ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠳᠠᠷᠢᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠤᠷᠢᠭᠯᠠᠬᠤ ᠬᠠᠮᠤᠭ ᠤᠨ ᠬᠢᠮᠳᠠ ᠪᠥᠭᠡᠳ ᠪᠦᠲᠦᠮᠵᠢᠲᠡᠶ ᠠᠷᠭ᠎ᠠ ᠮᠥᠨ᠃ ᠬᠥᠮᠦᠰ ᠤᠨ ᠡᠭᠡᠯᠢᠯᠡᠭᠡ ᠶᠢᠨ ᠬᠠᠯᠬᠠᠪᠴᠢ ᠶᠢ ᠲᠦᠷᠭᠡᠨ ᠪᠠᠶᠢᠭᠤᠯᠬᠤ ᠶᠢᠨ | ᠲᠥᠯᠥᠭᠡ᠂ ᠬᠢᠩᠭᠠᠨ ᠠᠶᠢᠮᠠᠭ ᠠᠷᠠᠳ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠬᠤ ᠪᠠᠨ ᠱᠠᠯᠠᠪᠳᠠᠭᠤᠯᠵᠠᠢ᠃ ᠰᠤᠷᠪᠤᠯᠵᠢᠯᠠᠭᠴᠢ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 8 ᠳ᠋ᠤᠭᠠᠷ ᠰᠠᠷ᠎ᠠ ᠶᠢᠨ 30 ᠤ ᠡᠳᠦᠷ ᠤᠨ 11 ᠴᠠᠭ ᠪᠣᠯᠲᠠᠯ᠎ᠠ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠨᠡᠶᠢᠲᠡ 213.0626 ᠲᠦᠮᠡ ᠭᠠᠷᠤᠢ ᠰᠢᠷᠬᠡᠭ ᠤᠳᠠᠭ᠎ᠠ ᠲᠠᠷᠢᠵᠤ᠂ ᠲᠠᠷᠢᠭᠤᠯᠤᠭᠰᠠᠨ | ᠬᠥᠮᠦᠨ ᠤ ᠲᠤᠭ᠎ᠠ 112.6998 ᠲᠦᠮᠡ ᠳᠤ ᠬᠦᠷᠴᠦ᠂ ᠡᠭᠦᠨ ᠳᠤ 97.5337 ᠲᠦᠮᠡᠨ ᠬᠥᠮᠦᠨ ᠨᠢᠭᠡᠨᠲᠡ ᠬᠤᠶᠠᠷ ᠤᠳᠠᠭ᠎ᠠ ᠲᠠᠷᠢᠭᠤᠯᠵᠤ᠂ 2.8291 | ᠲᠦᠮᠡᠨ ᠬᠥᠮᠦᠨ ᠨᠢᠭᠡᠨᠲᠡ ᠭᠤᠷᠪᠠᠨ ᠤᠳᠠᠭ᠎ᠠ ᠲᠠᠷᠢᠭᠤᠯᠪᠠ᠃ 18 ᠨᠠᠰᠤᠨ ᠠᠴᠠ ᠳᠡᠭᠡᠭᠰᠢᠬᠢ ᠬᠥᠮᠦᠰ ᠲᠤ ᠨᠢᠭᠡ ᠤᠳᠠᠭ᠎ᠠ ᠲᠠᠷᠢᠭᠰᠠᠨ ᠨᠣᠷᠮ᠎ᠠ 88.68% ᠶᠢ | ᠳᠠᠪᠠᠵᠠᠶ᠃ | ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠡᠨᠡ ᠵᠢᠯ ᠤᠨ 1 ᠳ᠋ᠦ᠋ᠭᠡᠷ ᠰᠠᠷ᠎ᠠ ᠠᠴᠠ ᠡᠬᠢᠯᠡᠨ ᠬᠠᠯᠳᠠᠪᠤᠷᠢᠯᠠᠬᠤ ᠪᠠ ᠳᠡᠯᠭᠡᠷᠡᠬᠦ ᠲᠦᠭᠰᠢᠭᠦᠷᠢ ᠶᠡᠬᠡᠲᠡᠶ | ᠭᠤᠤᠯᠳᠠᠯᠭ᠎ᠠ ᠲᠠᠢ ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠬᠤ ᠠᠵᠢᠯ ᠢ ᠥᠷᠨᠢᠭᠦᠯᠪᠡ᠃ 3 ᠳ᠋ᠤᠭᠠᠷ ᠰᠠᠷ᠎ᠠ ᠶᠢᠨ 16 ᠤ | ᠡᠳᠦᠷ ᠠᠴᠠ ᠡᠬᠢᠯᠡᠨ᠂ ᠡᠮᠦᠨᠡᠬᠢ ᠬᠤᠭᠤᠴᠠᠭᠠᠨ ᠤ ᠭᠤᠤᠯᠳᠠᠯᠭ᠎ᠠ ᠲᠠᠢ ᠬᠥᠮᠦᠰ ᠲᠤ ᠲᠠᠷᠢᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠠᠷᠢᠭᠤᠯᠬᠤ ᠬᠥᠮᠦᠰ ᠤᠨ | ᠬᠡᠪᠴᠢᠶ᠎ᠡ ᠶᠢ ᠪᠥᠬᠦ ᠲᠠᠯ᠎ᠠ ᠪᠠᠷ ᠥᠷᠭᠡᠳᠬᠡᠵᠦ᠂ 18 ᠨᠠᠰᠤᠨ ᠠᠴᠠ ᠳᠡᠭᠡᠭᠰᠢᠬᠢ ᠬᠥᠮᠦᠰ ᠲᠤ ︽ᠲᠠᠷᠢᠪᠠᠰᠤ ᠶᠣᠰᠣᠲᠠᠶ ᠳᠤ ᠨᠢ ᠴᠢᠳᠠᠬᠤ ᠶᠢᠨ ᠬᠢᠷᠢ ᠪᠠᠷ ᠲᠠᠷᠢᠬᠤ᠂ | ᠱᠠᠲᠤ ᠱᠠᠲᠤ ᠪᠠᠷ ᠠᠬᠢᠭᠤᠯᠬᠤ᠂ ᠭᠤᠤᠯᠳᠠᠯᠭ᠎ᠠ ᠶᠢ ᠳᠣᠪᠣᠶᠢᠯᠭᠠᠬᠤ᠂ ᠠᠮᠤᠷ ᠲᠦᠪᠰᠢᠨ ᠢ ᠪᠠᠲᠤᠯᠠᠬᠤ︾ ᠵᠠᠷᠴᠢᠮ ᠶᠣᠰᠣᠭᠠᠷ ᠰᠡᠷᠭᠡᠶᠢᠯᠡᠬᠦ ᠲᠠᠷᠢᠯᠭ᠎ᠠ ᠶᠢᠨ ᠠᠵᠢᠯ ᠢ | ᠠᠬᠢᠭᠤᠯᠪᠠ᠃ 6 ᠳ᠋ᠤᠭᠠᠷ ᠰᠠᠷ᠎ᠠ ᠶᠢᠨ 2 ᠤᠨ ᠡᠳᠦᠷ᠂ ᠪᠥᠬᠦ ᠠᠶᠢᠮᠠᠭ ᠤᠨ ᠨᠡᠶᠢᠲᠡ ᠮᠡᠳᠡᠭᠦᠯᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ 50 | ᠲᠦᠮᠡᠨ ᠰᠢᠷᠬᠡᠭ ᠤᠳᠠᠭ᠎ᠠ ᠶᠢ ᠳᠠᠪᠠᠵᠤ᠂ 7 ᠳ᠋ᠤᠭᠠᠷ ᠰᠠᠷ᠎ᠠ ᠶᠢᠨ 1 ᠤ ᠡᠳᠦᠷ 100 ᠲᠦᠮᠡᠨ ᠰᠢᠷᠬᠡᠭ ᠤᠳᠠᠭ᠎ᠠ ᠶᠢ ᠳᠠᠪᠠᠵᠤ᠂ 8 ᠳ᠋ᠤᠭᠠᠷ ᠰᠠᠷ᠎ᠠ ᠶᠢᠨ 23 ᠤ | ᠡᠳᠦᠷ 200 ᠲᠦᠮᠡᠨ ᠰᠢᠷᠬᠡᠭ ᠤᠳᠠᠭ᠎ᠠ ᠶᠢ ᠳᠠᠪᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠪᠥᠬᠦ ᠬᠥᠮᠦᠰ ᠲᠤ ᠲᠠᠷᠢᠭᠰᠠᠨ ᠨᠣᠷᠮ᠎ᠠ | ᠲᠣᠭᠲᠠᠭᠤᠨ ᠢᠶᠠᠷ ᠳᠡᠭᠡᠭᠰᠢᠯᠡᠪᠡ᠃ | ᠣᠳᠣᠬᠠᠨ ᠳᠤ᠂ ᠬᠢᠩᠭᠠᠨ ᠠᠶᠢᠮᠠᠭ ᠲᠠᠷᠢᠯᠭ᠎ᠠ ᠶᠢᠨ ᠠᠵᠢᠯ ᠢᠶᠠᠨ ᠮᠥᠨ ᠬᠦ ᠡᠮᠦᠨᠡᠬᠢ ᠱᠠᠲᠤᠨ ᠤ ᠵᠠᠭᠪᠤᠷ ᠢᠶᠠᠷ ᠦᠷᠭᠦᠯᠵᠢᠯᠡᠭᠦᠯᠵᠦ᠂ ᠸᠠᠺᠼᠢᠨ ᠲᠠᠷᠢᠭᠤᠯᠬᠤ | ᠴᠢᠬᠤᠯᠠᠲᠠᠶ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠮᠡᠳᠡᠭᠳᠡᠯ ᠶᠣᠰᠣᠭᠠᠷ ᠲᠣᠭᠲᠠᠭᠰᠠᠨ ᠭᠠᠵᠠᠷ᠂ ᠪᠣᠯᠵᠣᠭᠰᠠᠨ ᠴᠠᠭ ᠲᠤ ᠪᠠᠨ ᠲᠠᠷᠢᠭᠤᠯᠵᠤ ᠪᠠᠶᠢᠨ᠎ᠠ᠃ | ᠣᠳᠣᠬᠠᠨ ᠳᠤ᠂ ᠪᠥᠬᠦ ᠠᠶᠢᠮᠠᠭ ᠨᠡᠶᠢᠲᠡ 116 ᠡᠭᠡᠯᠢᠯᠡᠭᠡ ᠲᠠᠷᠢᠯᠭ᠎ᠠ ᠶᠢᠨ ᠡᠭᠦᠳᠡᠨ ᠡᠮᠨᠡᠯᠭᠡ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠲᠠᠷᠢᠯᠭ᠎ᠠ ᠶᠢᠨ ᠠᠵᠢᠯ ᠢ ᠥᠷᠨᠢᠭᠦᠯᠵᠦ ᠳᠡᠶᠢᠯᠬᠦ ᠪᠣᠯᠵᠤ᠂ ᠪᠥᠬᠦ ᠠᠶᠢᠮᠠᠭ ᠤᠨ ᠡᠳᠦᠷ ᠤᠨ ᠲᠠᠷᠢᠯᠭ᠎ᠠ ᠨᠢ ᠬᠠᠮᠤᠭ ᠤᠨ ᠶᠡᠭᠡ ᠳᠤ ᠪᠠᠨ 6.5 ᠲᠦᠮᠡᠨ ᠰᠢᠷᠬᠡᠭ | ᠤᠳᠠᠭ᠎ᠠ ᠳᠤ ᠬᠦᠷᠴᠦ ᠪᠤᠢ᠃ ᠡᠯ᠎ᠡ ᠭᠠᠵᠠᠷ ᠣᠨᠣᠪᠴᠢᠲᠠᠢ ᠪᠣᠯᠵᠣᠬᠤ ᠪᠠᠷ ᠳᠠᠮᠵᠢᠭᠤᠯᠤᠨ᠂ ᠲᠠᠷᠢᠯᠭ᠎ᠠ ᠶᠢᠨ ᠴᠠᠭ ᠢ ᠰᠢᠨᠵᠢᠯᠡᠬᠦ ᠤᠬᠠᠭᠠᠨᠴᠢ ᠪᠠᠷ᠂ ᠵᠦᠶ ᠵᠣᠬᠢᠰᠲᠠᠶ | ᠲᠣᠬᠢᠷᠠᠭᠤᠯᠵᠤ᠂ ᠲᠤᠬᠠᠶ ᠶᠢᠨ ᠲᠠᠯᠠᠪᠤᠷ ᠤᠨ ᠲᠠᠷᠢᠯᠭ᠎ᠠ ᠶᠢᠨ ᠶᠠᠪᠤᠴᠠ ᠶᠢ ᠰᠢᠯᠢᠳᠡᠭᠵᠢᠭᠦᠯᠦᠨ᠂ ᠬᠤᠲᠠ ᠶᠢᠨ ᠠᠷᠠᠳ ᠲᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠢ ᠲᠦᠷᠭᠡᠬᠡᠨ ᠲᠠᠷᠢᠬᠤ ᠪᠠᠷ ᠰᠢᠢᠳᠴᠦ ᠪᠠᠶᠢᠨ᠎ᠠ᠃ |