ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠣᠳᠣᠬᠠᠨ ᠳᠤ ᠬᠢᠩᠭᠠᠨ ᠠᠶᠢᠮᠠᠭ ᠤᠨ ᠬᠢᠨ ︽ᠠᠯᠬᠤᠮ ᠬᠤᠪᠢᠶᠠᠨ ᠬᠡᠷᠡᠭᠵᠢᠭᠦᠯᠵᠦ᠂ | ᠡᠮᠬᠢ ᠵᠢᠷᠤᠮ ᠲᠠᠢ ᠪᠠᠷ ᠠᠬᠢᠭᠤᠯᠬᠤ︾ ︽ᠲᠠᠷᠢᠯᠭ᠎ᠠ ᠬᠢᠬᠦ ᠳᠤᠷᠠᠲᠠᠢ ᠪᠦᠬᠦᠨ ᠳᠤ ᠲᠠᠷᠢᠯᠭ᠎ᠠ ᠬᠢᠬᠦ᠂ ᠲᠠᠷᠢᠯᠭ᠎ᠠ ᠬᠢᠬᠦ ᠴᠢᠬᠤᠯᠠᠲᠠᠢ ᠪᠦᠬᠦᠨ ᠳᠤ ᠲᠠᠷᠢᠯᠭ᠎ᠠ ᠬᠢᠬᠦ︾ | ᠵᠠᠷᠴᠢᠮ ᠶᠣᠰᠣᠭᠠᠷ᠂ ᠣᠲᠣ ᠶᠠᠭ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠪᠴᠢᠯᠡᠨ ᠬᠢᠵᠦ ᠪᠠᠶᠢᠨ᠎ᠠ᠃ | 8 ᠳ᠋ᠤᠭᠠᠷ ᠰᠠᠷ᠎ᠠ ᠶᠢᠨ 3 ᠤ ᠡᠳᠦᠷ ᠤᠨ 18 ᠴᠠᠭ ᠪᠣᠯᠲᠠᠯ᠎ᠠ᠂ ᠮᠠᠨ ᠤ ᠠᠶᠢᠮᠠᠭ ᠸᠠᠺᠼᠢᠨ ᠢ ᠨᠡᠶᠢᠲᠡ 168 ᠲᠦᠮᠡᠨ ᠤᠳᠠᠭ᠎ᠠ᠂ 95 ᠲᠦᠮᠡᠨ ᠬᠥᠮᠦᠨ ᠳᠤ | ᠲᠠᠷᠢᠯᠭ᠎ᠠ ᠬᠢᠪᠡ᠃ ᠡᠭᠦᠨ ᠳᠤ ᠨᠢᠭᠡᠳᠦᠭᠡᠷ ᠲᠠᠷᠢᠯᠭ᠎ᠠ ᠶᠢ 93 ᠲᠦᠮᠡᠨ ᠤᠳᠠᠭ᠎ᠠ᠂ ᠬᠤᠶᠠᠳᠤᠭᠠᠷ ᠲᠠᠷᠢᠯᠭ᠎ᠠ ᠶᠢ 72 ᠲᠦᠮᠡᠨ ᠤᠳᠠᠭ᠎ᠠ᠂ ᠭᠤᠷᠪᠠᠳᠤᠭᠠᠷ ᠲᠠᠷᠢᠯᠭ᠎ᠠ ᠶᠢ | 2.3 ᠲᠦᠮᠡᠨ ᠤᠳᠠᠭ᠎ᠠ ᠲᠠᠷᠢᠪᠠ᠃ ᠲᠠᠷᠢᠯᠭ᠎ᠠ ᠬᠢᠭᠰᠡᠳ ᠲᠤ ᠪᠦᠬᠦᠯᠢ 12 ᠨᠠᠰᠤᠨ ᠠᠴᠠ ᠪᠦᠬᠦᠯᠢ 17 ᠨᠠᠰᠤ ︵ᠰᠣᠷᠣᠭᠴᠢ︶ ᠶᠢᠨ ᠬᠤᠭᠤᠷᠣᠨᠳᠤ 5.5 ᠲᠦᠮᠡᠨ | ᠬᠥᠮᠦᠨ᠂ ᠪᠦᠬᠦᠯᠢ 60 ᠨᠠᠰᠤᠨ ᠠᠴᠠ ᠳᠡᠭᠡᠭᠰᠢ 13 ᠲᠦᠮᠡᠨ ᠬᠥᠮᠦᠨ ᠪᠠᠶᠢᠵᠤ᠂ ᠡᠭᠦᠨ ᠳᠤ ᠪᠦᠬᠦᠯᠢ 70 ᠨᠠᠰᠤᠨ ᠠᠴᠠ ᠳᠡᠭᠡᠭᠰᠢ 2.55 ᠲᠦᠮᠡᠨ ᠬᠥᠮᠦᠨ ᠳᠤ | ᠲᠠᠷᠢᠯᠭ᠎ᠠ ᠬᠢᠪᠡ᠃ | ᠬᠢᠩᠭᠠᠨ ᠠᠶᠢᠮᠠᠭ ᠤᠨ ᠣᠳᠣᠬᠠᠨ ᠳᠤ ᠬᠡᠷᠡᠭᠯᠡᠵᠦ ᠪᠠᠶᠢᠭ᠎ᠠ ᠸᠠᠺᠼᠢᠨ ᠪᠣᠯ ᠭᠤᠤᠯᠳᠠᠭᠤ ᠪᠡᠭᠡᠵᠢᠩ ᠤᠨ ᠵᠥᠩ ᠱᠧᠩ ᠪᠦᠯᠦᠭᠯᠡᠯ᠂ ᠪᠡᠭᠡᠵᠢᠩ ᠤᠨ ᠺᠧ ᠰᠢᠩ | ᠵᠥᠩ ᠸᠧᠶ ᠬᠤᠶᠠᠷ ᠦᠢᠯᠡᠳᠪᠦᠷᠢ ᠶᠢᠨ ᠦᠢᠯᠡᠳᠪᠦᠷᠢᠯᠡᠭᠰᠡᠨ ᠢᠳᠡᠪᠬᠢ ᠦᠭᠡᠶᠢᠵᠢᠭᠦᠯᠦᠭᠰᠡᠨ ᠸᠠᠺᠼᠢᠨ ᠪᠠ ᠴᠥᠭᠡᠨ ᠲᠣᠭᠠᠨ ᠤ ᠠᠨᠾᠦ᠋ᠢ ᠶᠢᠨ ᡁᠢ ᠹᠸᠢ ᠠᠴᠠ | ᠦᠢᠯᠡᠳᠪᠦᠷᠢᠯᠡᠭᠰᠡᠨ ᠳᠠᠬᠢᠨ ᠨᠡᠶᠢᠯᠡᠭᠦᠯᠦᠭᠰᠡᠨ ᠡᠰ ᠤᠨ ᠸᠠᠺᠼᠢᠨ ᠪᠣᠯᠤᠨ᠎ᠠ᠃ ᠡᠭᠦᠨ ᠳᠤ᠂ ᠢᠳᠡᠪᠬᠢ ᠦᠭᠡᠶᠢᠵᠢᠭᠦᠯᠦᠭᠰᠡᠨ ᠸᠠᠺᠼᠢᠨ ᠢ ᠨᠡᠶᠢᠲᠡ 2 ᠤᠳᠠᠭ᠎ᠠ | ᠲᠠᠷᠢᠬᠤ ᠴᠢᠬᠤᠯᠠᠲᠠᠢ᠂ 21 ᠡᠳᠦᠷ ᠠᠯᠤᠰᠯᠠᠪᠠᠯ ᠳᠠᠷᠤᠶ ᠬᠤᠶᠠᠳᠤᠭᠠᠷ ᠲᠠᠷᠢᠯᠭ᠎ᠠ ᠶᠢ ᠴᠠᠭ ᠲᠤᠬᠠᠶ ᠳᠤ ᠨᠢ ᠲᠠᠷᠢᠬᠤ ᠬᠡᠷᠡᠭᠲᠡᠢ︔ ᠳᠠᠬᠢᠨ ᠨᠡᠶᠢᠯᠡᠭᠦᠯᠦᠭᠰᠡᠨ ᠡᠰ ᠤᠨ | ᠸᠠᠺᠼᠢᠨ ᠢ 3 ᠤᠳᠠᠭ᠎ᠠ ᠲᠠᠷᠢᠬᠤ ᠴᠢᠬᠤᠯᠠᠲᠠᠢ᠂ 28 ᠡᠳᠦᠷ ᠠᠯᠤᠰᠯᠠᠬᠤ ᠪᠦᠷᠢ ᠬᠤᠶᠠᠳᠤᠭᠠᠷ ᠪᠠ ᠭᠤᠷᠪᠠᠳᠤᠭᠠᠷ ᠲᠠᠷᠢᠯᠭ᠎ᠠ ᠶᠢ ᠴᠠᠭ ᠲᠤᠬᠠᠶ ᠳᠤ ᠨᠢ ᠲᠠᠷᠢᠬᠤ | ᠬᠡᠷᠡᠭᠲᠡᠢ᠃ ᠪᠥᠬᠦ ᠬᠥᠮᠦᠰ ᠤᠨ ᠸᠠᠺᠼᠢᠨ ᠤ ᠲᠠᠷᠢᠯᠭ᠎ᠠ ᠶᠢᠨ ᠬᠢᠨᠠᠨ ᠰᠢᠨᠵᠢᠯᠡᠯᠲᠡ ᠶᠢᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠸᠠᠺᠼᠢᠨ ᠤ ᠶᠠᠰᠤ ᠴᠢᠨᠠᠷ | ᠠᠮᠤᠷ ᠲᠦᠪᠰᠢᠨ ᠪᠥᠭᠡᠳ ᠨᠠᠶᠢᠳᠠᠪᠤᠷᠢᠲᠠᠶ ᠪᠠᠶᠢᠨ᠎ᠠ᠃ ᠡᠭᠦᠨ ᠠᠴᠠ ᠭᠠᠳᠠᠨ᠎ᠠ᠂ ᠣᠳᠣᠬᠠᠨ ᠳᠤ ᠮᠠᠨ ᠤ ᠠᠶᠢᠮᠠᠭ ᠤᠨ ᠸᠠᠺᠼᠢᠨ ᠤ ᠬᠠᠩᠭᠠᠯᠭ᠎ᠠ ᠭᠦᠢᠴᠡᠳ ᠪᠠᠶᠢᠵᠤ᠂ | ᠪᠥᠬᠦ ᠠᠶᠢᠮᠠᠭ ᠤᠨ ᠥᠷᠭᠡᠨ ᠣᠯᠠᠨ ᠠᠷᠠᠳ ᠲᠦᠮᠡᠨ ᠤ ᠲᠠᠷᠢᠯᠭ᠎ᠠ ᠶᠢᠨ ᠬᠡᠷᠡᠭᠴᠡᠭᠡ ᠶᠢ ᠪᠠᠲᠤᠯᠠᠵᠤ ᠴᠢᠳᠠᠨ᠎ᠠ᠃ |