ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/6

      ᠱᠢ ᠲᠠᠢ ᠹᠧᠩ ᠬᠤᠷᠠᠯ ᠢ ᠡᠷᠭᠢᠯᠡᠵᠡᠶ

      ᠸᠠᠩ ᠯᠢ ᠰᠢᠶᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠪᠠᠷ ᠲᠣᠮᠢᠯᠠᠬᠤ ᠪᠠᠷ ᠲᠣᠭᠲᠠᠪᠠ

      ᠪᠦ᠋ ᠰᠢᠶᠤᠤ ᠯᠢᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ ᠡᠷᠭᠦᠳᠡᠯ ᠢ ᠬᠦᠯᠢᠶᠡᠨ ᠠᠪᠬᠤ ᠪᠠᠷ ᠲᠤᠬᠳᠠᠪᠠ

1.jpg


      8 ᠰᠠᠷ᠎ᠠ ᠶᠢᠨ 5 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯ ᠦᠨᠳᠦᠰᠦᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠤᠯᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠭᠰᠡᠨ ᠪᠦᠭᠡᠳ ᠲᠠᠩᠭᠠᠷᠢᠭᠯᠠᠯ ᠢ ᠬᠢᠨᠠᠪᠠ᠃ ᠵᠢᠷᠤᠭ ᠪᠤᠯ ᠤᠷᠤᠯᠠᠭᠴᠢ ᠲᠡᠷᠢᠭᠦᠯᠡᠭᠴᠢ ᠸᠠᠩ ᠯᠢ ᠰᠢᠶᠠ ᠬᠠᠤᠯᠢ ᠶᠤᠰᠤᠭᠠᠷ ᠦᠨᠳᠦᠰᠦᠨ ᠬᠠᠤᠯᠢ ᠳᠤ ᠲᠠᠩᠭᠠᠷᠢᠭᠯᠠᠵᠤ ᠪᠠᠶᠢᠭ᠎ᠠ ᠨᠢ᠃

      ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ

      8 ᠰᠠᠷ᠎ᠠ ᠶᠢᠨ 5 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠸᠡᠭ ᠬᠤᠷᠠᠯ ᠢ ᠡᠷᠬᠢᠯᠡᠵᠡᠢ᠃

      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ᠂ ᠲᠡᠳ᠋ ᠡᠷᠬᠢᠯᠡᠭᠴᠢ ᠸᠠᠩ ᠪᠦᠸᠧ᠂ ᠯᠢ ᠷᠦᠡᠭ ᠰᠢ᠂ ᠯᠢᠶᠠᠨ ᠰᠤ᠋᠂ ᠵᠠᠩ ᠶᠤᠸᠠᠨ ᠵᠦᠡᠭ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠡᠭᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠤᠷᠤᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠡᠭᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ ᠽᠦᠡᠭ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

      ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠳᠤ 63 ᠪᠦᠷᠢᠯᠳᠦᠭᠦᠨ ᠲᠠᠢ᠂ 61 ᠬᠦᠮᠦᠨ ᠨᠢ ᠲᠤᠰ ᠤᠳᠠᠭᠠᠨ ᠤ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠠ᠃

      ᠬᠤᠷᠠᠯ ᠠᠴᠠ ᠡᠩ ᠲᠡᠷᠢᠭᠦᠨ ᠳᠤ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠵᠤ᠂ ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠵᠠᠩ ᠱᠤᠤ ᠴᠦᠨ ᠤ ᠬᠢᠭᠰᠡᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠪᠠᠷ ᠲᠤᠮᠢᠯᠠᠬᠤ ᠪᠠᠷ ᠲᠤᠬᠳᠠᠬᠰᠠᠨ ᠵᠡᠷᠭᠡ ᠠᠵᠢᠯᠲᠠᠨ ᠤ ᠶᠠᠪᠤᠳᠠᠯ ᠤᠨ ᠵᠦᠢᠯᠡᠰ ᠤᠨ ᠲᠤᠬᠠᠶ ᠲᠣᠳᠣᠷᠬᠠᠶᠢᠯᠠᠯᠲᠠ ᠶᠢ ᠰᠣᠨᠣᠰᠪᠠ᠃

      ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠠᠴᠠ ᠪᠦ᠋ ᠰᠢᠶᠤᠤ ᠯᠢᠨ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ ᠡᠷᠬᠦᠳᠡᠯ ᠢ ᠭᠥᠯᠢᠶᠡᠨ ᠠᠪᠬᠤ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ᠂ ᠵᠧᠩ ᠬᠤᠩ ᠹᠠᠨ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ ᠡᠷᠬᠦᠳᠡᠯ ᠢ ᠭᠥᠯᠢᠶᠡᠨ ᠠᠪᠬᠤ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠳᠤ ᠲᠣᠮᠢᠯᠠᠬᠤ ᠪᠠᠷ ᠲᠣᠭᠲᠠᠭᠰᠠᠨ ᠨᠡᠷᠡᠰ ᠢ ᠪᠠᠲᠤᠯᠠᠵᠤ᠂ ᠸᠠᠩ ᠯᠢ ᠰᠢᠶᠠ ᠨᠥᠬᠦᠷ ᠢ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠷ ᠲᠣᠮᠢᠯᠠᠬᠤ ᠪᠠᠷ ᠲᠣᠭᠲᠠᠵᠤ᠂ ᠸᠠᠩ ᠯᠢ ᠰᠢᠶᠠ ᠨᠥᠬᠦᠷ ᠢ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠪᠠᠷ ᠲᠤᠮᠢᠯᠠᠬᠤ ᠲᠤᠬᠠᠶ ᠲᠣᠭᠲᠠᠭᠠᠯ ᠢ ᠪᠠᠲᠤᠯᠠᠪᠠ᠃

      ᠱᠢ ᠲᠠᠢ ᠹᠧᠩ ᠸᠠᠩ ᠯᠢ ᠰᠢᠶᠠ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃

      ᠸᠠᠩ ᠯᠢ ᠰᠢᠶᠠ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠬᠯᠠᠬᠤ ᠶᠢᠨ ᠬᠠᠮᠲᠤ ᠣᠪᠣᠷ ᠢᠶᠠᠨ ᠢᠯᠡᠳᠬᠡᠬᠦ ᠦᠭᠡ ᠬᠡᠯᠡᠪᠡ᠃

      ᠬᠤᠷᠠᠯ ᠠᠴᠠ᠂ ᠡᠨᠡ ᠤᠳᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠲᠣᠬᠢᠷᠠᠭᠤᠯᠤᠯᠲᠠ ᠪᠣᠯ ᠨᠠᠮ ᠤᠨ ᠲᠥᠪ ᠬᠤᠷᠢᠶ᠎ᠠ ᠶᠡᠭᠡ ᠲᠠᠯ᠎ᠠ ᠠᠴᠠ ᠡᠭᠦᠰᠴᠦ᠂ ᠠᠵᠢᠯ ᠤᠨ ᠬᠡᠷᠡᠭᠴᠡᠭᠡ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠪᠥᠬᠦ ᠲᠠᠯ᠎ᠠ ᠪᠠᠷ ᠪᠣᠳᠣᠯᠬᠢᠯᠠᠵᠤ᠂ ᠪᠣᠯᠭᠤᠮᠵᠢᠲᠠᠶ ᠰᠤᠳᠤᠯᠤᠨ ᠲᠣᠭᠲᠠᠭᠠᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠣᠲᠣᠨᠣ ᠪᠠᠷ ᠬᠠᠯᠠᠮᠵᠢᠯᠠᠵᠤ᠂ ᠥᠪᠥᠷ ᠮᠣᠩᠭᠤᠯ ᠤᠨ ᠠᠵᠢᠯ ᠪᠠ ᠤᠳᠤᠷᠢᠳᠬᠤ ᠪᠠᠭ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠸᠠᠩ ᠯᠢ ᠰᠢᠶᠠ ᠨᠥᠬᠦᠷ ᠨᠠᠮ ᠪᠣᠯᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠷᠠᠳ ᠲᠦᠮᠡᠨ ᠠᠴᠠ ᠣᠯᠭᠤᠭᠰᠠᠨ ᠡᠷᠬᠡ ᠪᠠᠨ ᠵᠥᠪ ᠣᠨᠣᠪᠴᠢᠲᠠᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠤᠳᠤᠷᠢᠳᠬᠤ ᠪᠠᠭ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ᠂ ᠬᠢᠭᠰᠡᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯ ᠢ ᠪᠦᠲᠦᠮᠵᠢᠲᠡᠢ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠣᠲᠣ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠡᠳᠬᠢᠴᠡ ᠠᠷᠭ᠎ᠠ ᠬᠡᠮᠵᠢᠶ᠎ᠡ ᠨᠢᠭᠡᠨᠲᠡ ᠮᠠᠰᠢ ᠲᠣᠳᠣᠷᠬᠠᠶ ᠪᠣᠯᠵᠤ᠂ ᠵᠠᠩᠭᠢᠯᠠᠭ᠎ᠠ ᠨᠢ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠥᠪ ᠬᠤᠷᠢᠶᠠᠨ ᠤ ᠦᠨᠳᠦᠰᠦᠨ ᠪᠣᠳᠣᠯᠭ᠎ᠠ ᠴᠢᠭᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠵᠤ᠂ ᠠᠵᠢᠯ ᠬᠢᠵᠦ᠂ ᠤᠬᠠᠮᠰᠠᠷ ᠠᠴᠠ ᠪᠠᠨ ᠪᠥᠬᠦ ᠣᠷᠣᠨ ᠤ ᠭᠤᠤᠯ ᠠᠵᠢᠯ ᠳᠤ ᠰᠠᠶᠢᠲᠤᠷ ᠦᠢᠯᠡᠴᠢᠯᠡᠬᠦ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠵᠤ᠂ ᠠᠵᠢᠯ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠳᠠᠪᠠᠭᠤᠯᠢᠭ ᠢ ᠨᠠᠩ ᠰᠠᠶᠢᠲᠤᠷ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠳᠠᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠠᠤᠯᠢᠵᠢᠯ ᠤᠨ ᠪᠠᠶᠢᠭᠤᠯᠤᠯᠲᠠ ᠳᠠᠬᠢ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠮᠠᠨ ᠤ ᠣᠷᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠠᠴᠠ ᠳᠤᠷᠠᠳᠤᠭᠰᠠᠨ ᠬᠠᠤᠯᠢᠵᠢᠯ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠥᠨᠳᠥᠷ ᠲᠦᠪᠰᠢᠨ ᠪᠥᠬᠦᠶ ᠬᠠᠮᠠᠭᠠᠯᠠᠯᠲᠠ᠂ ᠠᠷᠠᠳ ᠣᠯᠠᠨ ᠤ ᠴᠢᠨᠠᠷ ᠰᠠᠶᠢᠲᠠᠶ ᠠᠮᠢᠳᠤᠷᠠᠯ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠥᠨᠳᠥᠷ ᠪᠦᠲᠦᠮᠵᠢᠲᠡᠶ ᠵᠠᠰᠠᠯᠲᠠ ᠶᠢ ᠠᠬᠢᠭᠤᠯᠬᠤ ᠳᠤ ᠦᠨᠡᠨ ᠬᠦ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ