ᠸᠠᠩ ᠯᠢ ᠰᠢᠶᠠ ᠬᠥᠬᠡᠬᠤᠲᠠ ᠳᠤ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/1
      8 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠬᠦᠷᠴᠦ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ᠃

1.jpg

2.jpg

      ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠪᠣᠯ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂

ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠠᠭᠳᠠᠭᠠᠭᠰᠠᠨ 15 ᠵᠢᠯ ᠤᠨ ᠳᠦᠷᠢᠮᠲᠦ ᠰᠤᠷᠭᠠᠭᠤᠯᠢ ᠪᠣᠯᠤᠨ᠎ᠠ᠃ ᠰᠤᠷᠭᠠᠭᠤᠯᠢ ᠡᠬᠢᠯᠡᠬᠦ ᠭᠡᠵᠦ ᠪᠠᠶᠢᠭ᠎ᠠ ᠪᠤᠯᠬᠤᠷ

ᠰᠤᠷᠭᠠᠭᠤᠯᠢ ᠶᠢᠨ ᠬᠦᠷᠢᠶᠡᠨ ᠳᠤ ᠪᠠᠶᠢᠨ ᠪᠠᠶᠢᠨ ᠰᠣᠷᠣᠭᠴᠢ ᠢᠷᠡᠵᠦ ᠨᠡᠷ᠎ᠡ ᠮᠡᠳᠡᠭᠦᠯᠵᠦ ᠪᠠᠶᠢᠪᠠ᠃ ᠸᠠᠩ ᠯᠢ ᠰᠢᠶᠠ ᠰᠤᠷᠭᠠᠭᠤᠯᠢ ᠳᠤ ᠬᠦᠷᠴᠦ᠂ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠵᠤ ᠪᠠᠶᠢᠭ᠎ᠠ᠂ ᠰᠤᠷᠤᠭᠴᠢᠳ ᠤᠨ ᠨᠡᠷ᠎ᠡ ᠮᠡᠳᠡᠭᠦᠯᠵᠤ ᠪᠠᠶᠢᠭ᠎ᠠ᠂ ᠬᠢᠴᠢᠶᠡᠯ ᠤᠨ ᠲᠤᠬᠢᠷᠠᠭᠤᠯᠤᠯᠳᠠ᠂ ᠪᠠᠭᠰᠢ ᠶᠢᠨ ᠲᠤᠬᠢᠷᠠᠭᠤᠯᠤᠯᠳᠠ

ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠰᠤᠷᠤᠭᠴᠢᠳ ᠤᠨ ᠶᠡᠷᠦᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠲᠤ ᠲᠠᠯᠪᠢᠭᠰᠠᠨ ᠬᠦᠰᠡᠯ

ᠨᠠᠶᠢᠳᠠᠯᠭ᠎ᠠ ᠶᠢ ᠪᠠᠲᠤ ᠴᠡᠭᠡᠵᠢᠯᠡᠵᠦ᠂ ᠴᠠᠭ ᠮᠥᠴᠡ ᠶᠢ ᠨᠠᠨᠳᠢᠩᠨᠠᠨ᠂ ᠴᠢᠷᠮᠠᠶᠢᠨ ᠰᠤᠷᠤᠯᠴᠠᠵᠤ᠂ ᠢᠷᠡᠭᠡᠳᠦᠢ ᠳᠤ ᠤᠯᠤᠰ᠂ ᠠᠷᠠᠳ ᠲᠦᠮᠡᠨ᠂ ᠨᠡᠶᠢᠭᠡᠮ ᠳᠤ

ᠬᠡᠷᠡᠭᠴᠡᠭᠡ ᠲᠠᠢ ᠬᠥᠮᠦᠨ ᠪᠣᠯᠬᠤ ᠶᠢ ᠰᠤᠷᠭᠠᠭᠤᠯᠢ ᠶᠢᠨ ᠬᠢᠨ ᠬᠦᠳᠦᠯᠦᠨ ᠵᠢᠯᠣᠭᠤᠳᠬᠤ ᠬᠡᠷᠡᠭᠳᠠᠢ᠃ ᠰᠤᠷᠤᠭᠴᠢᠳ ᠤᠨ ᠳᠤᠮᠳᠠ ᠳᠤᠮᠳᠠᠳᠤ ᠶᠢᠨ ᠦᠨᠳᠦᠰᠦᠲᠡᠨ ᠤ

ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠬᠦᠰᠡᠯᠡᠩ᠂

ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂

ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠶᠢ ᠬᠦᠰᠡᠪᠡ᠃

3.jpg

4.jpg

      ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠤᠶᠠᠳᠤᠭᠠᠷ ᠬᠡᠦᠬᠡᠳ ᠤᠨ ᠴᠡᠴᠡᠷᠯᠢᠭ ᠲᠤ᠂ ᠸᠠᠩ ᠯᠢ ᠰᠢᠶᠠ ᠰᠠᠭᠤᠷᠢ ᠲᠥᠬᠦᠭᠡᠷᠦᠮᠵᠢ᠂ ᠵᠢᠭᠠᠨ

ᠰᠤᠷᠭᠠᠯᠲᠠ ᠶᠢᠨ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠭᠰᠢ ᠲᠠᠢ ᠰᠠᠨᠠᠯ ᠢᠶᠠᠨ ᠰᠣᠯᠢᠯᠴᠠᠵᠤ᠂

ᠰᠤᠷᠭᠠᠭᠤᠯᠢ ᠡᠬᠢᠯᠡᠬᠦ ᠪᠡᠯᠡᠳᠬᠡᠯ ᠤᠨ ᠪᠠᠶᠢᠳᠠᠯ᠂ ᠬᠡᠦᠬᠡᠳ ᠤᠳ ᠤᠨ ᠴᠡᠴᠡᠷᠯᠢᠭ ᠲᠤ ᠪᠠᠶᠢᠬᠤ ᠦᠶ᠎ᠠ ᠶᠢᠨ ᠠᠮᠢᠳᠤᠷᠠᠯ ᠣᠷᠣᠨ ᠰᠠᠭᠤᠴᠠ ᠪᠠ ᠠᠵᠢᠯᠯᠠᠭ᠎ᠠ ᠶᠢᠨ

ᠪᠠᠶᠢᠳᠠᠯ ᠢ ᠣᠶᠢᠯᠠᠭᠠᠵᠤ᠂ ᠬᠡᠦᠬᠡᠳ ᠤᠳ ᠤᠨ ᠰᠣᠨᠣᠰᠴᠤ ᠤᠢᠢᠯᠠᠭᠠᠬᠤ ᠦᠭᠡ ᠬᠡᠯᠡ ᠪᠠᠷ ᠤᠢᠢᠯᠠᠭᠠᠮᠵᠢᠳᠠᠢ ᠥᠯᠢᠭᠡᠷ ᠢ ᠶᠠᠷᠢᠵᠤ᠂ ᠬᠡᠦᠬᠡᠳ ᠤᠳ ᠢ ᠬᠥᠲᠥᠯᠥᠨ

ᠵᠢᠯᠣᠭᠤᠳᠴᠤ ᠪᠠᠶᠢᠭᠠᠳ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠬᠠᠮᠲᠤ ᠶᠢᠨ ᠲᠠᠨᠢᠯᠲᠠ ᠶᠢ ᠨᠢ ᠨᠡᠮᠡᠭᠳᠡᠭᠦᠯᠵᠦ᠂ ︽ᠭᠤᠷᠪᠠᠨ ᠰᠠᠯᠵᠤ ᠪᠣᠯᠤᠰᠢ ᠥᠬᠡᠶ︾ ᠦᠵᠡᠯ

ᠰᠠᠨᠠᠭ᠎ᠠ ᠶᠢ ᠪᠠᠲᠤ ᠪᠣᠶ ᠪᠣᠯᠭᠠᠬᠤ ᠬᠡᠷᠡᠭᠲᠡᠶ ᠭᠡᠵᠦ ᠵᠠᠬᠢᠪᠠ᠃

      ᠸᠠᠩ ᠯᠢ ᠰᠢᠶᠠ᠂ ᠰᠤᠷᠭᠠᠨ ᠬᠥᠮᠦᠵᠢᠯ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠠᠮᠤᠭ ᠤᠨ

ᠴᠢᠬᠤᠯᠠ ᠠᠷᠭ᠎ᠠ ᠵᠠᠮ ᠤᠨ ᠨᠢᠭᠡ ᠮᠥᠨ᠂ ᠰᠤᠷᠭᠠᠭᠤᠯᠢ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠬᠥᠮᠦᠵᠢᠯ ᠢ ᠥᠷᠨᠢᠭᠦᠯᠬᠦ

ᠭᠤᠣᠯ ᠵᠢᠭᠰᠠᠭᠠᠯ ᠤᠨ ᠭᠠᠵᠠᠷ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ

ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠠᠯᠠᠭᠤᠴᠤᠳ ᠪᠠᠭᠠᠴᠤᠳ ᠤᠨ ᠬᠥᠮᠦᠵᠢᠯ ᠠᠴᠠ ᠡᠬᠢᠯᠡᠨ ᠠᠳᠬᠤᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠰᠤᠷᠭᠠᠨ ᠬᠥᠮᠦᠵᠢᠯ ᠤᠨ ᠰᠢᠰᠲ᠋ᠧᠮ ᠳᠤ ᠨᠡᠩ ᠭᠦᠨᠵᠡᠭᠡᠢ ᠠᠭᠤᠰᠤᠯᠴᠠᠭᠤᠯᠵᠤ᠂ ᠴᠢᠳᠠᠪᠤᠷᠢᠲᠠᠨ ᠢ

ᠬᠥᠮᠦᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠰᠠᠭᠤᠷᠢ ᠦᠢᠯᠡᠳᠦᠯ ᠢ

ᠭᠦᠢᠴᠡᠳ ᠪᠠᠳᠠᠷᠠᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ

ᠬᠠᠮᠲᠤ ᠪᠠᠷ ᠲᠡᠷᠭᠡᠯᠰᠢᠭᠦᠯᠬᠦ︾ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠵᠠᠯᠠᠭᠤᠴᠤᠳ ᠪᠠᠭᠠᠴᠤᠳ

ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ

ᠬᠥᠭᠵᠢᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ

ᠲᠦᠭᠡᠮᠡᠯᠵᠢᠭᠦᠯᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ

ᠬᠡᠷᠡᠭᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ

ᠪᠠᠳᠠᠷᠠᠭᠤᠯᠬᠤ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ

ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠤᠨᠤᠯ ᠤᠨ ᠰᠤᠳᠤᠯᠭᠠᠨ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠨᠡᠶᠢᠳᠡᠮ

ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠬᠦᠴᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠶᠢᠩᠭᠤᠵᠢᠭᠰᠠᠨ ᠪᠠᠲᠤᠯᠠᠭ᠎ᠠ ᠶᠢᠨ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃

      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠥᠬᠡᠬᠤᠲᠠ ᠶᠢᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ

ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ