ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠵᠤ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠶ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2021/9/1

ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ
      ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 31 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 31 ᠤ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ ᠤᠨ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠢ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠪᠠ᠂ ᠭᠤᠣᠯ ᠵᠥᠪᠯᠡᠬᠦ ᠵᠦᠢᠯ ᠭᠡᠪᠡᠯ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠲᠥᠪ ᠬᠤᠷᠢᠶ᠎ᠠ ᠳᠤ ᠠᠵᠢᠯ ᠤᠨ ᠮᠡᠳᠡᠭᠦᠯᠦᠯᠲᠡ ᠬᠢᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ ᠭᠤᠣᠯᠳᠠᠯᠭ᠎ᠠ ᠲᠠᠢ ᠰᠤᠳᠤᠯᠤᠨ᠎ᠠ᠃ ᠬᠤᠷᠠᠯ ᠠᠴᠠ ︽ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃
      ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠢᠮᠠᠭᠲᠠ ᠡᠪ ᠬᠠᠮᠲᠤ ᠶᠣᠰᠣᠨ ᠤ ᠬᠦᠰᠡᠯᠡᠩ ᠪᠠ ᠨᠡᠶᠢᠭᠡᠮ ᠵᠢᠷᠤᠮ ᠤᠨ ᠢᠲᠡᠭᠡᠯ ᠪᠢᠰᠢᠷᠡᠯ ᠢᠶᠠᠨ ᠪᠠᠷᠢᠮᠲᠠᠯᠠᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ ᠣᠷᠣᠨ ᠤ ᠪᠠᠶᠠᠨ ᠬᠦᠴᠦᠷᠬᠡᠭ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠦᠯᠵᠡᠢ᠃ ᠵᠠᠭᠤᠨ ᠵᠢᠯ ᠤᠨ ᠲᠤᠷᠰᠢ᠂ ᠨᠠᠮ ᠠᠷᠠᠳ ᠲᠦᠮᠡᠨ ᠢ ᠤᠳᠤᠷᠢᠳᠤᠨ ᠴᠢᠰᠤ ᠤᠷᠤᠰᠬᠠᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠡᠢ︔ ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠠ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠡᠢ︔ ᠦᠵᠡᠯ ᠰᠠᠨᠠᠭ᠎ᠠ ᠪᠠᠨ ᠴᠢᠯᠥᠭᠡᠯᠡᠨ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠨᠡᠭᠡᠭᠡᠯᠳᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠤᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠡᠢ︔ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠡᠢ᠃ ᠨᠠᠮ ᠪᠣᠯᠤᠨ ᠠᠷᠠᠳ ᠲᠦᠮᠡᠨ ᠤ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠠᠤᠭ᠎ᠠ ᠰᠦᠷᠯᠢᠭ ᠲᠤᠤᠯᠢᠰ ᠢ ᠪᠢᠴᠢᠭᠯᠡᠪᠡ ᠭᠡᠵᠦ ᠦᠵᠡᠪᠡ᠃
      ᠬᠤᠷᠠᠯ ᠠᠴᠠ᠂ ᠲᠡᠦᠬᠡ ᠪᠠᠷ ᠲᠤᠯᠢ ᠪᠣᠯᠭᠠᠪᠠᠯ᠂ ᠮᠠᠨᠳᠤᠵᠤ ᠮᠥᠬᠦᠬᠦ ᠶᠢ ᠮᠡᠳᠡᠵᠦ ᠪᠣᠯᠤᠨ᠎ᠠ᠃ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠳ᠋ᠦᠩᠨᠡᠬᠦ ᠨᠢ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠦᠬᠡ ᠶᠢᠨ ᠨᠥᠬᠦᠴᠡᠯ ᠳᠣᠣᠷ᠎ᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ᠂ ᠰᠢᠨ᠎ᠡ ᠴᠠᠭ ᠣᠢᠶ᠎ᠠ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠪᠤᠯᠤᠨ᠎ᠠ᠂ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠡᠢ ᠪᠠᠶᠢᠬᠤ ᠤᠬᠠᠮᠰᠠᠷ ᠢᠶᠠᠨ ᠴᠢᠩᠭᠠᠳᠬᠠᠬᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠪᠦᠬᠦ ᠨᠠᠮ ᠤᠨ ᠠᠯᠬᠤᠮ ᠨᠢᠭᠡᠲᠡᠶ ᠤᠷᠤᠭᠰᠢᠯᠠᠬᠤ ᠶᠢ ᠪᠠᠲᠤᠯᠠᠬᠤ ᠬᠡᠷᠡᠭᠴᠡᠭᠡ ᠪᠤᠯᠤᠨ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠪᠦᠬᠦ ᠨᠠᠮ ᠤᠨ ᠲᠡᠮᠡᠴᠡᠯ ᠤᠨ ᠴᠢᠳᠠᠪᠤᠷᠢ ᠪᠣᠯᠤᠨ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢ ᠠᠬᠢᠭᠤᠯᠬᠤ ᠬᠡᠷᠡᠭᠴᠡᠭᠡ ᠪᠤᠯᠤᠨ᠎ᠠ᠃ ᠪᠦᠬᠦ ᠨᠠᠮ ᠢᠶᠠᠷ ᠢᠶᠠᠨ ᠲᠡᠦᠬᠡ ᠶᠢᠨ ᠪᠣᠳᠠᠰᠴᠢ ᠦᠵᠡᠯᠲᠡ ᠪᠠ ᠵᠥᠪ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢᠶᠠᠨ ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠪᠠᠨ ᠲᠣᠳᠣᠷᠬᠠᠢ ᠣᠶᠢᠯᠠᠭᠠᠬᠤ ᠶᠢᠨ ᠤᠯᠠᠮ ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠲᠤᠷ ᠪᠠᠷᠢᠮᠲᠠᠯᠠᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠤᠭ ᠰᠠᠨᠠᠭ᠎ᠠ ᠪᠠᠨ ᠦᠯᠦ ᠮᠠᠷᠲᠠᠪᠠᠯ ᠰᠠᠶ᠋ᠢ ᠲᠤᠭᠤᠰᠢᠳᠠᠢ ᠪᠠᠷᠢᠮᠲᠠᠯᠠᠵᠤ ᠴᠢᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠤᠭᠰᠠᠨ ᠶᠤᠮ᠂ ᠵᠠᠭᠤᠨ ᠵᠢᠯ ᠪᠣᠯ ᠶᠠᠭ ᠴᠤᠭ ᠪᠠᠳᠠᠷᠠᠩᠭᠤᠢ ᠴᠠᠭ ᠦᠶ᠎ᠡ ᠮᠥᠨ᠃ ᠥᠩᠭᠡᠷᠡᠭᠰᠡᠨ ᠵᠠᠭᠤᠨ ᠵᠢᠯ ᠳᠤ᠂ ᠨᠠᠮ ᠠᠴᠠ ᠠᠷᠠᠳ ᠲᠦᠮᠡᠨ᠂ ᠲᠡᠦᠬᠡᠨ ᠳᠤ ᠨᠢᠭᠡ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠤᠳᠤ᠂ ᠨᠠᠮ ᠠᠴᠠ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠵᠠᠮ ᠢᠶᠠᠷ ᠵᠠᠮᠨᠠᠵᠤ ᠡᠬᠢᠯᠡᠪᠡ᠃ ᠴᠠᠭ ᠦᠶ᠎ᠡ ᠪᠣᠯ ᠰᠡᠳᠦᠪ ᠭᠠᠷᠭᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ ᠠᠷᠠᠳ ᠲᠦᠮᠡᠨ ᠪᠣᠯ ᠰᠡᠳᠦᠪ ᠬᠢᠨᠠᠭᠴᠢ ᠮᠥᠨ᠂ ᠪᠢᠳᠡ ᠵᠠᠪᠠᠯ ᠦᠷᠭᠦᠯᠵᠢᠯᠡᠨ ᠰᠠᠶᠢᠨ ᠬᠢᠷᠢ ᠪᠦᠲᠦᠮᠵᠢ ᠣᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠦᠢᠯᠡᠰ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠤ ᠮᠡᠳᠡᠭᠳᠡᠮ᠎ᠡ ᠬᠤᠪᠢᠷᠠᠯᠲᠠ ᠭᠠᠷᠪᠠ᠃ ᠲᠣᠭᠤᠷᠢᠨ ᠪᠠᠶᠢᠴᠠᠭᠠᠯᠲᠠ ᠠᠴᠠ ᠦᠵᠡᠪᠡᠯ᠂ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠨᠠᠮ ᠤᠨ ᠲᠥᠪ ᠬᠤᠷᠢᠶ᠎ᠠ ᠠᠴᠠ ᠰᠢᠭᠤᠳ ᠬᠠᠮᠢᠶᠠᠷᠴᠤ ᠪᠠᠶᠢᠭ᠎ᠠ 31 ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠤᠬᠠᠮᠰᠠᠷ ᠳᠡᠭᠡᠭᠰᠢᠯᠡᠵᠦ᠂ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ ᠠᠵᠢᠯ ᠰᠢᠨ᠎ᠡ ᠦᠷ᠎ᠡ ᠪᠦᠲᠦᠮᠵᠢ ᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠪᠡ᠂ ᠭᠡᠪᠡᠴᠦ ᠪᠠᠰᠠ ᠵᠠᠷᠢᠮ ᠨᠡᠶᠢᠲᠡᠯᠢᠭ ᠴᠢᠨᠠᠷᠲᠠᠢ ᠠᠰᠠᠭᠤᠳᠠᠯ ᠪᠣᠯᠤᠨ ᠭᠦᠨ ᠳᠠᠪᠬᠤᠷᠭ᠎ᠠ ᠶᠢᠨ ᠠᠰᠠᠭᠤᠳᠠᠯ ᠢ ᠢᠯᠡᠷᠡᠭᠦᠯᠵᠦ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠲᠦᠷᠢᠮ ᠢ ᠬᠡᠷᠡᠭᠵᠢᠭᠦᠯᠬᠦ᠂ ᠨᠠᠮ ᠢ ᠴᠢᠩᠭ᠎ᠠ ᠬᠠᠮᠢᠶᠠᠷᠴᠤ ᠰᠤᠷᠭᠠᠭᠤᠯᠢ ᠶᠢ ᠴᠢᠩᠭ᠎ᠠ ᠵᠠᠰᠠᠬᠤ᠂ ᠤᠳᠤᠷᠢᠳᠬᠤ ᠪᠠᠭ ᠤᠨ ᠡᠩᠨᠡᠭᠡ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠲᠥᠪ ᠴᠢᠩᠭ᠎ᠠ ᠪᠠᠷ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠳᠦᠷ ᠲᠤᠲᠤᠮ ᠤᠨ ᠬᠢᠨᠠᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠨᠠᠮ ᠢ ᠬᠠᠮᠢᠶᠠᠷᠴᠤ ᠰᠤᠷᠭᠠᠭᠤᠯᠢ ᠶᠢ ᠵᠠᠰᠠᠬᠤ ᠬᠦᠴᠦᠲᠡᠶ ᠭᠠᠷᠳᠠᠴᠠ ᠪᠣᠯᠭᠠᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ᠂ ᠭᠤᠤᠯᠳᠠᠯᠭ᠎ᠠ ᠶᠢ ᠳᠣᠪᠤᠶᠢᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠪᠠᠷ ᠪᠦᠳᠦᠭᠡᠨ ᠪᠠᠶᠢᠭᠤᠯᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠪᠠᠷ ᠵᠠᠰᠠᠯᠲᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠤᠬᠠᠮᠰᠠᠷ ᠠᠴᠠ ᠪᠠᠨ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠵᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ ᠪᠠᠭᠰᠢ ᠶᠢᠨ ᠮᠤᠷᠠᠯ ᠪᠠᠭᠰᠢ ᠶᠢᠨ ᠰᠤᠷᠲᠠᠯ᠂ ᠰᠤᠷᠭᠠᠭᠤᠯᠢ ᠶᠢᠨ ᠰᠤᠷᠲᠠᠯ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠦᠴᠦᠯᠡᠨ ᠬᠥᠮᠦᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠠᠯᠢᠭ ᠠᠭᠤᠯᠤᠭᠳᠠᠬᠤᠨ ᠲᠠᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠬᠤᠷᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ᠂ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠴᠢᠩᠭ᠎ᠠ ᠠᠭᠤᠷ ᠠᠮᠢᠰᠬᠤᠯ ᠢ ᠪᠤᠢ ᠪᠤᠯᠭᠠᠵᠤ᠂ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠶᠢ ᠴᠢᠩᠭᠠᠳᠬᠠᠵᠤ᠂ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠰᠦᠷᠳᠡᠭᠦᠯᠵᠦ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ