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠬᠢᠨ ᠳᠠᠶᠢᠨ ᠬᠢᠬᠦ ᠪᠠᠶᠢᠳᠠᠯ ᠳᠤ ᠣᠷᠣᠵᠤ᠂ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠵᠤ᠂ 24 ᠴᠠᠭ ᠢᠶᠠᠷ ᠵᠢᠵᠢᠭᠦᠷᠯᠡᠬᠦ ᠶᠢ ᠴᠢᠩᠭ᠎ᠠ ᠬᠡᠷᠡᠭᠵᠢᠭᠦᠯᠵᠤ᠂ ᠡᠳᠦᠷ ᠤᠨ ᠮᠡᠳᠡᠭᠦᠯᠦᠯᠲᠡ ᠪᠠ ᠡᠪᠡᠳᠴᠢᠨ ᠤ ᠵᠢᠱᠢᠶ᠎ᠠ ᠦᠬᠡᠢ ᠮᠡᠳᠡᠭᠦᠯᠦᠯᠲᠡ ᠶᠢᠨ ᠲᠦᠷᠢᠮ ᠢ ᠴᠢᠩᠭ᠎ᠠ ᠭᠡᠷᠡᠭᠵᠢᠬᠦᠯᠵᠤ᠂ ︽1+8+N︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠲᠠᠯᠠᠪᠤᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠣᠷᠣᠨ ᠤ ᠸᠠᠺᠼᠢᠨ ᠲᠠᠷᠢᠬᠤ ᠠᠵᠢᠯ ᠢ ᠢᠳᠡᠪᠬᠢᠲᠡᠶ ᠪᠠᠷ ᠠᠬᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠩᠭ᠎ᠠ ᠨᠢᠮᠪᠠᠶ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠨ ᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠬᠡᠵᠤ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ