ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠤᠷᠠᠯᠳᠤᠪᠠ  ᠱᠢ ᠲᠠᠢ ᠹᠧᠩ ᠬᠤᠷᠠᠯ ᠢ ᠡᠷᠬᠢᠯᠡᠵᠦ  ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠰᠣᠩᠭᠤᠭᠳᠠᠵᠠᠢ
ᠨᠡᠶᠢᠲᠡᠯᠡᠭᠰᠡᠨ ᠴᠠᠭ᠄
2021/9/10
      9 ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠥᠬᠡᠬᠤᠲᠠ ᠳᠤ ᠬᠤᠷᠠᠯᠳᠤᠵᠤ᠂ ᠸᠠᠩ ᠯᠢ ᠰᠢᠶᠠ ᠶᠢ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠨᠥᠬᠦᠨ ᠰᠣᠩᠭᠤᠪᠠ᠃      ᠲᠤᠰ ᠡᠳᠦᠷ ᠤᠨ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠬᠢᠮ ᠬᠦᠷ ᠬᠥᠭᠵᠢᠶᠡᠨᠲᠡᠢ ᠪᠥᠭᠡᠳ ᠲᠥᠪ ᠶᠡᠬᠡᠮᠰᠥᠭ ᠪᠠᠶᠢᠵᠦ᠂ ᠲᠡᠷᠢᠭᠦᠯᠡᠭᠴᠢᠳ ᠤᠨ ᠲᠠᠶᠢᠰᠠᠨ ᠤ ᠠᠷᠤ ᠲᠠᠯ᠎ᠠ ᠳᠤ 10 ᠬᠤᠷᠴᠠ ᠤᠯᠠᠭᠠᠨ ᠲᠤᠭ ᠢᠶᠠᠷ ᠬᠦᠷᠢᠶᠡᠯᠡᠭᠳᠡᠭᠰᠡᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠲᠥᠪ ᠶᠡᠬᠡᠮᠰᠦᠭ ᠪᠥᠭᠡᠳ ᠠᠷᠢᠭᠤᠨ ᠲᠠᠷᠬᠠᠨ ᠬᠠᠷᠠᠭᠳᠠᠨ᠎ᠠ᠃

1.jpg

 

      9 ᠰᠠᠷ᠎ᠠ ᠶᠢᠨ 9 ᠤ ᠦᠳᠡ ᠶᠢᠨ ᠡᠮᠦᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠥᠬᠡᠬᠤᠲᠠ ᠳᠤ ᠬᠤᠷᠠᠯᠳᠤᠪᠠ᠃

      ᠶᠤᠸᠠᠨ ᠶᠦᠩ ᠬᠤᠩ ᠰᠡᠬᠦᠳᠡᠷᠯᠡᠪᠡ

      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠬᠦ ᠲᠡᠷᠢᠭᠦᠯᠡᠭᠴᠢ ᠱᠢ ᠲᠠᠢ ᠹᠧᠩ᠂ ᠨᠠᠰᠤᠨᠮᠦ᠋ᠡᠭᠭᠡ᠂ ᠸᠠᠩ

ᠪᠥᠸᠧ᠂ ᠯᠢᠶᠠᠨ ᠰᠤ᠋᠂ ᠵᠠᠩ ᠶᠤᠸᠠᠨ ᠵᠥᠩ᠂ ᠾᠧ ᠶᠠᠨ ᠯᠢᠩ᠂ ᠱᠢ ᠸᠧᠨ ᠰᠢᠤᠸᠠᠢ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢ ᠰᠢᠤ ᠯᠢᠩ᠂ ᠯᠢᠨ ᠱᠤᠤ ᠴᠦᠨ᠂ ᠯᠢᠦ ᠴᠢ ᠹᠠᠨ᠂ ᠮᠧᠩ ᠹᠠᠨ ᠯᠢ᠂ ᠶᠠᠩ ᠸᠧᠢ ᠳ᠋ᠦᠩ᠂

ᠵᠠᠩ ᠱᠤᠤ ᠴᠦᠨ᠂ ᠳ᠋ᠤᠸᠠᠨ ᡁᠢ ᠴᠢᠶᠠᠩ᠂ ᠳ᠋ᠢᠩ ᠰᠢᠤ ᠹᠧᠩ᠂ ᠮᠧᠩ ᠰᠢᠶᠠᠨ ᠳ᠋ᠦᠩ ᠪᠤᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ

ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ᠃

      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠣᠲᠣ

534 ᠬᠦᠮᠦᠨ ᠪᠤᠢ᠂ 511 ᠲᠥᠯᠥᠭᠡᠯᠡᠭᠴᠢ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃

2.jpg

 

      9 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃

      ᠶᠤᠸᠠᠨ ᠶᠦᠩ ᠬᠤᠩ ᠰᠡᠬᠦᠳᠡᠷᠯᠡᠪᠡ

      ᠶᠡᠭᠡ ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠬᠦ ᠲᠡᠷᠢᠭᠦᠯᠡᠭᠴᠢ ᠱᠢ ᠲᠠᠢ ᠹᠧᠩ ᠡᠷᠬᠢᠯᠡᠪᠡ᠃

      ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠪᠡ᠃ ᠱᠢ ᠲᠠᠢ ᠹᠧᠩ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠳᠠᠷᠠᠭ᠎ᠠ ᠨᠢ

ᠪᠦᠭᠦᠳᠡᠭᠡᠷ ᠢᠶᠠᠨ ᠪᠣᠰᠴᠤ ᠵᠣᠭᠰᠣᠵᠠᠭᠠᠵᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠲᠠᠯᠠᠪᠠᠢ ᠳᠠᠶᠠᠭᠠᠷ ᠴᠤᠤᠷᠢᠶᠠᠲᠤᠪᠠ᠃

      ᠠᠩᠬᠠᠲᠤᠭᠠᠷ ᠤᠳᠠᠭ᠎ᠠ ᠶᠢᠨ ᠪᠥᠬᠦᠳᠡ ᠬᠤᠷᠠᠯ ᠳᠡᠭᠡᠷ᠎ᠡ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠢᠶᠠᠨ ᠰᠥ᠋ ︽ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ

ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠦᠯ︶︾ ᠶᠢᠨ ᠲᠤᠬᠠᠶ ᠲᠣᠳᠣᠷᠬᠠᠶᠢᠯᠠᠯᠲᠠ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ

ᠪᠠᠲᠤᠯᠠᠪᠠ᠃

      ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠨᠠᠰᠤᠨᠮᠦ᠋ᠡᠭᠭᠡ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠨᠥᠬᠦᠨ ᠰᠣᠩᠭᠤᠬᠤ

ᠵᠢᠱᠢᠭᠳᠡᠭᠴᠢ ᠶᠢᠨ ᠲᠤᠬᠠᠶ ᠲᠣᠳᠣᠷᠬᠠᠶᠢᠯᠠᠯᠲᠠ ᠬᠢᠪᠠ᠃

      ᠦᠳᠡ ᠶᠢᠨ ᠬᠤᠶᠢᠨᠠᠬᠢ 4 ᠴᠠᠭ 30 ᠮᠢᠨᠦ᠋ᠲ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠵᠦ᠂ ᠶᠡᠷᠦᠩᠬᠡᠶ ᠪᠢᠯᠧᠲ ᠬᠢᠨᠠᠭᠴᠢ᠂

ᠳᠡᠳ᠋ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ ᠶᠡᠭᠡ ᠬᠤᠷᠠᠯ ᠤᠨ ᠰᠣᠩᠭᠤᠭᠤᠯᠢ ᠬᠢᠪᠠ᠃ ᠸᠠᠩ ᠯᠢ ᠰᠢᠶᠠ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠰᠣᠩᠭᠤᠭᠳᠠᠪᠠ᠃

      ᠸᠠᠩ ᠯᠢ ᠰᠢᠶᠠ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠬᠯᠠᠪᠠ᠃

3.jpg

 

      9 ᠰᠠᠷ᠎ᠠ ᠶᠢᠨ 9 ᠤ ᠡᠳᠦᠷ᠂ ᠰᠢᠨ᠎ᠠ ᠪᠠᠷ ᠰᠣᠩᠭᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ

ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠲᠡᠭᠡᠷ᠎ᠠ ᠶᠠᠷᠢᠶ᠎ᠠ ᠲᠠᠯᠪᠢᠪᠠ᠃

      ᠶᠤᠸᠠᠨ ᠶᠦᠩ ᠬᠤᠩ ᠰᠡᠬᠦᠳᠡᠷᠯᠡᠪᠡ

      ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠰᠣᠩᠭᠤᠭᠳᠠᠭᠰᠠᠨ ᠤ ᠳᠠᠷᠠᠭ᠎ᠠ᠂ ᠸᠠᠩ ᠯᠢ ᠰᠢᠶᠠ ᠶᠠᠷᠢᠶ᠎ᠠ ᠲᠠᠯᠪᠢᠪᠠ᠃ ᠲᠡᠷᠡ᠂ ᠲᠥᠯᠥᠭᠡᠯᠡᠭᠴᠢᠳ

ᠨᠠᠮ᠎ᠠ ᠶᠢ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠰᠣᠩᠭᠤᠪᠠ᠂ ᠡᠨᠡ ᠪᠣᠯ ᠨᠠᠮ᠎ᠠ ᠶᠢ ᠲᠦᠢᠯ ᠢᠶᠠᠷ ᠢᠲᠡᠭᠡᠵᠦ ᠪᠠᠶᠢᠭ᠎ᠠ ᠶᠠᠪᠤᠳᠠᠯ ᠮᠥᠨ᠂ ᠮᠢᠨᠦ

ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠭᠡ ᠭᠡᠷᠡᠯᠲᠡᠢ ᠪᠠᠶᠢᠬᠤ ᠶᠢ ᠬᠥᠨ ᠮᠡᠳᠡᠷᠡᠵᠦ ᠪᠠᠶᠢᠨ᠎ᠠ᠃ ᠪᠢ ᠯᠠᠪᠲᠠᠢ ᠢᠲᠡᠭᠡᠯ ᠪᠢᠰᠢᠷᠡᠯ ᠢ ᠬᠠᠷᠢᠭᠤᠴᠠᠯᠭ᠎ᠠ ᠪᠤᠯᠭᠠᠨ᠂

ᠬᠠᠷᠢᠭᠤᠴᠠᠯᠭ᠎ᠠ ᠪᠠᠨ ᠡᠭᠦᠷᠭᠡ ᠪᠤᠯᠭᠠᠵᠦ᠂ ᠡᠭᠦᠷᠭᠡ ᠬᠠᠷᠢᠭᠤᠴᠠᠯᠭ᠎ᠠ ᠪᠠᠨ ᠠᠮᠢ ᠨᠠᠰᠤ ᠲᠠᠢ ᠪᠠᠨ ᠠᠲᠠᠯᠢ ᠦᠵᠡᠵᠦ᠂ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ

ᠦᠨᠡᠨᠴᠢ ᠰᠢᠳᠤᠷᠭᠤ᠂ ᠪᠣᠳᠠᠲᠠᠢ ᠶᠢ ᠴᠢᠬᠤᠯᠠᠴᠢᠯᠠᠬᠤ᠂ ᠦᠨᠡᠨ ᠠᠴᠠ ᠵᠥᠪ ᠢ ᠡᠷᠢᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯᠯᠠᠬᠤ᠂

ᠵᠠᠷᠴᠢᠮ ᠢ ᠪᠠᠷᠢᠮᠲᠠᠯᠠᠬᠤ᠂ ᠵᠣᠷᠢᠭᠲᠠᠢ ᠲᠡᠮᠡᠴᠡᠬᠦ᠂ ᠶᠣᠰᠣ ᠲᠦᠷᠢᠮ ᠢ ᠴᠢᠩᠭ᠎ᠠ ᠰᠠᠬᠢᠬᠤ ᠶᠢ ᠡᠷᠡᠰ ᠪᠡᠶᠡᠯᠡᠭᠦᠯᠵᠦ᠂ ᠬᠤᠷᠢᠭ᠎ᠠ ᠱᠤᠭᠤᠮ ᠢ ᠳᠠᠪᠠᠭ᠋ᠤ ᠦᠭᠡᠢ᠂ ᠨᠠᠮ

ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠦ ᠬᠡᠯᠡᠪᠡ᠃

      ᠸᠠᠩ ᠯᠢ ᠰᠢᠶᠠ᠂ ᠪᠢ ︽ᠬᠤᠶᠠᠷ ᠢ ᠬᠠᠮᠠᠭᠠᠯᠠᠬᠤ︾ ᠦᠨᠡᠨᠴᠢ ᠰᠡᠳᠬᠢᠯ ᠢᠶᠠᠨ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ︽ᠬᠤᠶᠠᠷ ᠶᠡᠭᠡ ᠲᠠᠯ᠎ᠠ︾ ᠶᠢ

ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠤᠳᠤᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ

ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂       

︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠬᠢᠴᠢᠶᠠᠩᠭᠦ᠋ᠢᠯᠠᠨ ᠬᠠᠮᠠᠭᠠᠯᠠᠨ᠎ᠠ᠃ ᠬᠥᠭᠵᠢᠯᠲᠡ ᠶᠢ ᠬᠦᠴᠦᠲᠡᠶ ᠠᠳᠬᠤᠬᠤ

ᠡᠷᠴᠢ ᠵᠣᠷᠢᠭ ᠢᠶᠠᠨ ᠭᠤᠶᠢᠪᠢᠰᠢ ᠥᠬᠡᠶ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠳᠠᠷᠬᠠᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠰᠢᠨ᠎ᠡ ᠬᠥᠭᠵᠢᠯᠲᠡ ᠶᠢᠨ

ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ

ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ︽ᠬᠤᠶᠠᠷ ᠬᠠᠯᠬᠠᠪᠴᠢ︾᠂       

︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ ᠦᠨᠡᠨ ᠬᠦ ᠥᠪᠥᠷ ᠮᠣᠩᠭᠤᠯ ᠤᠨ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ

ᠪᠣᠯᠭᠠᠨ᠎ᠡ᠃ ᠠᠷᠠᠳ ᠲᠦᠮᠡᠨ ᠤ ᠲᠥᠯᠥᠭᠡ ᠴᠢᠩ ᠦᠨᠡᠨᠴᠢ ᠪᠠᠷ ᠵᠢᠳᠬᠦᠬᠦ ᠤᠭ ᠰᠠᠨᠠᠭ᠎ᠠ ᠪᠠᠨ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠲᠦᠮᠡᠨ ᠢᠶᠠᠷ ︽ᠦᠨᠳᠦᠰᠦ︾

ᠪᠣᠯᠭᠠᠵᠤ᠂ ᠠᠷᠠᠳ ᠲᠦᠮᠡᠨ ᠢ ︽ᠪᠠᠭᠰᠢ︾ ᠪᠠᠷᠢᠵᠦ᠂ ᠠᠷᠠᠳ ᠲᠦᠮᠡᠨ ᠢᠶᠠᠷ ︽ᠲᠣᠯᠢ︾ ᠪᠣᠯᠭᠠᠵᠤ᠂ ᠦᠨᠳᠦᠰᠦᠨ ᠱᠠᠳᠤᠨ ᠳᠤ ᠠᠩᠬᠠᠷᠤᠯ ᠢᠶᠠᠨ ᠲᠦᠪᠯᠡᠷᠡᠬᠦᠯᠦᠨ᠂

ᠦᠨᠲᠦᠰᠤᠨ ᠱᠠᠲᠤᠨ ᠳᠤ ᠬᠦᠨᠵᠡᠭᠡᠶᠢᠷᠡᠵᠦ᠂ ᠠᠷᠠᠳ ᠲᠦᠮᠡᠨ ᠲᠠᠢ ᠦᠨᠡᠨ ᠬᠦ ᠬᠠᠮᠲᠤ ᠵᠣᠭᠰᠣᠵᠤ᠂ ᠬᠠᠮᠲᠤ ᠰᠡᠳᠬᠢᠵᠦ᠂ ᠬᠠᠮᠲᠤ ᠠᠵᠢᠯᠯᠠᠨ᠎ᠡ᠃ ᠬᠠᠤᠯᠢ ᠪᠠᠷ

ᠵᠠᠰᠠᠭ ᠶᠠᠪᠤᠭᠤᠯᠬᠤ ᠭᠤᠤᠯᠴᠢ ᠰᠡᠳᠬᠢᠯ ᠢ ᠭᠤᠶᠢᠪᠢᠰᠢ ᠦᠭᠡᠢ ᠪᠠᠷᠢᠮᠲᠠᠯᠠᠵᠤ᠂ ᠪᠡᠶ᠎ᠡ ᠪᠠᠷ ᠢᠶᠠᠨ ᠲᠦᠷᠦᠭᠦᠯᠡᠨ ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂

ᠬᠠᠤᠯᠢᠵᠢᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ

ᠴᠡᠪᠡᠷᠰᠢᠬᠦᠯᠬᠦ ᠪᠦᠬᠦᠯᠢ ᠴᠣᠭᠴᠠ ᠶᠢᠨ ᠪᠤᠭᠤᠮᠳᠠ ᠰᠢᠪᠳᠤᠯᠬᠤ ᠲᠠᠶᠢᠯᠠᠯᠲᠤᠭᠠᠨ ᠢ ᠰᠠᠶᠢᠲᠤᠷ ᠬᠢᠬᠦ ᠶᠢ ᠪᠦᠬᠦ ᠬᠦᠴᠦ ᠪᠠᠷ ᠢᠶᠠᠨ ᠠᠬᠢᠭᠤᠯᠵᠤ᠂ ᠠᠷᠠᠳ ᠲᠦᠮᠡᠨ ᠳᠤ

ᠬᠦᠷᠢᠶᠡᠯᠡᠯᠲᠠᠢ ᠬᠠᠤᠯᠢᠵᠢᠯ ᠤᠨ ᠵᠠᠰᠠᠭ ᠤᠨ ᠣᠷᠳᠣᠨ᠂ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠬᠤ ᠪᠠᠷ ᠴᠦᠬᠦᠷᠡᠰᠢ ᠦᠭᠡᠢ ᠴᠢᠷᠮᠠᠶᠢᠨ᠎ᠠ᠃ ᠪᠡᠶ᠎ᠡ ᠪᠠᠨ

ᠴᠢᠩᠭ᠎ᠠ ᠱᠠᠭᠠᠷᠳᠠᠬᠤ ᠤᠭ ᠰᠠᠨᠠᠭ᠎ᠠ ᠪᠠᠨ ᠭᠤᠶᠢᠪᠢᠰᠢ ᠦᠭᠡᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ᠂ ᠠᠷᠢᠭᠤᠨ ᠴᠢᠬᠡᠴᠢ ᠪᠠᠷ ᠪᠡᠶ᠎ᠡ ᠪᠠᠨ

ᠵᠠᠰᠠᠬᠤ᠂ ᠠᠷᠢᠭᠤᠨ ᠴᠢᠬᠡᠴᠢ ᠪᠠᠷ ᠭᠡᠷ ᠢᠶᠠᠨ ᠳᠣᠳᠣᠮᠳᠠᠬᠤ ᠶᠢ ᠵᠠᠰᠠᠭ ᠤᠨ ᠠᠵᠢᠯ ᠡᠷᠬᠢᠯᠡᠬᠦ ᠶᠢᠨ ᠢᠶᠠᠨ ᠵᠠᠪᠠᠯ ᠰᠤᠷᠬᠤ ᠬᠢᠴᠢᠶᠡᠯ ᠪᠤᠯᠭᠠᠵᠦ᠂ ᠵᠠᠰᠠᠬ

ᠶᠠᠪᠤᠭᠤᠯᠬᠤ ᠶᠢᠨ ᠢᠶᠠᠨ ᠪᠠᠶᠢᠡᠭᠭᠤ ᠰᠤᠷᠬᠤ ᠬᠢᠴᠢᠶᠡᠯ ᠪᠣᠯᠭᠠᠵᠤ᠂ ᠨᠠᠷᠢᠨ ᠬᠢᠨᠠᠮᠠᠭᠠᠢ ᠬᠢᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠦᠬᠦ ᠬᠦᠴᠦᠨ ᠢᠶᠠᠨ

ᠰᠢᠪᠬᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠥᠭᠵᠢᠯᠲᠡ ᠶᠢ ᠪᠣᠳᠣᠯᠬᠢᠯᠠᠵᠤ᠂ ᠨᠢᠭᠡ ᠰᠡᠳᠬᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠠᠰᠠᠭ ᠤᠨ

ᠣᠷᠳᠣᠨ ᠤ ᠡᠯ᠎ᠡ ᠲᠥᠷᠥᠯ ᠤᠨ ᠠᠵᠢᠯ ᠢ ᠨᠠᠩ ᠳᠦᠷᠢᠮᠵᠢᠭᠰᠡᠨ᠂ ᠨᠠᠩ ᠦᠷ᠎ᠡ ᠪᠦᠲᠦᠮᠵᠢᠲᠡᠢ᠂ ᠨᠠᠩ ᠠᠮᠵᠢᠯᠲᠠ ᠲᠠᠢ ᠪᠤᠯᠭᠠᠨ᠎ᠠ ᠭᠡᠵᠤ ᠬᠡᠯᠡᠪᠡ᠃

      ᠸᠠᠩ ᠯᠢ ᠰᠢᠶᠠ᠂ ᠰᠢᠨ᠎ᠡ ᠠᠶᠠᠨ ᠳᠠᠭᠠᠨ ᠪᠢ ᠶᠡᠷᠦᠩᠬᠡᠢ ᠱᠦᠵᠢ ᠰᠢ ᠶᠢᠨ ᠫᠢᠩ ᠤᠨ ᠵᠢᠷᠤᠭᠯᠠᠭᠰᠠᠨ ᠠᠤᠭ᠎ᠠ ᠲᠥᠰᠦᠪ ᠢ ᠡᠷᠡᠰ ᠭᠤᠶᠢᠪᠢᠰᠢ ᠦᠭᠡᠢ

ᠵᠢᠷᠤᠮᠯᠠᠵᠤ᠂ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂

ᠵᠠᠰᠠᠭ ᠤᠨ ᠣᠷᠳᠣᠨ ᠤ ᠤᠳᠤᠷᠢᠳᠬᠤ ᠪᠠᠭ ᠲᠠᠢ ᠪᠠᠨ ᠪᠦᠯᠬᠦᠮᠳᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ ᠬᠠᠮᠲᠤ ᠪᠠᠷ᠂ ᠨᠠᠮ

ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠨᠠᠮ ᠪᠣᠯᠤᠨ

ᠠᠷᠠᠳ ᠲᠦᠮᠡᠨ ᠤ ᠲᠥᠯᠥᠭᠡ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠨ᠎ᠠ ᠭᠡᠵᠦ ᠬᠡᠯᠡᠪᠡ᠃

      ᠡᠯ᠎ᠡ ᠵᠦᠢᠯ ᠤᠨ ᠵᠥᠪᠯᠡᠬᠦ ᠵᠦᠢᠯ ᠢ ᠳᠠᠭᠤᠰᠬᠠᠭᠰᠠᠨ ᠤ ᠳᠠᠷᠠᠭ᠎ᠠ᠂ ᠱᠢ ᠲᠠᠢ ᠹᠧᠩ ᠶᠠᠷᠢᠶ᠎ᠠ ᠲᠠᠯᠪᠢᠪᠠ᠃ ᠲᠡᠷᠡ᠂ ᠬᠤᠷᠠᠯ ᠤᠨ ᠬᠤᠭᠤᠴᠠᠭᠠᠨ ᠳᠤ ᠪᠥᠬᠦ

ᠲᠥᠯᠥᠭᠡᠯᠡᠭᠴᠢᠳ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠠᠤᠯᠢ ᠶᠣᠰᠣᠭᠠᠷ

ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠶᠡᠭᠡ ᠬᠤᠷᠠᠯ ᠠᠴᠠ ᠲᠣᠭᠲᠠᠭᠠᠭᠰᠠᠨ ᠰᠣᠩᠭᠤᠭᠤᠯᠢ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂

ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠤᠯᠤᠰ ᠲᠥᠷᠥ ᠶᠢᠨ ᠤᠬᠠᠮᠰᠠᠷ ᠢ

ᠭᠦᠢᠴᠡᠳ ᠢᠯᠡᠷᠡᠭᠦᠯᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠭᠦᠢᠴᠡᠳ ᠲᠤᠰᠬᠠᠪᠠ᠃ ᠸᠠᠩ ᠯᠢ

ᠰᠢᠶᠠ ᠨᠥᠬᠦᠷ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠵᠠᠰᠠᠭ ᠤᠨ

ᠣᠷᠳᠣᠨ ᠤ ᠤᠳᠤᠷᠢᠳᠬᠤ ᠪᠠᠭ ᠢᠶᠠᠨ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ

ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠭᠰᠠᠨ

ᠬᠥᠭᠵᠢᠯᠲᠡ ᠶᠢᠨ ᠰᠡᠳᠬᠢᠴᠡ ᠪᠠ ᠭᠤᠣᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ

ᠭᠦᠢᠴᠡᠳᠬᠡᠵᠦ᠂ ᠠᠷᠢᠭᠤᠨ ᠴᠢᠬᠡᠴᠢ ᠪᠠᠷ ᠠᠯᠪᠠᠨ ᠳᠤ ᠦᠢᠯᠡᠴᠢᠯᠡᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠪᠦᠬᠦ ᠲᠠᠯ᠎ᠠ ᠪᠠᠷ ᠭᠦᠢᠴᠡᠳᠬᠡᠵᠦ᠂ ᠪᠦᠬᠦ

ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ

ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠩ ᠢᠯᠡᠭᠦᠦ ᠬᠦᠴᠦᠯᠡᠨ ᠴᠢᠷᠮᠠᠶᠢᠵᠤ ᠪᠠᠶᠢᠭᠠᠳ ᠵᠠᠰᠠᠭ ᠤᠨ ᠣᠷᠳᠣᠨ ᠤ ᠡᠯ᠎ᠡ ᠵᠦᠢᠯ ᠤᠨ

ᠠᠵᠢᠯ ᠢᠶᠠᠨ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃

      ᠱᠢ ᠲᠠᠢ ᠹᠧᠩ᠂ ᠰᠢᠨ᠎ᠡ ᠠᠶᠠᠨ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠣᠯ ᠣᠷᠣᠨ ᠳᠠᠶᠠᠭᠠᠷ ᠢᠶᠠᠨ

ᠡᠷᠬᠡᠪᠰᠢ ᠡᠭᠦᠷᠭᠡᠯᠡᠬᠦ ᠲᠡᠦᠬᠡᠲᠦ ᠡᠭᠦᠷᠭᠡ ᠮᠥᠨ᠃ ᠪᠢᠳᠡ ᠵᠠᠪᠠᠯ ᠪᠠᠲᠤ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ

ᠪᠤᠳᠤᠯ ᠢᠶᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠪᠥᠷ ᠮᠣᠩᠭᠤᠯ ᠤᠨ ᠥᠭᠡᠷᠡᠴᠢᠯᠡᠯᠲᠡ ᠨᠡᠭᠡᠭᠡᠯᠲᠡ ᠪᠣᠯᠤᠨ

ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠤᠷᠤᠬᠰᠢ ᠠᠬᠢᠭᠤᠯᠬᠤ ᠬᠡᠷᠡᠭᠲᠡᠶ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ

ᠡᠷᠬᠢᠮᠯᠡᠵᠦ᠂ ︽ᠬᠤᠶᠠᠷ ᠶᠡᠭᠡ ᠲᠠᠯ᠎ᠠ︾ ᠶᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠤᠳᠤᠵᠤ᠂ ᠤᠯᠤᠰ

ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠥᠬᠡᠶ

ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠳᠤᠷ

ᠣᠶᠢᠯᠠᠭᠠᠵᠤ ᠲᠤᠭᠤᠷᠠᠳᠠᠯ᠎ᠡ ᠮᠡᠳᠡᠵᠤ ᠪᠤᠳᠠᠳᠠᠢ ᠬᠢᠬᠦ ᠳᠡᠭᠡᠷ᠎ᠡ ᠦᠷᠭᠦᠯᠵᠢᠯᠡᠨ ᠬᠦᠴᠦ ᠤᠷᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ

ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠦᠷᠭᠦᠯᠵᠢᠯᠡᠨ

ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠥᠪᠥᠷ

ᠮᠣᠩᠭᠤᠯ ᠳᠤ ᠪᠣᠳᠠᠲᠠᠶ ᠳᠤ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ

ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠭᠡᠷᠡᠭᠳᠠᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ

ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ

ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠳᠤᠷ ᠵᠠᠮᠨᠠᠬᠤ ᠶᠢᠨ ᠲᠤᠭᠤᠷᠢᠨ ᠳᠤ᠂ ᠨᠠᠩ ᠶᠡᠭᠡ ᠡᠷᠴᠢᠮ ᠢᠶᠠᠷ᠂ ᠨᠠᠩ ᠪᠣᠳᠠᠲᠠᠶ ᠠᠷᠭ᠎ᠠ ᠬᠡᠮᠵᠢᠶ᠎ᠡ ᠠᠪᠴᠤ ︽ᠬᠤᠶᠠᠷ

ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢ ᠲᠦᠷᠭᠡᠳᠬᠡᠨ ᠪᠠᠶᠢᠭᠤᠯᠵᠤ᠂ ᠠᠵᠤ ᠠᠬᠤᠢ ᠶᠢᠨ ᠡᠷᠬᠢᠯᠳᠠ ᠶᠢ ᠲᠣᠭᠲᠠᠭᠤᠨ

ᠪᠠᠶᠢᠯᠭᠠᠬᠤ ᠶᠢ ᠬᠦᠴᠦᠯᠡᠨ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ︽ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠡᠷᠡᠭᠵᠢᠭᠦᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ

ᠴᠢᠩᠭᠠᠳᠬᠠᠵᠤ᠂ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢᠨ ᠤᠷᠬᠢᠯ ᠬᠡᠮᠵᠢᠭᠳᠡᠯ ᠳᠤ ᠬᠦᠷᠬᠦ ᠪᠠ ᠨᠡᠬᠦᠷᠡᠰᠦᠳᠦ᠋ᠷᠦᠭᠴᠢ ᠶᠢ ᠰᠠᠭᠠᠷᠮᠠᠬᠵᠢᠭᠤᠯᠬᠤ︾ ᠶᠢᠨ

ᠡᠭᠦᠷᠭᠡ ᠶᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠤ᠂

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠠᠬᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ

ᠰᠠᠶᠢᠵᠢᠷᠠᠭᠤᠯᠤᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ

ᠠᠬᠢᠭᠤᠯᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ

ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠤ

ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠤᠨ ᠬᠥᠮᠦᠵᠢᠯ ᠢ

ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠦᠨᠳᠦᠰᠦᠲᠡᠨ ᠤ ᠬᠡᠷᠡᠭ

ᠶᠠᠪᠤᠳᠠᠯ ᠢ ᠵᠠᠰᠠᠬᠤ ᠰᠢᠰᠲ᠋ᠧᠮ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠦᠨᠳᠦᠰᠦᠲᠡᠨ ᠤ

ᠬᠦᠷᠢᠶᠡᠨ ᠳᠠᠬᠢ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠡᠷᠡᠰ ᠰᠡᠷᠭᠡᠶᠢᠯᠡᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ

ᠳᠠᠪᠰᠢᠯᠲᠠ ᠶᠢᠨ ᠦᠢᠯᠡᠰ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠶᠠᠨ ᠠᠴᠠ

ᠡᠷᠡᠮᠡᠬᠡᠶᠢᠯᠡᠨ ᠲᠠᠪᠰᠢᠬᠤ ᠬᠦᠴᠦᠨ ᠴᠢᠳᠠᠯ ᠣᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠨ

ᠪᠣᠳᠠᠲᠠᠢ ᠠᠵᠢᠯᠯᠠᠬᠤ ᠰᠤᠷᠲᠠᠯ ᠢ ᠶᠡᠭᠡ ᠪᠠᠷ ᠰᠠᠨᠠᠭᠠᠴᠢᠯᠠᠵᠤ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ

ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠳᠤ ᠠᠩᠬᠠᠷᠤᠯ ᠲᠦᠪᠯᠡᠷᠡᠬᠦᠯᠦᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ

ᠵᠦᠢᠯ ᠤᠨ ᠠᠵᠢᠯ ᠢᠶᠠᠨ ᠨᠠᠷᠢᠯᠢᠭ ᠪᠣᠳᠠᠲᠠᠢ ᠬᠢᠵᠦ᠂ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ᠂ ᠲᠡᠦᠬᠡᠨ ᠳᠤ ᠣᠰᠣᠯᠳᠠᠬᠤ

ᠦᠭᠡᠢ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃

      ᠱᠢ ᠲᠠᠢ ᠹᠧᠩ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂

ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠠᠵᠤ ᠠᠬᠤᠶ ᠴᠢᠨᠠᠷ ᠰᠠᠶᠢᠲᠠᠶ ᠬᠥᠭᠵᠢᠭᠰᠡᠨ᠂ ᠠᠮᠢ ᠠᠬᠤᠶ ᠣᠷᠴᠢᠨ ᠲᠣᠭᠤᠷᠢᠨ ᠢ

ᠥᠨᠳᠥᠷ ᠲᠦᠪᠰᠢᠨ ᠲᠠᠢ ᠬᠠᠮᠠᠭᠠᠯᠠᠭᠰᠠᠨ᠂ ᠠᠷᠠᠳ ᠣᠯᠠᠨ ᠴᠢᠨᠠᠷ ᠰᠠᠶᠢᠲᠠᠶ ᠠᠮᠢᠳᠤᠷᠠᠯ ᠡᠳ᠋ᠯᠡᠭᠰᠡᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ

ᠥᠨᠳᠥᠷ ᠪᠦᠲᠦᠮᠵᠢᠲᠡᠶ ᠵᠠᠰᠠᠬᠰᠠᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ

ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠦ ᠬᠡᠯᠡᠪᠡ᠃

      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠰᠦᠷ

ᠵᠢᠪᠬᠤᠯᠠᠩᠲᠠᠢ ᠤᠯᠤᠰ ᠤᠨ ᠰᠦᠯᠳᠡ ᠳᠠᠭᠤᠤ ᠶᠢᠨ ᠳᠤᠮᠳᠠ ᠠᠮᠵᠢᠯᠲᠠ ᠲᠠᠢ ᠲᠡᠭᠦᠰᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ