ᠸᠠᠩ ᠯᠢ ᠰᠢᠶᠠ ᠬᠥᠬᠡᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/8/9

      8 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ᠂ ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠪᠣᠯᠤᠨ ᠬᠢᠯᠢ ᠪᠠᠷ ᠣᠷᠣᠵᠤ ᠢᠷᠡᠭᠰᠡᠨ ᠬᠥᠮᠦᠰ ᠢ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠣᠰᠣᠭᠠᠷ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠪᠠᠬᠢ ᠰᠡᠷᠭᠡᠶᠢᠯᠡᠯᠳᠡ ᠶᠢᠨ ᠱᠤᠭᠤᠮ ᠢ ᠡᠷᠡᠰ ᠪᠠᠳᠤ ᠴᠤᠬᠴᠠᠯᠠᠬᠤ ᠭᠡᠷᠡᠭᠳᠠᠢ ᠭᠡᠵᠤ ᠴᠢᠬᠤᠯᠠᠴᠢᠯᠠᠪᠠ᠃

1.jpg

 

      ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠨᠢᠰᠬᠡᠯ ᠤᠨ ᠦᠷᠳᠡᠭᠡᠨ ᠤ ᠠᠰᠠᠷ ᠲᠤ᠂ ᠸᠠᠩ ᠯᠢ ᠰᠢᠶᠠ ᠲᠤᠬᠠᠶ ᠶᠢᠨ ᠲᠠᠯᠠᠪᠠᠶ ᠳᠤ ᠡᠭᠡᠯᠵᠢ ᠶᠢᠨ ᠨᠢᠰᠬᠡᠯ ᠢ ᠲᠠᠷᠬᠠᠭᠠᠨ ᠪᠠᠭᠤᠯᠭᠠᠬᠤ ᠶᠠᠪᠤᠴᠠ ᠶᠢ ᠪᠠᠶᠢᠴᠠᠭᠠᠨ ᠦᠵᠡᠵᠦ᠂ ᠡᠮᠦᠨ᠎ᠡ ᠹᠷᠣᠨᠲ ᠤᠨ ᠬᠥᠮᠦᠰ ᠤᠨ ᠬᠠᠮᠢᠶᠠᠷᠤᠯᠲᠠ᠂ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠭᠰᠡᠨ ᠵᠡᠷᠭᠡ ᠪᠠᠶᠢᠳᠠᠯ ᠢ ᠨᠠᠷᠢᠨ ᠠᠰᠠᠭᠤᠪᠠ᠃ ᠸᠠᠩ ᠯᠢ ᠰᠢᠶᠠ᠂ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠨᠢᠰᠬᠡᠯ ᠤᠨ ᠪᠠᠭᠤᠳᠠᠯ ᠤᠨ ᠰᠡᠷᠭᠡᠶᠢᠯᠡᠨ ᠡᠵᠡᠮᠳᠡᠬᠦ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠵᠢᠯ ᠤᠨ ᠶᠠᠪᠤᠴᠠ ᠪᠣᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠲᠠᠷᠬᠠᠭᠠᠨ ᠪᠠᠭᠤᠯᠭᠠᠬᠤ ᠤᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠢᠯᠢ ᠪᠠᠷ ᠣᠷᠣᠵᠤ ᠢᠷᠡᠬᠦ ᠠᠶᠠᠨᠴᠢᠳ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠨᠡᠩ ᠨᠠᠷᠢᠨ ᠨᠢᠭᠲᠠ ᠰᠠᠶᠢᠲᠤᠷ ᠬᠢᠵᠦ᠂ ᠰᠢᠭᠤᠳ ᠦᠢᠯᠡᠴᠢᠯᠡᠵᠦ ᠪᠠᠲᠤᠯᠠᠬᠤ ᠬᠥᠮᠦᠰ ᠤᠨ ᠪᠢᠲᠡᠭᠦᠮᠵᠢᠯᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠡᠭᠡᠯᠵᠢ ᠶᠢᠨ ᠨᠢᠰᠬᠡᠯ ᠤᠨ ᠪᠠᠷᠠᠭ᠎ᠠ ᠶᠢᠨ ᠰᠡᠷᠭᠡᠶᠢᠯᠡᠬᠦ ᠴᠢᠨᠠᠷᠲᠠᠶ ᠠᠷᠢᠭᠤᠳᠬᠠᠯ ᠢ ᠴᠢᠩᠭᠠᠳᠬᠠᠵᠤ᠂ ᠬᠠᠶᠠᠭᠳᠠᠮᠠᠯ ᠡᠳ᠋ ᠪᠣᠯᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠬᠦ ᠶᠢ ᠰᠠᠶᠢᠲᠤᠷ ᠬᠢᠬᠦ ᠬᠡᠷᠡᠭᠲᠡᠶ᠃ ᠡᠮᠦᠨ᠎ᠡ ᠹᠷᠣᠨᠲ ᠤᠨ ᠠᠵᠢᠯᠲᠠᠳ ᠢ ᠨᠠᠷᠢᠨ ᠬᠢᠨᠠᠮᠠᠭᠠᠢ ᠪᠣᠯᠪᠠᠰᠤᠷᠠᠭᠤᠯᠤᠨ ᠵᠢᠯᠣᠭᠤᠳᠴᠤ᠂ ᠲᠡᠳᠡᠨ ᠤ ᠠᠵᠢᠯ ᠤᠨ ᠲᠦᠪᠰᠢᠨ ᠪᠣᠯᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠮᠡᠭᠴᠡ ᠲᠦᠷᠭᠡᠨ ᠲᠤᠰᠬᠠᠯ ᠭᠠᠷᠭᠠᠵᠤ᠂ ᠥᠨᠳᠥᠷ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

2.jpg

 

      ᠥᠪᠥᠷ ᠮᠣᠩᠭᠤᠯ ᠤᠨ ᠳᠥᠷᠪᠡᠳᠦᠭᠡᠷ ᠡᠮᠨᠡᠯᠭᠡ ᠶᠢᠨ ᠬᠤᠷᠢᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠢ ᠠᠪᠤᠷᠠᠨ ᠵᠠᠰᠠᠬᠤ ᠪᠠ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠡᠭᠦᠷᠭᠡ ᠶᠢ ᠡᠭᠦᠷᠭᠡᠯᠡᠵᠦ ᠪᠣᠶ᠃ ᠡᠮᠨᠡᠯᠭᠡ ᠶᠢᠨ ᠬᠤᠷᠢᠶᠠᠨ ᠤ ᠬᠢᠨᠠᠨ ᠡᠵᠡᠮᠳᠡᠬᠦ ᠲᠥᠪ ᠲᠤ᠂ ᠸᠠᠩ ᠯᠢ ᠰᠢᠶᠠ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠭᠰᠠᠨ ᠪᠠᠶᠢᠳᠠᠯ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠪᠠᠶᠢᠳᠠᠯ ᠳᠤ ᠶᠠᠮᠠᠷ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠨᠠᠷᠢᠨ ᠣᠶᠢᠯᠠᠭᠠᠵᠤ᠂ ᠲᠤᠰᠠᠭᠠᠷᠯᠠᠬᠤ ᠲᠣᠭᠤᠷᠢᠭ ᠤᠨ ᠡᠮᠴᠢ ᠰᠤᠪᠢᠯᠠᠭᠴᠢᠳ ᠲᠠᠢ ᠸᠢᠳᠢᠣ᠋ ᠪᠠᠷ ᠶᠠᠷᠢᠯᠴᠠᠵᠤ᠂ ᠲᠡᠳᠡᠨ ᠤ ᠡᠳᠦᠷ ᠰᠥᠨᠢ ᠦᠭᠡᠢ᠂ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠭᠦᠢᠴᠡᠳ ᠨᠤᠲᠠᠯᠠᠵᠤ᠂ ᠡᠪᠡᠳᠴᠢᠲᠡᠨ ᠢ ᠪᠦᠬᠦ ᠬᠦᠴᠦ ᠪᠠᠷ ᠢᠶᠠᠨ ᠠᠪᠤᠷᠠᠨ ᠡᠮᠨᠡᠬᠦ ᠶᠢᠨ ᠵᠡᠷᠭᠡ ᠪᠠᠷ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠭᠡᠷᠡᠢ ᠭᠡᠵᠦ ᠤᠯᠠᠨ ᠳᠤ ᠵᠠᠬᠢᠪᠠ᠃ ᠸᠠᠩ ᠯᠢ ᠰᠢᠶᠠ᠂ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠠᠩᠬ᠎ᠠ ᠣᠨᠣᠰᠢᠯᠠᠬᠤ ᠬᠠᠷᠢᠭᠤᠴᠠᠯᠭ᠎ᠠ ᠪᠣᠯᠤᠨ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠷᠠᠭᠤᠯ ᠤᠨ ᠴᠡᠭ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

3.jpg

 

      ᠤᠯᠤᠰ ᠤᠨ ᠳᠣᠲᠣᠭᠠᠳᠤ ᠶᠢᠨ ᠬᠤᠯᠪᠣᠭᠳᠠᠯ ᠪᠥᠬᠦᠶ ᠭᠠᠵᠠᠷ ᠣᠷᠣᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠭᠰᠡᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠡᠮᠨᠡᠯᠭᠡ ᠶᠢᠨ ᠬᠤᠷᠢᠶᠠᠨ ᠤ ᠳᠠᠷᠤᠭ᠎ᠠ ᠶᠢᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠣᠲᠣᠭᠠᠳᠤ ᠶᠢᠨ ᠠᠶᠤᠯ ᠲᠦᠭᠰᠢᠭᠦᠷᠢ ᠬᠡᠮ ᠰᠣᠭᠤᠭ ᠢ ᠨᠡᠶᠢᠳᠡᠮ ᠵᠢᠭᠰᠠᠭᠠᠨ ᠪᠠᠶᠢᠴᠠᠭᠠᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠯᠠᠶ ᠣᠷᠣᠨ ᠢ ᠡᠷᠡᠰ ᠠᠷᠢᠯᠭᠠᠬᠤ ᠬᠡᠷᠡᠭᠲᠡᠶ ᠭᠡᠵᠤ ᠴᠢᠬᠤᠯᠠᠴᠢᠯᠠᠪᠠ᠃

      ᠢᠦ᠋ᠢᠴᠢᠤᠸᠠᠨ ᠲᠣᠭᠤᠷᠢᠭ ᠤᠨ ᠬᠤᠸᠠ ᠰᠢ ᠬᠤᠳᠠᠯᠳᠤᠭᠠᠨ ᠤ ᠵᠢᠭᠤᠯᠴᠢᠯᠠᠯ ᠤᠨ ᠪᠠᠭᠤᠳᠠᠯ ᠪᠣᠯ ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠢᠯᠢ ᠪᠠᠷ ᠣᠷᠣᠵᠤ ᠢᠷᠡᠬᠦ ᠬᠥᠮᠦᠰ ᠢ ᠲᠠᠷᠬᠠᠭᠠᠨ ᠪᠠᠭᠤᠯᠭᠠᠵᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠪᠣᠯᠤᠨ᠎ᠠ᠃ ᠸᠠᠩ ᠯᠢ ᠰᠢᠶᠠ ᠠᠵᠢᠯᠲᠠᠳ ᠠᠴᠠ ᠲᠥᠪᠯᠡᠷᠡᠭᠦᠯᠦᠨ ᠲᠤᠰᠠᠭᠠᠷᠯᠠᠬᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠰᠠᠶᠢᠲᠤᠷ ᠬᠢᠬᠦ᠂ ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ ᠬᠥᠮᠦᠰ ᠢ ᠬᠠᠯᠠᠮᠵᠢᠯᠠᠨ ᠬᠠᠶᠢᠷᠠᠯᠠᠬᠤ ᠵᠡᠷᠭᠡ ᠠᠵᠢᠯ ᠳᠤ ᠱᠠᠭᠠᠷᠳᠠᠯᠭ᠎ᠠ ᠳᠤᠷᠠᠳᠴᠠᠢ᠃ ᠪᠠᠶᠢᠴᠠᠭᠠᠨ ᠰᠤᠳᠤᠯᠬᠤ ᠳᠤᠮᠳᠠ᠂ ᠸᠠᠩ ᠯᠢ ᠰᠢᠶᠠ ᠪᠠᠰᠠ ᠠᠳᠡ ᠱᠠᠯᠠᠪᠳᠠᠭᠤᠯᠤᠨ ᠵᠢᠯᠣᠭᠤᠳᠬᠤ ᠠᠵᠢᠯ ᠬᠢᠵᠦ ᠪᠠᠶᠢᠭ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠯᠠᠪᠳᠠᠭᠤᠯᠤᠨ ᠵᠢᠯᠣᠭᠤᠳᠬᠤ ᠠᠵᠢᠯ ᠤᠨ ᠳᠤᠭᠤᠶᠢᠯᠠᠩ ᠤᠨ ᠪᠦᠷᠢᠯᠳᠦᠬᠦᠨ ᠲᠠᠢ ᠠᠭᠤᠯᠵᠠᠵᠤ᠂ ᠲᠡᠳᠡᠨ ᠲᠠᠢ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠯᠢ ᠪᠠᠷ ᠣᠷᠣᠵᠤ ᠢᠷᠡᠬᠦ ᠬᠥᠮᠦᠰ ᠤᠨ ᠰᠢᠯᠭᠠᠨ ᠪᠠᠶᠢᠴᠠᠭᠠᠯᠲᠠ᠂ ᠰᠡᠷᠭᠡᠶᠢᠯᠡᠨ ᠡᠵᠡᠮᠳᠡᠬᠦ ᠶᠠᠪᠤᠴᠠ ᠵᠡᠷᠭᠡ ᠠᠰᠠᠭᠤᠳᠠᠯ ᠤᠨ ᠲᠤᠬᠠᠢ ᠤᠯᠤᠯᠴᠠᠨ ᠰᠣᠯᠢᠯᠴᠠᠵᠠᠢ᠃

      ᠬᠥᠬᠡᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ