ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2021 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/1

      8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠾᠧᠪᠸᠢ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ︽ᠬᠤᠶᠠᠷ ᠶᠡᠬᠡᠲᠠᠢ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠠᠠᠯᠠᠬᠤ ᠲᠧᠯᠸᠢᠰ ᠤᠲᠠᠰᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠤᠴᠢᠷ ᠶᠠᠪᠤᠳᠠᠯ ᠢ ᠰᠤᠳᠤᠯᠤᠨ ᠶᠠᠷᠢᠯᠴᠠᠪᠠ᠃
      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠠᠭᠤᠯᠤᠭᠳᠠᠬᠤᠨ ᠡᠯᠪᠡᠭ ᠪᠠᠶᠠᠯᠢᠭ᠂ ᠱᠠᠭᠠᠷᠳᠠᠯᠭ᠎ᠠ ᠲᠣᠳᠣᠷᠬᠠᠢ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠤᠯᠤᠰ ᠲᠦᠷᠦᠴᠢ ᠴᠢᠨᠠᠷ᠂ ᠵᠢᠯᠣᠭᠤᠳᠬᠤ ᠴᠢᠨᠠᠷ ᠪᠣᠯᠤᠨ ᠴᠢᠭᠯᠡᠭᠦᠯᠦᠯᠳᠤ ᠴᠢᠨᠠᠷ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠤᠬᠠᠪᠦᠷᠢᠯᠠᠵᠤ᠂ ᠭᠦᠨᠵᠡᠭᠡᠢ ᠤᠢᠢᠯᠠᠭᠠᠨ ᠡᠵᠡᠮᠰᠢᠵᠦ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠢ ᠱᠦᠵᠢ ᠶᠢᠨ ᠴᠧᠩᠳᠧ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠵᠤ᠂ ︽ᠬᠤᠶᠠᠷ ᠰᠠᠭᠤᠷᠢᠨ︾᠂ ︽ᠬᠤᠶᠠᠷ ᠬᠠᠯᠬᠠᠪᠴᠢ︾ ᠪᠣᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠲᠡᠦᠬᠡ ᠶᠢᠨ ᠦᠯᠡᠳᠡᠭᠳᠡᠯ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡ ᠬᠦ ᠭᠤᠤᠯᠳᠠᠯᠭ᠎ᠠ ᠶᠢ ᠪᠠᠲᠤ ᠡᠵᠡᠮᠳᠡᠨ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠶ᠃ ᠬᠦᠴᠦᠲᠡᠶ ᠠᠷᠭ᠎ᠠ ᠬᠡᠮᠵᠢᠶ᠎ᠡ ᠠᠪᠴᠤ᠂ ᠬᠥᠮᠦᠨ ᠠᠮᠠ ᠶᠢᠨ ᠨᠠᠰᠤᠵᠢᠯᠲᠠ ᠶᠢᠨ ᠬᠠᠨᠳᠤᠰᠢ ᠶᠢ ᠢᠳᠡᠪᠬᠢᠲᠡᠶ ᠠᠷᠭᠠᠴᠠᠭᠠᠵᠤ᠂ ᠮᠠᠨ ᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠬᠢᠯᠭᠡ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠬᠤᠶᠠᠷ ᠶᠡᠬᠡᠲᠠᠢ︾ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠠᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠲᠠᠢ ᠨᠢᠭᠡᠳᠬᠡᠵᠦ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠪᠣᠳᠣᠯ ᠢᠶᠠᠨ ᠦᠨᠡᠨ ᠬᠦ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ︽ᠬᠤᠶᠠᠷ ᠶᠡᠬᠡᠲᠠᠢ︾ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠠᠠᠯᠠᠬᠤ ᠰᠦᠷ ᠬᠦᠴᠦᠳᠦ ᠪᠠᠶᠢᠳᠠᠯ ᠢᠶᠠᠨ ᠢᠮᠠᠭᠲᠠ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠣᠯᠠᠨ ᠨᠡᠶᠢᠲᠡ ᠶᠢᠨ ᠰᠣᠶᠣᠯ ᠤᠨ ᠬᠦᠷᠢᠶ᠎ᠡ ᠴᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠠ ᠴᠠᠷᠠᠭ᠎ᠠ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠵᠡᠷᠭᠡ ᠬᠤᠯᠪᠣᠭᠳᠠᠯ ᠪᠥᠬᠦᠶ ᠵᠦᠢᠯᠡᠰ ᠢ ᠰᠤᠳᠤᠯᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠲᠥᠰᠦᠪ ᠢ ᠵᠦᠶ ᠵᠣᠬᠢᠰᠲᠠᠶ ᠲᠣᠬᠢᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ