ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠡᠯᠡᠳᠬᠡᠯ ᠬᠤᠷᠠᠯ ᠬᠢᠪᠠ  ᠱᠢ ᠲᠠᠢ ᠹᠧᠩ ᠬᠤᠷᠠᠯ ᠢ ᠡᠷᠭᠢᠯᠡᠵᠡᠶ
ᠨᠡᠶᠢᠲᠡᠯᠡᠭᠰᠡᠨ ᠴᠠᠭ᠄
2021/9/10
      9 ᠰᠠᠷ᠎ᠠ ᠶᠢᠨ 9 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠡᠯᠡᠳᠬᠡᠯ ᠬᠤᠷᠠᠯ ᠬᠢᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠢ ᠡᠷᠬᠢᠯᠡᠵᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠸᠠᠩ ᠪᠥᠸᠧ᠂ ᠯᠢᠶᠠᠨ ᠰᠤ᠋᠂ ᠵᠠᠩ ᠶᠤᠸᠠᠨ ᠵᠥᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃      ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠦᠯᠦᠭᠡᠯᠡᠭᠴᠢ ᠣᠲᠣ 534 ᠬᠦᠮᠦᠨ ᠪᠤᠢ᠂ ᠪᠡᠯᠡᠳᠬᠡᠯ ᠬᠤᠷᠠᠯ ᠳᠤ 511 ᠬᠦᠮᠦᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠵᠥᠪᠯᠡᠬᠦ ᠵᠦᠢᠯ ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ