ᠪᠦᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/6

      8 ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ

ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠪᠣᠳᠠᠲᠠᠶ ᠠᠵᠢᠯ ᠤᠨ ᠪᠠᠶᠢᠷᠢᠯᠠᠭᠤᠯᠤᠯᠲᠠ ᠬᠢᠪᠠ᠃
      ᠬᠤᠷᠠᠯ ᠠᠴᠠ᠂ ᠣᠶᠢᠷ᠎ᠠ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠠᠴᠠ ᠪᠣᠯᠤᠭᠰᠠᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠣᠯᠠᠨ ᠮᠤᠵᠢ ᠣᠷᠣᠨ ᠢ ᠨᠥᠯᠥᠭᠡᠯᠡᠵᠦ᠂ ᠬᠢᠵᠢᠭ ᠤᠨ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠤᠯᠠᠮ ᠨᠢᠭᠡ ᠠᠯᠬᠤᠮ ᠨᠡᠮᠡᠭᠳᠡᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ ᠪᠣᠯᠤᠨ ᠨᠠᠷᠢᠨ ᠪᠤᠳᠤᠯᠢᠶᠠᠨᠲᠠᠶ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠭᠦᠢᠴᠡᠳ ᠰᠡᠷᠡᠮᠵᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠨ᠂ ︽ᠪᠥᠬᠦ ᠤᠯᠤᠰ ᠢᠶᠠᠷ ᠢᠶᠠᠨ ᠬᠥᠯᠭᠡ ᠰᠢᠲᠠᠷ᠎ᠠ ᠪᠣᠯᠬᠤ︾ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ

ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠲᠠᠢ ᠨᠢᠭᠡᠳᠬᠡᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠠᠵᠢᠯ ᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠰᠠᠶᠢᠲᠤᠷ ᠰᠠᠬᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠢᠯᠠᠩᠭᠤᠶ᠎ᠠ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠴᠢᠩᠭ᠎ᠠ᠂ ᠨᠢᠭᠳᠠ᠂ ᠲᠦᠷᠭᠡᠨ᠂ ᠨᠠᠷᠢᠯᠢᠭ ᠪᠠᠶᠢᠬᠤ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠭᠡᠮ ᠰᠣᠭᠤᠭ ᠢ ᠵᠢᠬᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠤᠨ ᠬᠢᠨ ᠦᠳᠲᠡᠷ ᠲᠦᠷᠭᠡᠨ ᠲᠠᠶᠢᠨ ᠤ ᠪᠠᠶᠢᠳᠠᠯ ᠳᠤ ᠣᠷᠣᠵᠤ᠂ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠵᠤ᠂ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠳᠡᠰ ᠳᠠᠷᠠᠭᠠᠯᠠᠯ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠢᠰᠬᠡᠯ ᠤᠨ ᠪᠠᠭᠤᠳᠠᠯ᠂ ᠪᠣᠭᠤᠮᠲᠠ ᠵᠡᠷᠭᠡ ᠭᠤᠤᠯᠳᠠᠯᠭ᠎ᠠ ᠲᠠᠢ ᠭᠠᠵᠠᠷ ᠢ ᠪᠥᠬᠦ ᠶᠠᠪᠤᠴᠠ ᠪᠠᠷ ᠪᠢᠲᠡᠭᠦᠮᠵᠢᠯᠡᠨ ᠬᠠᠮᠢᠶᠠᠷᠬᠤ ᠶᠢ ᠨᠠᠩ ᠨᠠᠷᠢᠨ ᠨᠢᠭᠲᠠ ᠰᠠᠶᠢᠲᠤᠷ ᠬᠢᠬᠦ ᠬᠡᠷᠡᠭᠲᠡᠶ᠃ ︽ᠬᠥᠮᠦᠨ᠂ ᠪᠣᠳᠠᠰ︾᠎ ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠢᠵᠢᠭ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠣᠷᠣᠨ ᠳᠤ ᠢᠷᠡᠭᠰᠡᠨ ᠬᠥᠮᠦᠰ ᠢ ᠵᠢᠬᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠲᠤᠰᠠᠭᠠᠷᠯᠠᠬᠤ ᠶᠣᠰᠣᠲᠠᠶ ᠶᠢ ᠨᠢ ᠪᠦᠬᠦᠨ ᠢ ᠲᠤᠰᠠᠭᠠᠷᠯᠠᠬᠤ ᠬᠡᠷᠡᠭᠲᠡᠶ᠃ ᠡᠯ᠎ᠡ ᠱᠠᠲᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠠᠩᠬ᠎ᠠ ᠣᠨᠣᠰᠢᠯᠠᠬᠤ ᠬᠠᠷᠢᠭᠤᠴᠠᠯᠭ᠎ᠠ ᠪᠠ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠣᠲᠣᠭᠠᠳᠤ ᠶᠢᠨ ᠠᠶᠤᠯ ᠲᠦᠭᠰᠢᠭᠦᠷᠢ ᠬᠡᠮ ᠰᠤᠭᠤᠬ ᠢ ᠲᠤᠤᠷᠴᠢᠯᠠᠬᠰᠡᠨ ᠭᠡᠯᠪᠡᠷᠢ ᠪᠠᠷ ᠵᠢᠭᠰᠠᠭᠠᠨ ᠪᠠᠶᠢᠴᠠᠭᠠᠵᠤ᠂ ᠡᠮᠨᠡᠯᠭᠡ ᠶᠢᠨ ᠬᠤᠷᠢᠶᠠᠨ ᠳᠤ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯᠳᠠᠨ᠂ ᠮᠡᠷᠭᠡᠵᠢᠯ᠂ ᠡᠳ᠋ ᠪᠣᠳᠠᠰ ᠤᠨ ᠪᠡᠯᠡᠳᠬᠡᠯ ᠢ ᠰᠠᠶᠢᠲᠤᠷ ᠬᠢᠵᠦ᠂ ᠲᠦᠷᠦᠯ ᠳᠠᠪᠬᠤᠷᠭ᠎ᠠ ᠬᠤᠪᠢᠶᠠᠨ ᠪᠣᠯᠪᠠᠰᠤᠷᠠᠯ ᠰᠣᠷᠢᠯᠲᠠ ᠬᠢᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠡᠭᠠᠬᠤ ᠵᠢᠩᠭᠢᠨᠢ ᠪᠠᠶᠢᠯᠳᠤᠭᠠᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠮᠡᠳᠡᠭᠡ ᠵᠠᠩᠭᠢ ᠨᠡᠶᠢᠲᠡᠯᠡᠬᠦ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠴᠢᠬᠤᠯᠠ ᠶᠡᠭᠡ ᠠᠵᠢᠯᠯᠠᠭ᠎ᠠ ᠬᠢᠬᠦ ᠳᠤ ᠬᠠᠷᠢᠶ᠎ᠠ ᠭᠠᠵᠠᠷ ᠠᠴᠠ ᠪᠠᠨ ᠵᠦᠪᠰᠢᠶᠡᠷᠡᠯ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠪᠤᠰᠤ ᠴᠤᠭᠯᠠᠭᠠᠨ ᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠸᠠᠺᠼᠢᠨ ᠲᠠᠷᠢᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠳᠠᠢ᠃ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠳᠠᠷᠤᠯᠲᠠ ᠶᠢ ᠱᠠᠳᠤ ᠱᠠᠳᠤ ᠪᠠᠷ ᠳᠠᠮᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠤ ᠱᠠᠭᠠᠷᠳᠠᠵᠠᠢ᠃
      ᠬᠤᠷᠠᠯ ᠢ ᠸᠢᠳᠢᠣ᠋ ᠬᠡᠯᠪᠡᠷᠢ ᠪᠠᠷ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠬᠦᠷᠲᠡᠯ᠎ᠡ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ